ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠪᠤᠬ᠎ᠠ ᠵᠢᠨ ᠡᠯᠡᠰᠦᠨ ᠴᠦᠯ᠎ᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠨᠢ ᠤᠯᠤᠰ᠎ᠤᠨ ᠠᠭᠤᠯᠠ ᠤᠰᠤᠨ᠎ᠤ ᠢᠨᠵᠧᠨᠧᠷᠢᠩ᠎ᠤᠨ ᠰᠢᠯᠢᠳᠡᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠪᠡ
2023-10-16

  10  ᠳ᠋ᠤᠭ᠋ᠠᠷ ᠰᠠᠷ᠎ᠠ ᠵᠢᠨ 10᠎ᠤ ᠡᠳᠦᠷ᠎ᠠᠴᠠ 11᠎ᠤ ᠡᠳᠦᠷ ᠪᠣᠯᠲᠠᠯ᠎ᠠ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠠᠮᠢ ᠠᠬᠤᠶ ᠣᠷᠴᠢᠨ ᠲᠣᠭᠤᠷᠢᠨ᠎ᠤ ᠶᠠᠮᠤᠨ ᠪᠡᠭᠡᠵᠢᠩ᠎ᠳᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠡᠷᠭᠦᠭᠡᠬᠦ ᠢᠨᠵᠧᠨᠧᠷᠢᠩ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠪᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠰᠤᠷᠤᠯᠴᠠᠨ ᠣᠶ᠋ᠢᠯᠠᠭ᠋ᠠᠵᠤ᠂ ᠪᠥᠬᠦ ᠤᠯᠤᠰ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠠᠵᠢᠯ᠎ᠤᠨ ᠲᠤᠷᠰᠢᠯᠭ᠎ᠠ᠎ᠪᠠᠨ ᠰᠣᠯᠢᠯᠴᠠᠨ᠂ ᠣᠳᠣᠬᠠᠨ᠎ᠤ ᠰᠢᠨ᠎ᠡ ᠪᠠᠶ᠋ᠢᠳᠠᠯ᠂ ᠰᠢᠨ᠎ᠡ ᠡᠭᠦᠷᠭᠡ ᠵᠢ ᠵᠠᠳᠠᠯᠵᠤ᠂ ᠲᠠᠷᠠᠭ᠋ᠠᠴᠢ ᠵᠢᠨ ᠱᠠᠲᠤᠨ᠎ᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ ᠬᠥᠮᠦᠨ ᠲᠣᠮᠢᠯᠠᠨ ᠬᠤᠷᠠᠯ᠎ᠳᠤ ᠣᠷᠣᠯᠴᠠᠭᠤᠯᠬᠤ ᠵᠢᠨ ᠬᠠᠮᠲᠤ ᠰᠠᠨᠠᠯ ᠵᠶ᠋ᠠᠨ ᠰᠣᠯᠢᠯᠴᠠᠬᠤ ᠨᠡᠶ᠋ᠢᠲᠡᠯᠢᠭ ᠶᠠᠷᠢᠶ᠎ᠠ ᠲᠠᠯᠪᠢᠪᠠ᠃

   ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠠᠮᠢ ᠠᠬᠤᠶ ᠣᠷᠴᠢᠨ ᠲᠣᠭᠤᠷᠢᠨ᠎ᠤ ᠶᠠᠮᠤᠨ ᠠᠭᠤᠯᠠ ᠤᠰᠤᠨ᠎ᠤ ᠢᠨᠵᠧᠨᠧᠷᠢᠩ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠵᠦ᠂ ᠭᠤᠷᠪᠠᠨ ᠪᠦᠯᠦᠭ ᠬᠤᠪᠢᠶᠠᠨ ᠳᠡᠮᠵᠢᠵᠦ 25 ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠬᠡᠷᠡᠭᠵᠢᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠠᠭᠤᠯᠠ ᠤᠰᠤᠨ᠎ᠤ ᠢᠨᠵᠧᠨᠧᠷᠢᠩ᠎ᠢ ᠬᠡᠷᠡᠭᠵᠢᠭᠦᠯᠬᠦ ᠵᠢ ᠦᠷᠭᠦᠯᠵᠢᠯᠡᠨ ᠳᠡᠮᠵᠢᠵᠦ᠂ ᠣᠳᠣᠬᠠᠨ᠎ᠳᠤ ᠨᠢᠭᠡᠨᠲᠡ 27 ᠲᠥᠷᠥᠯ ᠵᠦᠢ᠍ᠯ᠎ᠢ ᠬᠡᠷᠡᠭᠵᠢᠭᠦᠯᠬᠦ ᠵᠢ ᠳᠡᠮᠵᠢᠪᠡ᠃ ᠣᠲᠣ ᠪᠣᠯᠲᠠᠯ᠎ᠠ᠂ ᠭᠤᠷᠪᠠᠨ ᠰᠠᠯᠠᠭ᠎ᠠ ᠮᠥᠴᠢᠷ ᠨᠡᠶ᠋ᠢᠲᠡ ᠵᠢᠷᠭᠤᠭ᠋ᠠᠨ ᠪᠦᠯᠦᠭ 52 ᠠᠭᠤᠯᠠ ᠤᠰᠤᠨ᠎ᠤ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠵᠦ᠂ ᠨᠡᠶ᠋ᠢᠲᠡ 5000 ᠭᠠᠷᠤᠶ ᠲᠥᠷᠥᠯ ᠵᠦᠢ᠍ᠯ᠎ᠢ ᠥᠷᠨᠢᠭᠦᠯᠵᠦ᠂ 2600 ᠭᠠᠷᠤᠶ ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠪᠡ ᠭᠡᠵᠡᠢ᠃


10.16-1.png


   ᠬᠤᠷᠠᠯ᠎ᠠᠴᠠ ᠪᠠᠰᠠ ᠠᠭᠤᠯᠠ ᠤᠰᠤᠨ᠎ᠤ ᠢᠨᠵᠧᠨᠧᠷᠢᠩ᠎ᠤᠨ ᠠᠩᠬᠠᠳᠤᠭ᠋ᠠᠷ ᠪᠦᠯᠦᠭ᠎ᠤᠨ 15 ᠰᠢᠯᠢᠳᠡᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠎ᠨᠢ ᠰᠢᠯᠢᠳᠡᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠦᠨᠡᠯᠡᠭᠳᠡᠪᠡ᠃

   ᠪᠠᠶᠠᠨᠨᠠᠭᠤᠷ ᠬᠤᠲᠠ ᠵᠢᠨ ᠬᠢᠯᠢ ᠳᠣᠲᠣᠷᠠᠬᠢ ᠤᠯᠠᠭ᠋ᠠᠨᠪᠤᠬ᠎ᠠ ᠵᠢᠨ ᠡᠯᠡᠰᠦ ᠪᠣᠯ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠳᠡᠭᠡᠳᠦ ᠤᠷᠤᠰᠬᠠᠯ᠎ᠤᠨ ᠡᠬᠢ ᠰᠤᠷᠪᠤᠯᠵᠢ ᠪᠠᠢ᠌ᠵᠤ ᠂ ᠬᠠᠲᠤᠨ ᠭᠤᠣᠯ᠎ᠤᠨ ᠰᠠᠪᠠ ᠭᠠᠵᠠᠷ᠎ᠤᠨ ᠣᠷᠭ᠋ᠠᠨᠢᠭ ᠪᠦᠷᠢᠯᠳᠦᠬᠦᠨ ᠬᠡᠰᠡᠭ ᠪᠣᠯᠬᠤ ᠪᠥᠭᠡᠳ ᠪᠠᠰᠠ ᠴᠤ᠌ ᠮᠠᠨ᠎ᠤ ᠤᠯᠤᠰ᠎ᠤᠨ ᠨᠠᠢ᠍ᠮᠠᠨ ᠶᠡᠭᠡ ᠡᠯᠡᠰᠦᠨ ᠴᠥᠯ᠎ᠤᠨ ᠨᠢᠭᠡ ᠪᠣᠯᠬᠤ ᠶᠤᠮ᠃ ᠤᠯᠠᠭ᠋ᠠᠨᠪᠤᠬ᠎ᠠ ᠡᠯᠡᠰᠦ ᠵᠢ ᠰᠠᠶ᠋ᠢᠲᠤᠷ ᠬᠠᠮᠠᠭ᠋ᠠᠯᠠᠨ ᠵᠠᠰᠠᠬᠤ᠎ᠨᠢ ᠤᠯᠤᠰ᠎ᠤᠨ ᠠᠮᠢ ᠠᠬᠤᠢ ᠵᠢᠨ ᠬᠠᠯᠬᠠᠪᠴᠢ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ᠂ ᠪᠠᠷᠠᠭᠤᠨ᠎ᠤ ᠡᠯᠡᠰᠦ ᠵᠢ ᠵᠡᠭᠦᠨᠰᠢ ᠰᠢᠯᠵᠢᠬᠦ ᠵᠢ ᠬᠤᠷᠢᠭᠯᠠᠬᠤ᠂ ᠬᠠᠳᠤᠨ ᠭᠤᠣᠯ ᠵᠢᠴᠢ ᠤᠮᠠᠷᠠᠲᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃

   ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ ᠪᠣᠯ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠴᠡᠭ᠎ᠤᠨ ᠢᠨᠵᠧᠨᠧᠷᠢᠩ᠎ᠤᠨ ᠲᠤᠯᠤᠭ᠋ᠠᠨ ᠶᠡᠭᠡ ᠲᠦᠷᠦᠯ᠎ᠤᠨ ᠢᠨᠵᠧᠨᠧᠷᠢᠩ᠎ᠤᠨ ᠨᠢᠭᠡ ᠪᠣᠯᠤᠨ᠎ᠠ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠤᠨ ᠠᠮᠢ ᠠᠬᠤᠢ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ ᠭᠡᠵᠦ ᠬᠤᠶᠠᠷ ᠬᠡᠰᠡᠭ ᠬᠤᠪᠢᠶᠠᠨ᠎ᠠ᠃ ᠲᠥᠷᠥᠯ ᠵᠦᠢ᠍ᠯ᠎ᠤᠨ ᠲᠣᠭᠤᠷᠢᠭ᠎ᠨᠢ ᠭᠤᠤᠯᠳᠠᠭᠤ ᠤᠯᠠᠭ᠋ᠠᠨᠪᠤᠬ᠎ᠠ ᠵᠢᠨ ᠡᠯᠡᠰᠦᠨ ᠴᠦᠯ᠎ᠤᠨ ᠯᠢᠦ ᠭᠤᠸᠠᠢ ᠡᠯᠡᠰᠦᠨ ᠮᠠᠩᠬᠠᠨ᠎ᠳᠤ ᠪᠠᠶ᠋ᠢᠷᠢᠯᠠᠵᠤ᠂ ᠵᠡᠭᠦᠨ ᠡᠮᠦᠨᠡᠰᠢ᠎ᠪᠠᠨ ᠬᠠᠲᠤᠨ ᠭᠤᠤᠯ᠎ᠤᠨ ᠪᠠᠷᠠᠭᠤᠨ ᠡᠷᠭᠢ᠎ᠲᠠᠢ ᠵᠠᠯᠭ᠋ᠠᠯᠳᠤᠵᠤ᠂ ᠢᠨᠵᠧᠨᠧᠷᠢᠩ᠎ᠤᠨ ᠵᠠᠰᠠᠯᠲᠠ ᠵᠢᠨ ᠶᠡᠷᠦᠩᠬᠡᠶ ᠲᠠᠯᠠᠪᠠᠶ᠎ᠨᠢ 7 ᠲᠦᠮᠡᠨ ᠮᠥ᠍ ᠪᠠᠶ᠋ᠢᠵᠤ᠂ ᠲᠥᠷᠥᠯ ᠵᠦᠢ᠍ᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 6.43 ᠳ᠋ᠦᠩᠰᠢᠭᠤᠷ ᠲᠥᠭᠦᠷᠢᠭ᠎ᠲᠤ ᠬᠦᠷᠴᠡᠶ᠃ ᠡᠭᠦᠨ᠎ᠳᠤ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ᠎ᠳᠤ᠄ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠣᠶ ᠰᠢᠭᠤᠶ ᠵᠢᠨ ᠲᠠᠯᠠᠪᠠᠶ ᠵᠢᠨ ᠬᠢᠯᠢ ᠳᠣᠲᠣᠷ᠎ᠠ ᠲᠤᠳᠤᠷᠭ᠋ᠠᠨ ᠰᠦᠷᠡᠯ ᠵᠡᠷᠭᠡ ᠡᠯᠡᠰᠦ ᠵᠢ ᠲᠣᠭᠲᠠᠪᠤᠷᠢᠵᠢᠭᠤᠯᠤᠨ ᠣᠶ᠋ᠢᠵᠢᠭᠤᠯᠬᠤ ᠠᠵᠢᠯ᠎ᠢ 4 ᠲᠦᠮᠡᠨ ᠮᠥ᠍ ᠬᠡᠷᠡᠭᠵᠢᠭᠦᠯᠵᠦ᠂ ᠵᠠᠭ ᠵᠠᠶ᠋ᠢᠯᠠᠬᠤ ᠵᠢᠨ ᠬᠠᠮᠲᠤ ᠴᠠᠭ᠋ᠠᠨ ᠭᠤᠶᠣᠣ 3.9 ᠲᠦᠮᠡᠨ ᠮᠥ᠍᠂ ᠴᠡᠴᠡᠭᠲᠦ ᠰᠢᠳᠠᠮ ᠲᠠᠷᠢᠬᠤ ᠵᠡᠷᠭᠡ ᠪᠤᠰᠤᠳ ᠡᠯᠡᠰᠦᠨ᠎ᠤ ᠲᠥᠷᠥᠯ᠎ᠤᠨ ᠪᠣᠳᠠ ᠮᠣᠳᠣ ᠵᠢᠴᠢ ᠠᠳᠠᠯᠢ ᠪᠤᠰᠤ ᠲᠥᠷᠥᠯ᠎ᠤᠨ ᠡᠯᠡᠰᠦᠨ ᠰᠠᠭ᠋ᠠᠳ᠎ᠢ 0.1 ᠲᠦᠮᠡᠨ ᠮᠥ᠍ ᠳᠡᠯᠭᠡᠨ ᠦᠵᠡᠭᠦᠯᠬᠦ ᠵᠢᠨ ᠬᠠᠮᠲᠤ ᠲᠥᠷᠥᠯ ᠵᠦᠢ᠍ᠯ᠎ᠤᠨ ᠣᠷᠣᠨ᠎ᠤ ᠡᠷᠬᠢᠨ ᠲᠣᠭᠤᠷᠢᠨ᠎ᠤ ᠤᠷᠭᠤᠮᠠᠯ᠎ᠤᠨ ᠬᠤᠴᠢᠯᠭ᠎ᠠ ᠵᠢ ᠨᠦᠬᠦᠨ ᠳᠠᠷᠢᠵᠤ᠂ ᠢᠨᠵᠧᠨᠧᠷᠢᠩ᠎ᠤᠨ ᠪᠠᠯᠠ ᠣᠷᠣᠭᠤᠯᠤᠯᠲᠠ᠎ᠨᠢ 4.86 ᠳ᠋ᠦᠩᠰᠢᠭᠤᠷ ᠲᠥᠭᠦᠷᠢᠭ ᠪᠣᠯᠤᠨ᠎ᠠ᠃ ᠠᠮᠢ ᠠᠬᠤᠶ ᠵᠢᠨ ᠰᠡᠷᠭᠦᠭᠡᠯᠲᠡ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠭᠤᠯᠭ᠎ᠠ᠎ᠳᠤ᠄ ᠪᠠᠶᠠᠨᠭᠤᠤᠯ ᠪᠠᠯᠭ᠋ᠠᠰᠤ᠂ ᠡᠯᠡᠰᠦ ᠵᠢ ᠰᠡᠷᠭᠡᠶ᠋ᠢᠯᠡᠬᠦ ᠣᠶ ᠰᠢᠭᠤᠶ ᠵᠢᠨ ᠲᠠᠯᠠᠪᠠᠶ᠂ ᠱᠠᠵᠢᠨᠳᠤᠬᠤᠢ ᠰᠤᠮᠤ᠂ ᠡᠯᠡᠰᠦᠨ ᠣᠶ ᠵᠢᠨ ᠲᠥᠪ ᠵᠡᠷᠭᠡ ᠬᠢᠯᠢ ᠳᠣᠲᠣᠷᠠᠬᠢ ᠤᠤᠯ᠎ᠤᠨ ᠪᠠᠶ᠋ᠢᠭᠰᠠᠨ 3 ᠲᠦᠮᠡᠨ ᠮᠥ᠍ ᠵᠠᠭ᠎ᠤᠨ ᠣᠶ᠎ᠳᠤ ᠡᠯᠡᠰᠦ ᠵᠢ ᠵᠠᠰᠠᠵᠤ ᠪᠣᠶ᠋ᠢᠵᠢᠭᠤᠯᠬᠤ᠂ ᠲᠥᠬᠦᠭᠡᠷᠦᠮᠵᠢ ᠵᠢ ᠢᠵᠢ ᠪᠦᠷᠢᠳᠦᠭᠦᠯᠬᠦ ᠵᠢ ᠲᠡᠭᠦᠯᠳᠡᠷᠵᠢᠭᠦᠯᠬᠦ ᠵᠢᠨ ᠬᠠᠮᠲᠤ ᠴᠠᠭ᠋ᠠᠨ ᠭᠤᠶᠣᠣ ᠳᠠᠷᠢᠵᠤ᠂ ᠢᠨᠵᠧᠨᠧᠷᠢᠩ᠎ᠤᠨ ᠪᠠᠯᠠ ᠣᠷᠣᠭᠤᠯᠤᠯᠲᠠ 1.57 ᠳ᠋ᠦᠩᠰᠢᠭᠤᠷ ᠲᠥᠭᠦᠷᠢᠭ᠎ᠲᠤ ᠬᠦᠷᠴᠡᠶ᠃


