8 ᠳ᠋ᠤᠭ᠋ᠠᠷ ᠰᠠᠷ᠎ᠠ ᠵᠢᠨ 31᠎ᠤ ᠡᠳᠦᠷ᠂ 《ᠲᠡᠭᠷᠢ ᠭᠠᠵᠠᠷ᠎ᠤᠨ ᠵᠢᠷᠤᠭ · ᠥᠪᠥᠷ ᠮᠣᠩᠭᠤᠯ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ)᠎ᠤᠨ ᠰᠢᠯᠵᠢᠮᠡᠯ ᠲᠠᠪᠴᠠᠩ᠎ᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠣᠯᠵᠤ᠂ ᠬᠡᠷᠡᠭᠯᠡᠭᠴᠢᠳ᠎ᠲᠤ ᠣᠨᠣᠪᠴᠢᠲᠠᠶ᠂ ᠡᠷᠬᠡ ᠰᠦᠷ᠎ᠲᠠᠢ᠂ ᠳᠥᠭᠦᠮ ᠳᠥᠲᠡ ᠰᠦᠯᠵᠢᠶᠡᠨ ᠳᠡᠭᠡᠷᠡᠬᠢ ᠭᠠᠵᠠᠷ ᠵᠦᠶ ᠵᠢᠨ ᠮᠡᠳᠡᠭᠡ ᠵᠠᠩᠭᠢ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢ ᠬᠠᠩᠭ᠋ᠠᠬᠤ ᠵᠢᠨ ᠲᠥᠯᠥᠭᠡ ᠶᠤᠮ᠃ ᠣᠯᠠᠨ ᠨᠡᠢ᠌ᠲᠡ᠎ᠪᠠᠷ ᠵᠶ᠋ᠠᠨ ᠸᠢᠴᠠᠲ᠎ᠠᠴᠠ 《ᠲᠩᠷᠢ ᠭᠠᠵᠠᠷ᠎ᠤᠨ ᠵᠢᠷᠤᠭ᠂ ᠥᠪᠥᠷ ᠮᠣᠩᠭᠣᠯ》 ᠭᠡᠵᠦ ᠡᠷᠢᠵᠦ᠂ ᠵᠢᠵᠢᠭ ᠫᠷᠣᠭ᠌ᠷᠠᠮ ᠢ ᠰᠣᠩᠭᠣᠪᠠᠯ ᠳᠠᠷᠤᠢ ᠬᠡᠷᠡᠭᠯᠡᠵᠦ ᠪᠣᠯᠤᠨ᠎ᠠ᠃

《ᠲᠡᠭᠷᠢ ᠭᠠᠵᠠᠷ᠎ᠤᠨ ᠵᠢᠷᠤᠭ · ᠥᠪᠥᠷ ᠮᠣᠩᠭᠤᠯ》 ᠰᠢᠯᠵᠢᠮᠡᠯ ᠲᠠᠪᠴᠠᠩ᠎ᠳᠤ ᠠᠷᠠᠳ᠎ᠲᠤ ᠲᠥᠬᠦᠮ ᠦᠵᠡᠭᠦᠯᠬᠦ ᠭᠠᠵᠠᠷ᠎ᠤᠨ ᠵᠢᠷᠤᠭ᠂ ᠵᠢᠷᠤᠭ᠎ᠤᠨ ᠲᠡᠭᠦᠪᠦᠷᠢ ᠵᠢ ᠳᠡᠯᠭᠡᠨ ᠦᠵᠡᠭᠦᠯᠬᠦ᠂ ᠪᠠᠷᠢᠮᠵᠢᠶᠠᠲᠤ ᠭᠠᠵᠠᠷ᠎ᠤᠨ ᠵᠢᠷᠤᠭ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠭᠠᠵᠠᠷ ᠵᠦᠶ ᠵᠢᠨ ᠮᠡᠳᠡᠯᠭᠡ᠂ ᠬᠡᠪᠯᠡᠯ᠎ᠤᠨ ᠰᠤᠷᠭ᠋ᠠᠨ ᠬᠥᠮᠦᠵᠢᠯ᠂ ᠰᠠᠨᠠᠯ᠎ᠤᠨ ᠬᠠᠷᠢᠭᠤ ᠲᠤᠰᠬᠠᠯ᠂ ᠬᠠᠷᠭᠤᠭᠤᠯᠤᠨ ᠪᠠᠶ᠋ᠢᠴᠠᠭ᠋ᠠᠵᠤ ᠳᠡᠭᠡᠭᠰᠢ ᠮᠡᠳᠡᠭᠦᠯᠬᠦ 8 ᠶᠡᠭᠡ ᠬᠡᠰᠡᠭ 70 ᠭᠠᠷᠤᠶ ᠵᠦᠢ᠍ᠯ ᠤᠨ ᠠᠭᠤᠯᠭ᠎ᠠ ᠵᠢ ᠪᠠᠭᠲᠠᠭ᠋ᠠᠵᠤ᠂ ᠣᠯᠠᠨ ᠨᠡᠶ᠋ᠢᠲᠡ᠎ᠳᠤ ᠲᠤᠭ᠎ᠠ ᠪᠠᠷᠢᠮᠲᠠ᠎ᠨᠢ ᠠᠮᠢᠳᠤ ᠴᠣᠪᠣᠭᠤᠯᠢᠭ᠂ ᠦᠢ᠍ᠯᠡᠴᠢᠯᠡᠭᠡᠨ᠎ᠢ ᠨᠢᠭᠡᠳᠦᠯᠲᠡᠶ᠂ ᠲᠤᠬᠠᠢ ᠵᠢᠨ ᠭᠠᠵᠠᠷ᠎ᠤᠨ ᠣᠨᠴᠠᠯᠢᠭ᠎ᠨᠢ ᠲᠣᠪᠤᠶ᠋ᠢᠮ᠎ᠠ᠂ ᠡᠬᠢ ᠪᠠᠶᠠᠯᠢᠭ᠎ᠨᠢ ᠡᠯᠪᠡᠭ ᠳᠡᠯᠪᠡᠭ 《ᠵᠢᠷᠤᠭ ᠵᠶ᠋ᠠᠷ ᠠᠷᠠᠳ᠎ᠲᠤ ᠠᠰᠢᠭ ᠬᠦᠷᠲᠡᠭᠡᠬᠦ》 ᠦᠢ᠍ᠯᠡᠴᠢᠯᠡᠭᠡᠨ ᠤ ᠣᠶ᠋ᠢᠯᠠᠭ᠋ᠠᠯᠲᠠ ᠵᠢ ᠬᠠᠩᠭ᠋ᠠᠪᠠ᠃ ᠰᠢᠯᠵᠢᠮᠡᠯ ᠲᠠᠪᠴᠠᠩ ᠵᠶ᠋ᠠᠷ ᠳᠠᠮᠵᠢᠭᠤᠯᠤᠨ᠂ ᠪᠥᠬᠦ ᠣᠷᠣᠨ᠎ᠤ ᠳᠠᠭ᠋ᠠᠭᠤᠯᠢ ᠣᠳᠣᠨ᠎ᠤ ᠳᠦᠷᠰᠦ ᠰᠢᠩᠭᠡᠭᠡᠯᠲᠡ᠂ ᠬᠤᠲᠠ ᠵᠢᠨ ᠵᠠᠮ᠂ ᠤᠰᠤᠨ ᠰᠢᠰᠲ᠋ᠧᠮ᠂ ᠵᠦᠯᠭᠡ ᠭᠠᠵᠠᠷ᠂ ᠰᠠᠭᠤᠭ᠋ᠠᠯᠢ ᠠᠷᠠᠳ᠎ᠤᠨ ᠭᠠᠵᠠᠷ ᠵᠡᠷᠭᠡ ᠭᠠᠵᠠᠷ ᠵᠦᠶ ᠵᠢᠨ ᠮᠡᠳᠡᠭᠡ ᠵᠠᠩᠭᠢ ᠵᠢᠨ ᠡᠯᠧᠮᠧᠨ᠋ᠲ᠎ᠢ ᠠᠮᠠᠷᠬᠠᠨ ᠵᠶ᠋ᠠᠷ ᠡᠷᠢᠵᠦ ᠪᠣᠯᠬᠤ᠎ᠪᠠᠷ ᠪᠠᠷᠠᠬᠤ ᠥᠬᠡᠶ᠂ ᠪᠠᠰᠠ ᠨᠢᠭᠡ ᠯᠡ ᠵᠢᠷᠤᠭ ᠵᠶ᠋ᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠠᠮ ᠱᠤᠭᠤᠮ᠂ ᠬᠤᠪᠢᠰᠬᠠᠯ᠎ᠤᠨ ᠵᠢᠭᠤᠯᠴᠢᠯᠠᠯ᠂ ᠦᠵᠡᠮᠵᠢᠲᠦ ᠣᠷᠣᠨ᠂ 《ᠮᠣᠩᠭᠤᠯ》 ᠥᠰᠥᠭ᠎ᠤᠨ ᠲᠡᠮᠳᠡᠭ᠎ᠲᠠᠢ ᠦᠢ᠍ᠯᠡᠳᠬᠦᠨ᠂ ᠭᠠᠵᠠᠷ ᠰᠢᠨᠵᠢᠯᠡᠭᠡᠨ᠎ᠤ ᠴᠡᠴᠡᠷᠯᠢᠭ᠂ ᠣᠶ ᠰᠢᠭᠤᠶ ᠵᠢᠨ ᠴᠡᠴᠡᠷᠯᠢᠭ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠡᠷᠢᠵᠦ᠂ ᠨᠢᠭᠡ ᠯᠡ ᠵᠠᠮᠴᠢᠯᠠᠭᠤᠷ ᠵᠶ᠋ᠠᠷ ᠲᠣᠰᠣ ᠨᠡᠮᠡᠬᠦ ᠥᠷᠲᠡᠭᠡ᠂ ᠴᠠᠬᠢᠯᠭ᠋ᠠᠨ ᠴᠡᠨᠡᠭᠯᠡᠬᠦ ᠱᠣᠩ᠂ ᠪᠣᠭᠤᠮᠲᠠ᠂ ᠨᠢᠰᠬᠡᠯ᠎ᠤᠨ ᠪᠠᠭᠤᠳᠠᠯ᠂ ᠭᠠᠯᠲᠤ ᠲᠡᠷᠭᠡᠨ ᠥᠷᠲᠡᠭᠡ ᠵᠡᠷᠭᠡ ᠭᠠᠵᠠᠷ᠎ᠲᠤ ᠬᠦᠷᠴᠦ᠂ ᠪᠠᠰᠠ ᠣᠳᠣᠬᠠᠨ᠎ᠤ ᠣᠯᠠᠨ ᠨᠡᠶ᠋ᠢᠲᠡ ᠵᠢᠨ ᠠᠩᠬᠠᠷᠴᠤ ᠪᠠᠶ᠋ᠢᠭ᠎ᠠ ᠬᠥᠬᠡᠬᠤᠲᠠ ᠵᠢᠨ ᠰᠦᠯᠵᠢᠶᠡᠨ ᠣᠳᠤ ᠵᠢᠨ ᠬᠠᠯᠠᠭᠤᠷᠠᠯ᠎ᠤᠨ ᠴᠡᠭ᠂ ᠬᠥᠬᠡᠬᠤᠲᠠ ᠵᠢᠨ ᠠᠮᠠᠷᠬᠠᠨ ᠤᠰᠤᠲᠤᠬᠤ ᠭᠠᠵᠠᠷ ᠵᠡᠷᠭᠡ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠠᠭᠤᠯᠭ᠎ᠠ ᠵᠢ ᠣᠨᠴᠠᠭ᠋ᠠᠶ᠋ᠢᠯᠠᠨ ᠳᠣᠭᠢᠷᠠᠭᠤᠯᠵᠤ᠂ ᠶᠠᠪᠤᠵᠤ ᠰᠠᠭᠤᠬᠤ᠂ ᠵᠤᠭ᠋ᠠᠴᠠᠨ ᠨᠠᠭ᠋ᠠᠳᠬᠤ᠎ᠳᠤ ᠵᠠᠮ ᠱᠤᠭᠤᠮ᠎ᠤᠨ ᠵᠢᠯᠣᠭᠤᠳᠣᠯᠭ᠎ᠠ ᠬᠠᠩᠭ᠋ᠠᠵᠤ᠂ 《ᠨᠢᠭᠡ ᠥᠷᠲᠡᠭᠡᠨ᠎ᠤ ᠮᠠᠶᠢᠭ》 ᠵᠶ᠋ᠠᠷ ᠬᠡᠷᠡᠭᠯᠡᠭᠴᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠪᠣᠯᠤᠨ᠎ᠠ᠃
