ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠣᠷᠢᠭᠯᠠᠵᠤ᠂ ᠭᠠᠵᠠᠷ ᠰᠢᠷᠣᠶ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨ ᠨᠡᠶ᠋ᠢᠲᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠬᠤ ᠵᠢᠨ ᠲᠤᠰᠠᠳᠠ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠭᠠᠵᠠᠷ ᠰᠢᠷᠣᠶ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠱᠠᠩᠨᠠᠬᠤ ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠶᠡᠷᠦᠩᠬᠡᠶ ᠲᠦᠷᠢᠮ ᠵᠶ᠋ᠠᠷ ᠬᠢᠨᠠᠯᠲᠠ ᠲᠠᠯᠪᠢᠵᠤ ᠱᠠᠩᠨᠠᠬᠤ ᠬᠦᠷᠢᠶ᠎ᠡ ᠬᠡᠪᠴᠢᠶ᠎ᠡ᠎ᠳᠤ ᠴᠢᠩᠭ᠎ᠠ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠵᠢᠴᠢ ᠱᠠᠩᠨᠠᠬᠤ ᠪᠠᠷᠢᠮᠵᠢᠶ᠎ᠠ ᠵᠢᠨ ᠲᠠᠰ ᠳᠠᠷᠠᠭ᠋ᠠᠯᠠᠯ᠎ᠳᠤ ᠬᠢᠨᠠᠯᠲᠠ ᠲᠠᠯᠪᠢᠵᠤ ᠬᠠᠮᠢᠶᠠᠷᠬᠤ ᠳᠠᠭ᠋ᠠᠯᠳᠤᠭᠤᠯᠤᠯ ᠲᠦᠷᠢᠮ ᠵᠢᠷᠭᠤᠭ᠋ᠠᠨ ᠲᠠᠯ᠎ᠠ᠎ᠠᠴᠠ 22 ᠵᠦᠢ᠍ᠯ᠎ᠤᠨ ᠪᠣᠳᠠᠲᠠᠶ ᠠᠭᠤᠯᠭ᠎ᠠ ᠵᠢ ᠲᠣᠳᠣᠷᠬᠠᠶ᠋ᠢᠯᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠡᠮᠬᠢ ᠵᠢᠷᠤᠮ᠎ᠢ ᠤᠯᠠᠮ ᠨᠢᠭᠡ ᠠᠯᠬᠤᠮ ᠬᠠᠮᠠᠭ᠋ᠠᠯᠠᠪᠠ᠃
ᠬᠡᠪᠴᠢᠶ᠎ᠡ ᠵᠢ᠎ᠨᠢ ᠲᠣᠳᠣᠷᠬᠠᠶ ᠪᠣᠯᠭ᠋ᠠᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ᠎ᠨᠢ ᠨᠡᠮᠡᠭᠳᠡᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠣᠯᠤᠭᠰᠠᠨ ᠪᠠᠯᠠ ᠮᠥᠩᠭᠥ ᠵᠢ ᠥᠯᠥ ᠣᠯᠵᠤ ᠮᠡᠳᠡᠭᠡᠳ ᠪᠠᠶ᠋ᠢᠴᠠᠭ᠋ᠠᠨ ᠰᠢᠢ᠍ᠳᠪᠦᠷᠢᠯᠡᠭᠰᠡᠨ ᠥᠬᠡᠶ ᠪᠥᠭᠡᠳ ᠬᠠᠷᠭᠤᠭᠤᠯᠤᠨ ᠳᠣᠲᠣᠯᠠᠭᠰᠠᠨ᠎ᠨᠢ ᠦᠨᠡᠨ ᠪᠣᠳᠠᠲᠠᠶ ᠬᠠᠤᠯᠢ᠎ᠠᠴᠠ ᠵᠥᠷᠢᠴᠡᠭᠰᠡᠨ ᠰᠦᠪᠡᠭᠴᠢ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠬᠠᠤᠯᠢ᠎ᠠᠴᠠ ᠵᠥᠷᠢᠴᠡᠭᠰᠡᠨ ᠰᠦᠪᠡᠭᠴᠢ ᠵᠢ ᠢᠯᠡᠴᠢᠯᠡᠨ ᠮᠡᠳᠡᠭᠦᠯᠬᠦ ᠵᠢᠨ ᠪᠦᠳᠦᠮᠵᠢᠳᠦ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ᠎ᠠᠴᠠ ᠵᠥᠷᠢᠴᠡᠭᠰᠡᠨ ᠰᠦᠪᠡᠭᠴᠢ ᠵᠢ ᠢᠯᠡᠴᠢᠯᠡᠨ ᠮᠡᠳᠡᠭᠦᠯᠬᠦ ᠵᠢ ᠦᠨᠡᠨ ᠬᠦ᠌ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠪᠦᠲᠦᠮᠵᠢᠲᠡᠶ ᠠᠷᠭ᠎ᠠ ᠵᠠᠮ ᠪᠣᠯᠭ᠋ᠠᠵᠤ᠂ ᠢᠯᠡᠴᠢᠯᠡᠨ ᠮᠡᠳᠡᠭᠦᠯᠦᠭᠰᠡᠨ ᠱᠠᠩᠨᠠᠯ᠎ᠤᠨ ᠪᠠᠯᠠ ᠮᠥᠩᠭᠥ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠬᠡᠷᠡᠭᠯᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ 《ᠱᠠᠩᠨᠠᠬᠤ ᠠᠷᠭ᠎ᠠ》 ᠵᠢᠨ ᠳᠣᠯᠣᠳᠤᠭ᠋ᠠᠷ ᠵᠦᠢ᠍ᠯ᠎ᠳᠤ᠂ ᠱᠠᠩᠨᠠᠯ᠎ᠤᠨ ᠪᠠᠯᠠ ᠮᠥᠩᠭᠥ ᠵᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠠᠬᠠᠨ ᠣᠯᠵᠤ ᠮᠡᠳᠡᠭᠡᠳᠦᠶ ᠪᠠᠶ᠋ᠢᠴᠠᠭ᠋ᠠᠨ ᠰᠢᠢ᠍ᠳᠪᠦᠷᠢᠯᠡᠭᠡᠳᠦᠢ ᠮᠥᠷᠲᠡᠭᠡᠨ ᠬᠢᠨᠠᠨ ᠪᠠᠶ᠋ᠢᠴᠠᠭ᠋ᠠᠭᠰᠠᠨ᠎ᠤ ᠳᠠᠷᠠᠭ᠎ᠠ ᠦᠨᠡᠨ ᠪᠣᠳᠠᠲᠠᠶ ᠭᠠᠵᠠᠷ ᠰᠢᠷᠣᠶ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ᠎ᠳᠤ ᠴᠢᠭᠯᠡᠭᠦᠯᠦᠨ ᠲᠣᠳᠣᠷᠬᠠᠶ᠋ᠢᠯᠠᠪᠠ᠃
