ᠥᠪᠥᠷ ᠮᠣᠩᠭᠣᠯ᠎ᠤᠨ ᠤᠯᠤᠰ᠎ᠤᠨ ᠨᠤᠲᠤᠭ ᠳᠡᠪᠢᠰᠬᠡᠷ᠎ᠢ ᠪᠠᠢ᠌ᠴᠠᠭ᠋ᠠᠬᠤ ᠡᠭᠦᠯᠡᠨ ᠪᠣᠳᠤᠯᠲᠠ ᠵᠢᠨ V2.0 ᠬᠡᠪᠯᠡᠯ᠎ᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠵᠤ ᠠᠵᠢᠯᠯᠠᠭᠤᠯᠤᠯ᠎ᠠ
2023-09-20

  9 ᠳ᠋ᠦ᠍ᠭᠡᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠤᠯᠤᠰ᠎ᠤᠨ ᠨᠤᠲᠤᠭ ᠳᠡᠪᠢᠰᠬᠡᠷ᠎ᠢ ᠪᠠᠢ᠌ᠴᠠᠭ᠋ᠠᠬᠤ ᠡᠭᠦᠯᠡᠨ ᠪᠣᠳᠤᠯᠲᠠ ᠵᠢᠨ V2.0  ᠬᠡᠪᠯᠡᠯ᠎ᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠵᠤ ᠠᠵᠢᠯᠯᠠᠭᠤᠯᠤᠯ᠎ᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠢᠨ ᠶᠠᠨ ᠫᠢᠩ ᠰᠦᠯᠵᠢᠶᠡᠨ᠎ᠳᠤ ᠭᠠᠷᠭ᠋ᠠᠬᠤ ᠠᠵᠢᠯᠯᠠᠭ᠋ᠠᠨ᠎ᠤ ᠶᠣᠰᠣᠯᠠᠯ᠎ᠢ ᠡᠬᠢᠯᠡᠭᠦᠯᠵᠦ᠂ ᠲᠢᠩᠬᠢᠮ ᠪᠠᠢ᠌ᠭᠤᠯᠭ᠎ᠠ ᠵᠢᠨ ᠡᠯ᠎ᠡ ᠭᠠᠵᠠᠷ ᠭᠡᠷ ᠲᠣᠪᠴᠢᠶ᠎ᠠ᠂ ᠲᠢᠩᠬᠢᠮ᠎ᠤᠨ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ᠂ ᠡᠯ᠎ᠡ ᠠᠢ᠌ᠮᠠᠭ ᠬᠣᠲᠠ ᠬᠣᠰᠢᠭᠤ ᠰᠢᠶᠠᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠵᠢᠴᠢ ᠲᠤᠬᠠᠢ᠌ᠯᠠᠭᠰᠠᠨ ᠠᠵᠢᠯ᠎ᠤᠨ ᠮᠡᠷᠭᠡᠵᠢᠯᠲᠡᠨ ᠶᠣᠰᠣᠯᠠᠯ᠎ᠳᠤ ᠣᠷᠣᠯᠴᠠᠵᠠᠢ᠃

   ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠭᠰᠠᠨ 《ᠥᠪᠥᠷ ᠮᠣᠩᠭᠣᠯ᠎ᠤᠨ ᠤᠯᠤᠰ᠎ᠤᠨ ᠨᠤᠲᠤᠭ ᠳᠡᠪᠢᠰᠭᠡᠷ᠎ᠢ ᠪᠠᠢ᠌ᠴᠠᠭ᠋ᠠᠬᠤ ᠡᠭᠦᠯᠡ》᠎ᠳᠤ᠂ ᠤᠯᠤᠰ᠎ᠤᠨ ᠨᠤᠲᠤᠭ ᠳᠡᠪᠢᠰᠭᠡᠷ᠎ᠤᠨ ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢ ᠭᠣᠣᠯᠳᠠᠯᠭ᠎ᠠ᠎ᠲᠠᠢ᠎ᠪᠠᠷ ᠡᠭᠦᠯᠡᠨ ᠦᠵᠦᠭᠦᠷ᠎ᠲᠤ ᠬᠦᠷᠭᠡᠵᠦ᠂ ᠨᠡᠢ᠌ᠭᠡᠮ᠎ᠳᠤ ᠥᠷᠭᠡᠨ ᠵᠶ᠋ᠡᠷ ᠬᠡᠷᠡᠭᠯᠡᠭᠳᠡᠬᠦ ᠬᠠᠷᠠᠯᠲᠠ ᠵᠢ ᠪᠡᠶᠡᠯᠡᠭᠦᠯᠦᠨ᠎ᠡ᠃ ᠣᠳᠣᠬᠠᠨ᠎ᠳᠤ᠂ ᠥᠪᠥᠷ ᠮᠣᠩᠭᠣᠯ᠎ᠤᠨ ᠤᠯᠤᠰ᠎ᠤᠨ ᠨᠤᠲᠤᠭ ᠳᠡᠪᠢᠰᠭᠡᠷ᠎ᠢ ᠪᠠᠢ᠌ᠴᠠᠭ᠋ᠠᠬᠤ ᠡᠭᠦᠯᠡᠨ ᠪᠣᠳᠤᠯᠲᠠ ᠵᠢᠨ 2.0 ᠬᠡᠪᠯᠡᠯ᠎ᠨᠢ ᠪᠡᠶ᠎ᠡ᠎ᠪᠠᠨ ᠳᠠᠭ᠋ᠠᠭ᠋ᠠᠨ ᠡᠵᠡᠮᠳᠡᠵᠦ ᠪᠣᠯᠬᠤ᠂ ᠠᠮᠢᠳᠤᠯᠢᠭ ᠵᠶ᠋ᠠᠷ ᠲᠣᠬᠢᠷᠠᠭᠤᠯᠬᠤ ᠵᠢ ᠪᠡᠶᠡᠯᠡᠭᠦᠯᠵᠦ᠂ ᠺᠣᠮᠫᠢᠦ᠋ᠲ᠋ᠧᠷ᠎ᠤᠨ ᠲᠠᠯ᠎ᠠ᠂ ᠭᠠᠷ ᠤᠲᠠᠰᠤᠨ᠎ᠤ ᠲᠠᠯ᠎ᠠ᠂ ᠬᠠᠪᠲᠠᠭ᠋ᠠᠢ ᠺᠣᠮᠫᠢᠦ᠋ᠲ᠋ᠧᠷ ᠳᠡᠭᠡᠷ᠎ᠡ ᠨᠡᠢ᠌ᠳᠡᠮ ᠬᠡᠷᠡᠭᠯᠡᠵᠦ ᠪᠣᠯᠣᠨ᠎ᠠ᠃ ᠬᠣᠷᠸ᠎ᠠ ᠲᠠᠯ᠎ᠠ᠎ᠠᠴᠠ ᠠᠪᠴᠤ ᠦᠵᠡᠪᠡᠯ᠂ ᠥᠪᠡᠷᠲᠡᠭᠡᠨ ᠵᠠᠰᠠᠬᠤ ᠣᠷᠣᠨ᠎ᠠᠴᠠ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠵᠡᠷᠭᠡ ᠲᠠᠪᠤᠨ ᠱᠠᠲᠤᠨ᠎ᠤ ᠣᠷᠣᠨ ᠪᠦᠰᠡ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ᠂ ᠦᠵᠡᠭᠳᠡᠬᠦᠢ᠌ᠴᠡ ᠳᠡᠯᠭᠡᠨ ᠦᠵᠡᠭᠦᠯᠦᠯᠭᠡ ᠵᠢ ᠪᠡᠶᠡᠯᠡᠭᠦᠯᠪᠡ᠃ ᠬᠤᠮᠠᠬᠢ ᠲᠠᠯ᠎ᠠ᠎ᠠᠴᠠ ᠠᠪᠴᠤ ᠦᠵᠡᠪᠡᠯ᠂ ᠭᠠᠵᠠᠷ᠎ᠤᠨ ᠲᠥᠷᠥᠯ ᠪᠦᠷᠢ ᠵᠢᠨ ᠵᠢᠷᠤᠭ᠎ᠤᠨ ᠲᠣᠯᠪᠣ ᠵᠢᠴᠢ ᠭᠠᠵᠠᠷ ᠬᠡᠷᠡᠭᠯᠡᠬᠦ ᠵᠦᠢ᠍ᠯᠡᠰ᠎ᠤᠨ ᠭᠠᠵᠠᠷ᠎ᠤᠨ ᠬᠡᠰᠡᠭ᠎ᠤᠨ ᠪᠥᠬᠥ ᠭᠠᠵᠠᠷ᠎ᠤᠨ ᠲᠥᠷᠥᠯ᠎ᠤᠨ ᠮᠡᠳᠡᠭᠡ ᠵᠠᠩᠭᠢ ᠵᠢ ᠡᠷᠢᠨ ᠣᠯᠵᠤ ᠪᠣᠯᠣᠨ᠎ᠠ᠂ ᠡᠭᠦᠨ᠎ᠳᠤ ᠲᠡᠦᠬᠡ ᠵᠢᠨ ᠴᠠᠭ᠎ᠤᠨ ᠳᠠᠷᠠᠭ᠋ᠠᠯᠠᠯ ᠪᠠ ᠣᠷᠣᠨ ᠵᠠᠢ ᠵᠢᠨ ᠬᠠᠷᠢᠴᠠᠭᠤᠯᠤᠯ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠭᠤᠷᠪᠠᠨ ᠣᠷᠣᠨ ᠭᠤᠷᠪᠠᠨ ᠱᠤᠭᠤᠮ》᠎ᠤᠨ ᠦᠷ᠎ᠡ ᠳ᠋ᠦᠩ ᠵᠡᠷᠭᠡ ᠠᠭᠤᠯᠭ᠎ᠠ ᠵᠢ ᠪᠠᠭᠲᠠᠭ᠋ᠠᠨ᠎ᠠ᠃ ᠣᠳᠤᠬᠠᠨ ᠪᠣᠯᠲᠠᠯ᠎ᠠ᠂ ᠥᠪᠥᠷ ᠮᠣᠩᠭᠣᠯ᠎ᠤᠨ ᠤᠯᠤᠰ᠎ᠤᠨ ᠭᠠᠵᠠᠷ ᠰᠢᠷᠣᠢ ᠵᠢᠨ ᠡᠭᠦᠯᠡᠨ ᠪᠣᠳᠣᠯᠲᠠ ᠵᠢᠨ ᠳᠠᠩᠰᠠᠯᠠᠭᠤᠯᠤᠭᠰᠠᠨ ᠬᠡᠷᠡᠭᠯᠡᠭᠴᠢ 1 ᠲᠦᠮᠡ 2 ᠮᠢᠩᠭ᠎ᠠ ᠵᠢ ᠳᠠᠪᠠᠵᠠᠢ᠃

   ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠥᠪᠥᠷ ᠮᠣᠩᠭᠣᠯ᠎ᠤᠨ ᠤᠯᠤᠰ᠎ᠤᠨ  ᠨᠤᠲᠤᠭ ᠳᠡᠪᠢᠰᠭᠡᠷ᠎ᠢ ᠪᠠᠢ᠌ᠴᠠᠭ᠋ᠠᠬᠤ  ᠡᠭᠦᠯᠡᠨ ᠪᠣᠳᠣᠯᠲᠠ ᠵᠢᠨ 2.0  ᠬᠡᠪᠯᠡᠯ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠬᠡᠷᠡᠭᠯᠡᠭᠴᠢ ᠵᠢ ᠥᠷᠭᠡᠳᠬᠡᠬᠦ᠂ ᠬᠡᠷᠡᠭᠯᠡᠭᠴᠢ ᠵᠢ ᠪᠣᠯᠪᠠᠰᠤᠷᠠᠭᠤᠯᠬᠤ᠂ ᠬᠡᠷᠡᠭᠯᠡᠭᠴᠢ ᠵᠢᠨ ᠮᠡᠳᠡᠭᠡ ᠵᠠᠩᠭᠢ᠎ᠳᠤ ᠬᠠᠷᠢᠭᠤ ᠲᠤᠰᠬᠠᠬᠤ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠤᠯᠤᠰ᠎ᠤᠨ ᠨᠤᠲᠤᠭ ᠳᠡᠪᠢᠰᠭᠡᠷ᠎ᠤᠨ  ᠪᠠᠢ᠌ᠴᠠᠭ᠋ᠠᠯᠲᠠ ᠵᠢᠨ ᠲᠣᠭ᠎ᠠ ᠪᠠᠷᠢᠮᠲᠠ ᠵᠢᠨ ᠬᠥᠮᠥᠷᠭᠡ ᠵᠢᠨ ᠬᠠᠮᠢᠶᠠᠷᠤᠯᠲᠠ ᠵᠢᠨ ᠰᠢᠰᠲ᠋ᠧᠮ᠎ᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ᠎ᠢ ᠢᠳᠡᠪᠬᠢᠲᠡᠢ ᠰᠠᠢ᠌ᠲᠤᠷ ᠬᠢᠵᠦ᠂ ᠰᠠᠭᠤᠷᠢ ᠲᠣᠭ᠎ᠠ ᠪᠠᠷᠢᠮᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠴᠢᠨᠠᠷ ᠰᠠᠢ᠌ᠲᠠᠢ ᠰᠢᠰᠲ᠋ᠧᠮ᠎ᠢ ᠪᠠᠶ᠋ᠢᠭᠤᠯᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ᠎ᠢ ᠭᠦᠢ᠍ᠴᠡᠳ ᠪᠠᠳᠠᠷᠠᠭᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