10.16-2.jpg


   ᠰᠡᠭᠦᠳᠡᠷ 1᠄ 2022 ᠣᠨ᠎ᠤ 5 ᠳ᠋ᠤᠭ᠋ᠠᠷ ᠰᠠᠷ᠎ᠠ᠎ᠳᠤ ᠵᠠᠭ ᠴᠠᠭ᠋ᠠᠨ ᠭᠤᠶᠣᠣ ᠲᠠᠷᠢᠪᠠ

   ᠪᠠᠶᠠᠨᠨᠠᠭᠤᠷ ᠬᠤᠲᠠ᠎ᠨᠢ ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠵᠢ  ᠶᠡᠬᠡ ᠬᠦᠴᠦᠨ ᠵᠶ᠋ᠡᠷ  ᠬᠡᠷᠡᠭᠵᠢᠭᠦᠯᠵᠦ᠂ ᠤᠯᠤᠰ᠎ᠤᠨ ᠡᠯᠡᠰᠦ ᠵᠢ ᠰᠡᠷᠭᠡᠶ᠋ᠢᠯᠡᠨ ᠡᠯᠡᠰᠦ ᠵᠢ ᠵᠠᠰᠠᠬᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠣᠷᠣᠨ᠎ᠢ ᠲᠦᠷᠭᠡᠳᠬᠡᠨ ᠪᠠᠶ᠋ᠢᠭᠤᠯᠵᠤ᠂ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠬᠤ ᠠᠵᠢᠯ᠎ᠢ ᠢᠳᠡᠪᠬᠢᠲᠡᠶ᠎ᠪᠠᠷ ᠥᠷᠨᠢᠭᠦᠯᠪᠡ᠃ 2020 ᠤᠨ᠎ᠤ 10 ᠳ᠋ᠤᠭ᠋ᠠᠷ ᠰᠠᠷ᠎ᠠ᠎ᠳᠤ᠂ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠠᠴᠠ ᠳᠥᠷᠪᠡᠳᠦᠭᠡᠷ ᠪᠦᠯᠦᠭ᠎ᠤᠨ ᠪᠦᠬᠦ ᠤᠯᠤᠰ᠎ᠤᠨ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠲᠤ ᠣᠯᠭᠤᠵᠠᠢ᠃

   ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠪᠠᠷ ᠳᠡᠮᠵᠢᠨ᠂ ᠤᠯᠠᠭ᠋ᠠᠨᠪᠤᠬ᠎ᠠ ᠵᠢᠨ ᠬᠦᠨᠳᠦ ᠨᠣᠴᠢᠲᠠᠶ ᠡᠯᠡᠰᠦᠷᠬᠡᠭᠵᠢᠭᠰᠡᠨ ᠡᠯᠡᠰᠦᠨ ᠴᠥᠯ᠎ᠤᠨ ᠡᠵᠡᠯᠡᠬᠦ ᠬᠠᠷᠢᠴᠠᠯ᠎ᠢ 2017 ᠣᠨ᠎ᠤ 23.7% ᠪᠠᠶ᠋ᠢᠭᠰᠠᠨ᠎ᠠᠴᠠ 21.8% ᠪᠣᠯᠭ᠋ᠠᠨ ᠪᠠᠭᠤᠷᠠᠭᠤᠯᠵᠤ᠂ ᠠᠮᠢ ᠠᠬᠤᠶ ᠵᠢᠨ ᠣᠷᠴᠢᠨ ᠲᠣᠭᠤᠷᠢᠨ ᠢᠯᠡᠳᠲᠡ ᠰᠠᠶ᠋ᠢᠵᠢᠷᠠᠪᠠ᠃ ᠡᠭᠦᠨ᠎ᠤ ᠬᠠᠮᠲᠤ᠂ ᠴᠠᠭ᠋ᠠᠨ ᠭᠤᠶᠣᠣ ᠵᠢᠨ ᠲᠠᠷᠢᠯᠭ᠎ᠠ ᠬᠢᠬᠦ ᠵᠢ ᠳᠠᠭ᠋ᠠᠯᠳᠤᠨ᠂ ᠡᠯᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢ ᠪᠤᠵᠠᠭ᠋ᠠᠶ᠋ᠢᠷᠠᠭᠤᠯᠤᠭᠰᠠᠨ ᠪᠥᠭᠡᠳ ᠠᠷᠠᠳ ᠣᠯᠠᠨ᠎ᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠵᠢ ᠪᠦᠲᠦᠮᠵᠢᠲᠡᠶ ᠳᠠᠶ᠋ᠢᠴᠢᠯᠠᠵᠤ᠂ ᠤᠯᠠᠭ᠋ᠠᠨᠪᠤᠬ᠎ᠠ ᠵᠢᠨ ᠡᠯᠡᠰᠦᠷᠬᠡᠭ ᠣᠷᠣᠨ ᠠᠮᠢ ᠠᠬᠤᠶ ᠵᠢᠨ ᠵᠠᠰᠠᠯᠲᠠ ᠵᠢᠨ ᠠᠵᠤ ᠦᠶ᠋ᠢᠯᠡᠰᠵᠢᠯᠲᠡ᠂ ᠠᠵᠤ ᠦᠢ᠍ᠯᠡᠰ᠎ᠤᠨ ᠬᠥᠭᠵᠢᠯᠲᠡ ᠵᠢᠨ ᠠᠮᠢ ᠠᠬᠤᠶ᠋ᠢᠵᠢᠯᠲᠠ ᠵᠢᠨ ᠪᠦᠲᠦᠮᠵᠢᠲᠡᠶ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ ᠭᠠᠷᠭ᠋ᠠᠭᠰᠠᠨ ᠪᠠᠶ᠋ᠢᠨ᠎ᠠ᠃