ᠲᠣᠰ ᠤᠳᠠᠭ᠎ᠠ ᠰᠦᠯᠵᠢᠶᠡᠨ᠎ᠳᠤ ᠭᠠᠷᠭ᠋ᠠᠭᠰᠠᠨ ᠰᠢᠯᠵᠢᠮᠡᠯ ᠲᠠᠪᠴᠠᠩ᠎ᠨᠢ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡ᠂ ᠠᠮᠢ ᠠᠬᠤᠶ ᠵᠢᠨ ᠵᠢᠭᠤᠯᠴᠢᠯᠠᠯ ᠵᠡᠷᠭᠡ ᠬᠦᠷᠢᠶᠡᠨ᠎ᠳᠤ ᠠᠷᠠᠳ ᠣᠯᠠᠨ᠎ᠤ ᠠᠮᠢᠳᠤᠷᠠᠯ᠎ᠳᠤ ᠠᠰᠢᠭ ᠬᠦᠷᠲᠡᠭᠡᠬᠦ᠎ᠪᠠᠷ ᠪᠠᠷᠠᠬᠤ ᠥᠬᠡᠶ᠂ ᠪᠠᠰᠠ 《ᠲᠡᠭᠷᠢ ᠭᠠᠵᠠᠷ᠎ᠤᠨ ᠵᠢᠷᠤᠭ · ᠥᠪᠥᠷ ᠮᠣᠩᠭᠤᠯ》᠎ᠤᠨ ᠨᠢᠭᠡᠳᠦᠯᠲᠡᠶ ᠫᠤᠷᠲ᠋ᠧᠯ ᠰᠦᠯᠵᠢᠶ᠎ᠡ᠎ᠲᠠᠢ ᠵᠡᠷᠭᠡ᠎ᠪᠠᠷ ᠬᠤᠯᠪᠣᠯᠳᠤᠬᠤ ᠵᠢ ᠪᠡᠶᠡᠯᠡᠭᠦᠯᠦᠭᠰᠡᠨ ᠪᠥᠭᠡᠳ ᠤᠮᠠᠷᠠᠲᠤ ᠬᠢᠯᠢ ᠵᠢᠨ ᠡᠭᠦᠯᠡᠨ ᠵᠠᠶ᠎ᠲᠠᠢ ᠬᠠᠮᠲᠤ᠎ᠪᠠᠷ ᠬᠦᠴᠦᠯᠡᠵᠦ᠂ ᠨᠡᠶ᠋ᠢᠭᠡᠮ᠎ᠤᠨ ᠬᠠᠮᠢᠶᠠᠷᠤᠯᠲᠠ᠎ᠳᠤ ᠥᠨᠳᠥᠷ ᠪᠦᠲᠦᠮᠵᠢᠲᠡᠶ ᠴᠠᠭ ᠲᠤᠬᠠᠶ᠎ᠳᠤᠨᠢ ᠰᠠᠭᠤᠷᠢᠯᠠᠬᠤ ᠴᠢᠨᠠᠷᠲᠠᠶ᠂ ᠲᠤᠯᠭ᠋ᠠᠭᠤᠷᠢᠯᠠᠬᠤ ᠴᠢᠨᠠᠷᠲᠠᠶ ᠦᠢ᠍ᠯᠡᠴᠢᠯᠡᠭᠡ ᠬᠠᠩᠭ᠋ᠠᠭᠰᠠᠨ ᠪᠠᠶ᠋ᠢᠨ᠎ᠠ᠃
ᠲᠣᠰ ᠰᠢᠯᠵᠢᠮᠡᠯ ᠲᠠᠪᠴᠠᠩ᠎ᠢ ᠰᠦᠯᠵᠢᠶᠡᠨ᠎ᠳᠤ ᠣᠷᠣᠭᠤᠯᠤᠨ ᠠᠵᠢᠯᠯᠠᠭᠤᠯᠤᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠶ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠬᠡᠷᠡᠭᠯᠡᠭᠴᠢᠳ᠎ᠤᠨ ᠲᠠᠯ᠎ᠠ᠎ᠪᠠᠷ᠎ᠬᠢ ᠬᠦᠷᠦᠯᠴᠡᠬᠦ ᠥᠬᠡᠶ ᠲᠠᠯ᠎ᠠ ᠵᠢ ᠪᠦᠲᠦᠮᠵᠢᠲᠡᠶ ᠨᠥᠬᠦᠪᠥᠷᠢᠯᠡᠪᠡ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠦᠷᠭᠦᠯᠵᠢᠯᠡᠨ ᠳᠥᠭᠦᠮ ᠳᠥᠲᠡ ᠦᠢ᠍ᠯᠡᠴᠢᠯᠡᠭᠡ᠎ᠪᠠᠷ ᠬᠠᠷᠠᠯᠲᠠ ᠤᠳᠤᠷᠢᠳᠤᠮᠵᠢ ᠪᠣᠯᠭ᠋ᠠᠵᠤ᠂ ᠳᠦᠷᠰᠦ ᠰᠢᠩᠭᠡᠭᠡᠯᠲᠡ ᠵᠢᠨ ᠲᠤᠭ᠎ᠠ ᠪᠠᠷᠢᠮᠲᠠ ᠵᠢ ᠰᠢᠨᠡᠳᠬᠡᠨ ᠲᠡᠭᠦᠯᠳᠡᠷᠵᠢᠭᠦᠯᠬᠦ ᠵᠢ ᠴᠢᠩᠭ᠋ᠠᠳᠬᠠᠵᠤ᠂ ᠭᠠᠵᠠᠷ ᠵᠦᠶ ᠵᠢᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠠ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠪᠠ ᠨᠡᠶ᠋ᠢᠭᠡᠮ ᠠᠵᠤ ᠠᠬᠤᠶ ᠵᠢᠨ ᠬᠥᠭᠵᠢᠯᠲᠡ᠎ᠳᠤ ᠰᠠᠭᠤᠷᠢ ᠬᠡᠮᠵᠢᠨ ᠵᠢᠷᠤᠭᠯᠠᠯᠲᠠ ᠵᠢᠨ ᠦᠷ᠎ᠡ ᠪᠦᠲᠦᠭᠡᠯ᠎ᠤᠨ ᠲᠤᠯᠭ᠋ᠠᠭᠤᠷᠢᠯᠠᠯ ᠪᠠ ᠭᠠᠵᠠᠷ ᠵᠦᠶ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ ᠤ ᠪᠠᠲᠤᠯᠠᠭ᠎ᠠ ᠵᠢ ᠦᠷᠭᠦᠯᠵᠢᠯᠡᠨ ᠬᠠᠩᠭ᠋ᠠᠨ᠎ᠠ᠃

ᠲᠡᠭᠷᠢ ᠭᠠᠵᠠᠷ᠎ᠤᠨ ᠵᠢᠷᠤᠭ · ᠥᠪᠥᠷ ᠮᠣᠩᠭᠤᠯ᠎ᠤᠨ ᠰᠢᠯᠵᠢᠮᠡᠯ ᠲᠠᠪᠴᠠᠩ᠎ᠤᠨ ᠬᠡᠰᠡᠭ ᠴᠢᠳᠠᠮᠵᠢ᠎ᠨᠢ ᠣᠭᠲᠤᠯᠠᠪᠤᠷᠢ ᠵᠢᠷᠤᠭ ᠠᠪᠴᠤ ᠪᠣᠯᠣᠨ᠎ᠠ