10.16-3.jpg


   ᠰᠡᠭᠦᠳᠡᠷ 2 ᠄ ᠤᠯᠠᠭ᠋ᠠᠨᠪᠤᠬ᠎ᠠ ᠵᠢᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ ᠢᠨᠵᠧᠨᠧᠷᠢᠩ ᠨᠢᠭᠡ᠂ ᠬᠤᠶᠠᠷ ᠭᠠᠵᠠᠷ᠎ᠤᠨ ᠡᠯᠡᠰᠦᠨ ᠴᠦᠯ᠎ᠢ ᠵᠠᠰᠠᠨ ᠴᠡᠭᠴᠡᠯᠡᠬᠦ᠎ᠠᠴᠠ ᠡᠮᠦᠨ᠎ᠡ


10.16-4.jpg


   ᠰᠡᠭᠦᠳᠡᠷ 3 ᠄ ᠤᠯᠠᠭ᠋ᠠᠨᠪᠤᠬ᠎ᠠ ᠵᠢᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢᠱ᠌ᠢᠶ᠎ᠡ ᠦᠵᠡᠭᠦᠯᠬᠦ ᠢᠨᠵᠧᠨᠧᠷᠢᠩ ᠨᠢᠭᠡ᠂ ᠬᠤᠶᠠᠷ ᠭᠠᠵᠠᠷ᠎ᠤᠨ ᠡᠯᠡᠰᠦᠨ ᠬᠠᠯᠬᠠᠪᠴᠢ ᠭᠠᠷᠭ᠋ᠠᠵᠤ ᠵᠠᠰᠠᠭᠰᠠᠨ᠎ᠤ ᠳᠠᠷᠠᠭ᠎ᠠ

   ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠪᠣᠯᠤᠨ ᠴᠢᠩ ᠰᠡᠳᠬᠢᠯ᠎ᠤᠨ ᠬᠦᠰᠡᠯ ᠡᠷᠡᠮᠡᠯᠵᠡᠯ᠎ᠢ ᠦᠨᠡᠨ ᠬᠦ᠌ ᠮᠠᠨ᠎ᠤ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠤᠭ᠋ᠠᠨ ᠤᠷᠳᠤ ᠴᠠᠭ᠋ᠠᠨ ᠬᠡᠷᠡᠮ᠎ᠢ ᠪᠠᠶ᠋ᠢᠭᠤᠯᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠵᠤ᠂ 《ᠪᠦᠬᠦᠯᠢ ᠴᠣᠭᠴᠠ ᠵᠢᠨ ᠲᠥᠯᠥᠪᠵᠢᠭᠦᠯᠭᠡ᠂ ᠶᠡᠷᠦᠩᠬᠡᠢ ᠵᠢᠷᠤᠭ ᠲᠥᠯᠥᠪᠯᠡᠭᠡ᠂ ᠬᠤᠭᠤᠴᠠᠭ᠎ᠠ ᠬᠤᠪᠢᠶᠠᠨ ᠪᠠᠶ᠋ᠢᠷᠢᠯᠠᠭᠤᠯᠬᠤ᠂ ᠬᠡᠰᠡᠭ ᠬᠤᠪᠢᠶᠠᠨ ᠬᠡᠷᠡᠭᠵᠢᠭᠦᠯᠬᠦ》 ᠰᠡᠳᠭᠢᠮᠵᠢ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ᠎ᠤ ᠣᠷᠣᠨ᠎ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠨ ᠰᠡᠷᠭᠦᠭᠡᠬᠦ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