ᠲᠥᠷᠥᠯ ᠬᠡᠯᠪᠡᠷᠢ᠎ᠳᠤ ᠣᠷᠣᠯᠴᠠᠬᠤ ᠵᠢ ᠲᠣᠳᠣᠷᠬᠠᠶ᠋ᠢᠯᠠᠵᠤ ᠭᠤᠤᠯᠳᠠᠯᠭ᠎ᠠ ᠵᠢ ᠳᠣᠪᠣᠶ᠋ᠢᠯᠭ᠋ᠠᠨ᠂ ᠲᠠᠷᠢᠶᠠᠨ ᠭᠠᠵᠠᠷ ᠳᠤᠤᠷ᠎ᠠ ᠨᠡᠭᠡᠭᠡᠨ ᠮᠠᠯᠲᠠᠬᠤ ᠵᠢᠴᠢ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠦᠢ᠍ᠯᠡ ᠠᠵᠢᠯᠯᠠᠭ᠎ᠠ ᠵᠢᠨ ᠲᠣᠭᠣᠷᠢᠨ᠎ᠳᠤ ᠱᠠᠩᠨᠠᠯ᠎ᠤᠨ ᠮᠥᠩᠭᠥ ᠵᠢ ᠳᠡᠭᠡᠭᠰᠢᠯᠡᠭᠦᠯᠦᠨ᠎ᠡ᠃ ᠱᠠᠩᠨᠠᠯ᠎ᠤᠨ ᠮᠥᠩᠭᠥ ᠵᠢᠨ ᠲᠠᠯ᠎ᠠ᠎ᠪᠠᠷ᠂ ᠬᠠᠤᠯᠢ᠎ᠠᠴᠠ ᠵᠥᠷᠢᠴᠡᠭᠰᠡᠨ ᠲᠥᠷᠥᠯ ᠵᠦᠢ᠍ᠯ᠎ᠢ ᠦᠨᠳᠦᠰᠦᠯᠡᠨ ᠲᠣᠭᠲᠠᠭ᠋ᠠᠵᠤ᠂ ᠢᠯᠡᠴᠢᠯᠡᠨ ᠮᠡᠳᠡᠭᠦᠯᠦᠭᠰᠡᠨ ᠭᠠᠵᠠᠷ ᠰᠢᠷᠣᠶ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠳᠣᠲᠣᠯᠠᠭ᠋ᠠᠳ ᠲᠠᠷᠢᠶᠠᠨ ᠭᠠᠵᠠᠷ᠎ᠠᠴᠠ ᠪᠤᠰᠤᠳ ᠭᠠᠵᠠᠷ᠎ᠤᠨ ᠲᠥᠷᠥᠯ᠎ᠳᠤ ᠬᠣᠯᠪᠣᠭᠳᠠᠭᠰᠠᠨ ᠪᠠᠶ᠋ᠢᠪᠠᠯ᠂ 2000 ᠲᠥᠭᠥᠷᠢᠭ ᠵᠶ᠋ᠠᠷ ᠱᠠᠩᠨᠠᠨ᠎ᠠ; ᠲᠠᠷᠢᠶᠠᠨ ᠭᠠᠵᠠᠷ᠎ᠲᠤ ᠬᠣᠯᠪᠣᠭᠳᠠᠭᠰᠠᠨ ᠠᠷᠠᠳ᠎ᠤᠨ ᠵᠣᠭᠣᠰ ᠵᠶ᠋ᠠᠷ 3000 ᠲᠥᠭᠥᠷᠢᠭ ᠱᠠᠩᠨᠠᠨ᠎ᠠ; ᠪᠠᠶ᠋ᠢᠴᠠᠭ᠋ᠠᠨ ᠳᠣᠲᠣᠯᠠᠭ᠋ᠠᠳ ᠭᠠᠵᠠᠷ ᠰᠢᠷᠣᠶ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠣᠯᠠᠨ ᠵᠦᠢ᠍ᠯ᠎ᠤᠨ ᠭᠠᠵᠠᠷ ᠰᠢᠷᠣᠶ ᠵᠢᠨ ᠲᠥᠷᠥᠯ᠎ᠳᠤ ᠬᠣᠯᠪᠣᠭᠳᠠᠭᠰᠠᠨ ᠪᠠᠶ᠋ᠢᠪᠠᠯ᠂ ᠥᠨᠳᠥᠷ ᠪᠠᠶ᠋ᠢᠯᠭ᠋ᠠᠬᠤ ᠵᠠᠷᠴᠢᠮ ᠵᠶ᠋ᠠᠷ ᠱᠠᠩᠨᠠᠯ ᠣᠯᠭᠣᠨ᠎ᠠ᠃ ᠢᠯᠡᠴᠢᠯᠡᠨ ᠮᠡᠳᠡᠭᠦᠯᠦᠭᠰᠡᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠳᠣᠲᠣᠯᠠᠭ᠋ᠠᠳ ᠵᠠᠳᠠᠭ᠋ᠠᠶ ᠨᠡᠭᠡᠭᠡᠨ ᠮᠠᠯᠲᠠᠭᠰᠠᠨ ᠭᠡᠵᠦ ᠭᠡᠷᠡᠴᠢᠯᠡᠪᠡᠯ᠂ ᠠᠷᠠᠳ᠎ᠤᠨ ᠵᠣᠭᠣᠰ 2000 ᠲᠥᠭᠥᠷᠢᠭ ᠱᠠᠩᠨᠠᠨ᠎ᠠ; ᠭᠠᠵᠠᠷ ᠳᠣᠣᠷ᠎ᠠ᠎ᠠᠴᠠ ᠨᠡᠭᠡᠭᠡᠨ ᠮᠠᠯᠲᠠᠭᠰᠠᠨ ᠪᠠᠶ᠋ᠢᠪᠠᠯ᠂ ᠠᠷᠠᠳ᠎ᠤᠨ ᠵᠣᠭᠣᠰ ᠵᠶ᠋ᠠᠷ 3000 ᠲᠥᠭᠥᠷᠢᠭ ᠱᠠᠩᠨᠠᠨ᠎ᠠ; ᠪᠠᠶ᠋ᠢᠴᠠᠭ᠋ᠠᠨ ᠲᠤᠳᠤᠯᠠᠭ᠋ᠠᠳ ᠵᠠᠳᠠᠭ᠋ᠠᠢ ᠮᠠᠯᠲᠠᠯᠲᠠ ᠪᠠᠶ᠋ᠢᠬᠤ ᠮᠥᠷᠲᠡᠭᠡᠨ ᠪᠠᠰᠠ ᠭᠠᠵᠠᠷ ᠳᠣᠣᠷ᠎ᠠ᠎ᠠᠴᠠ ᠮᠠᠯᠲᠠᠯᠲᠠ ᠬᠢᠭᠰᠡᠨ ᠪᠠᠶ᠋ᠢᠪᠠᠯ᠂ ᠥᠨᠳᠥᠷ ᠪᠠᠶ᠋ᠢᠯᠭ᠋ᠠᠬᠤ ᠵᠠᠷᠴᠢᠮ ᠵᠶ᠋ᠠᠷ ᠱᠠᠩᠨᠠᠨ ᠬᠥᠬᠢᠭᠦᠯᠦᠨ᠎ᠡ᠃ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠵᠦ᠂ ᠰᠢᠢ᠍ᠳᠭᠡᠨ ᠲᠣᠷᠭ᠋ᠠᠭᠰᠠᠨ ᠵᠣᠭᠣᠰ᠎ᠤᠨ ᠲᠣᠭ᠎ᠠ᠎ᠨᠢ ᠠᠷᠠᠳ᠎ᠤᠨ ᠵᠣᠭᠣᠰ ᠵᠶ᠋ᠠᠷ 500 ᠲᠦᠮᠡᠨ ᠲᠥᠭᠥᠷᠢᠭ᠎ᠠᠴᠠ ᠬᠡᠲᠦᠷᠡᠭᠰᠡᠨ ᠪᠠᠶ᠋ᠢᠪᠠᠯ᠂ ᠠᠰᠲᠤᠨᠢ ᠢᠯᠡᠴᠢᠯᠡᠨ ᠮᠡᠳᠡᠭᠦᠯᠦᠭᠰᠡᠨ᠎ᠢ᠎ᠨᠢ 3 ᠲᠦᠮᠡᠨ ᠲᠥᠭᠥᠷᠢᠭ ᠵᠶ᠋ᠠᠷ ᠱᠠᠩᠨᠠᠨ᠎ᠠ᠃
《ᠡᠷᠲᠡ ᠢᠯᠡᠷᠡᠭᠦᠯᠵᠦ ᠬᠦᠴᠦᠯᠡᠨ ᠬᠣᠷᠢᠭᠯᠠᠬᠤ》 ᠵᠢ ᠴᠢᠩᠭ᠋ᠠᠳᠬᠠᠵᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠥᠭᠵᠢᠬᠦ ᠬᠠᠨᠳᠤᠰᠢ ᠵᠢ ᠡᠷᠡᠰ ᠬᠣᠷᠢᠭᠯᠠᠨ᠎ᠠ᠃ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠢᠳᠡᠪᠬᠢᠵᠢᠯ᠎ᠢ ᠦᠨᠡᠨᠬᠦ ᠳᠡᠭᠡᠭᠰᠢᠯᠡᠭᠦᠯᠵᠦ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠠᠩᠬ᠎ᠠ ᠴᠤᠬᠤᠶ᠋ᠢᠵᠤ ᠪᠠᠶ᠋ᠢᠬᠤ ᠵᠢ ᠣᠯᠵᠤ ᠮᠡᠳᠡᠭᠡᠳ ᠰᠢᠢ᠍ᠳᠪᠦᠷᠢᠯᠡᠬᠦ ᠵᠢ ᠦᠨᠡᠨᠬᠦ ᠪᠠᠲᠤᠯᠠᠵᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠣᠷᠢᠭᠯᠠᠨ ᠵᠣᠭᠰᠣᠭ᠋ᠠᠭᠰᠠᠨ᠎ᠠᠴᠠ ᠪᠢᠰᠢ ᠬᠦᠨᠳᠦ ᠨᠣᠴᠢᠲᠠᠶ ᠬᠡᠷᠡᠭ ᠭᠠᠷᠭ᠋ᠠᠭᠰᠠᠨ ᠦᠭᠡᠶ 《ᠬᠡᠷᠡᠭ ᠪᠣᠯᠭ᠋ᠠᠨ ᠳᠠᠩᠰᠠᠯᠠᠭᠰᠠᠨ ᠦᠭᠡᠶ》᠎ᠪᠠᠷ ᠰᠢᠢ᠍ᠳᠪᠦᠷᠢᠯᠡᠬᠦ᠎ᠳᠤ ᠨᠡᠶ᠋ᠢᠴᠡᠬᠦ ᠢᠯᠡᠴᠢᠯᠡᠨ ᠮᠡᠳᠡᠭᠦᠯᠦᠭᠰᠡᠨ ᠰᠦᠪᠡᠭᠴᠢ ᠵᠢ ᠴᠠᠭ ᠲᠤᠬᠠᠶ᠎ᠳᠤᠨᠢ ᠣᠯᠵᠤ ᠮᠡᠳᠡᠬᠦ ᠵᠢᠨ ᠲᠤᠰᠠᠳᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠵᠶ᠋ᠠᠷ ᠪᠠᠶ᠋ᠢᠴᠠᠭ᠋ᠠᠨ ᠬᠠᠷᠭᠤᠭᠤᠯᠤᠭ᠋ᠠᠳ᠂ ᠵᠣᠭᠣᠰ ᠵᠶ᠋ᠠᠷ ᠲᠣᠷᠭ᠋ᠠᠬᠤ ᠵᠣᠭᠣᠰ᠎ᠤᠨ ᠲᠣᠭ᠎ᠠ᠎ᠳᠤ ᠬᠣᠯᠪᠣᠭᠳᠠᠬᠤ ᠦᠭᠡᠶ ᠪᠠᠶ᠋ᠢᠭᠰᠠᠨ ᠴᠤ᠌ ᠨᠠᠭ᠋ᠠᠳᠤ ᠵᠠᠬ᠎ᠠ ᠵᠢᠨ ᠱᠠᠩᠨᠠᠬᠤ ᠪᠠᠷᠢᠮᠵᠢᠶ᠎ᠠ ᠶᠣᠰᠣᠭ᠋ᠠᠷ ᠢᠯᠡᠴᠢᠯᠡᠨ ᠮᠡᠳᠡᠭᠦᠯᠦᠭᠴᠢ ᠵᠢ ᠱᠠᠩᠨᠠᠨ ᠬᠥᠬᠢᠭᠦᠯᠵᠦ ᠪᠣᠯᠤᠨ᠎ᠠ᠃
ᠱᠠᠩᠨᠠᠯ᠎ᠤᠨ ᠮᠥᠩᠭᠥ ᠣᠯᠭᠣᠬᠤ ᠭᠤᠤᠯ ᠴᠣᠭᠴᠠ ᠵᠢ ᠠᠮᠢᠳᠤᠯᠢᠭ ᠵᠶ᠋ᠠᠷ ᠬᠡᠷᠡᠭᠵᠢᠭᠦᠯᠵᠦ᠂ ᠦᠨᠳᠦᠰᠦᠨ ᠱᠠᠲᠤᠨ᠎ᠤ ᠡᠳ᠋᠎ᠤᠨ ᠵᠠᠰᠠᠭ᠎ᠤᠨ 《ᠳᠠᠷᠤᠭ᠋ᠠᠰᠤ ᠵᠢ ᠦᠨᠡᠨᠬᠦ ᠬᠥᠩᠭᠡᠷᠡᠭᠦᠯᠦᠨ᠎ᠡ》᠃ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠭᠤᠤᠯ ᠴᠣᠭᠴᠠ᠎ᠨᠢ ᠵᠠᠷᠴᠢᠮ ᠳᠡᠭᠡᠷ᠎ᠡ᠎ᠪᠠᠨ 《ᠬᠡᠨ ᠭᠤᠤᠯᠴᠢᠯᠠᠨ ᠬᠠᠮᠢᠶᠠᠷᠪᠠᠯ ᠲᠡᠷᠡ ᠬᠠᠰᠤᠨ᠎ᠠ ᠬᠦᠯᠢᠶᠡᠨ ᠠᠪᠤᠪᠠᠯ ᠲᠡᠷᠡ ᠪᠠᠶ᠋ᠢᠴᠠᠭ᠋ᠠᠨ ᠰᠢᠢ᠍ᠳᠪᠦᠷᠢᠯᠡᠪᠡᠯ ᠲᠡᠷᠡ ᠱᠠᠩᠨᠠᠨ᠎ᠠ》 ᠭᠡᠬᠦ ᠠᠷᠭ᠎ᠠ ᠮᠠᠶᠢᠭ ᠵᠶ᠋ᠠᠷ ᠶᠠᠪᠤᠭᠳᠠᠭᠤᠯᠬᠤ ᠵᠢᠨ ᠬᠠᠮᠲᠤ᠂ ᠣᠳᠣᠬᠠᠨ᠎ᠳᠤ ᠪᠦᠬᠦ ᠣᠷᠣᠨ᠎ᠤ ᠦᠨᠳᠦᠰᠦᠨ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠣᠯᠠᠩᠬᠢ᠎ᠨᠢ ᠬᠠᠮᠢᠶ᠎ᠠ ᠪᠦᠬᠦᠢ ᠱᠠᠩᠨᠠᠬᠤ ᠠᠷᠭ᠎ᠠ ᠵᠢ ᠬᠠᠷᠠᠬᠠᠨ ᠲᠣᠭᠲᠠᠭ᠋ᠠᠭ᠋ᠠᠳᠤᠶ ᠣᠯᠠᠩᠬᠢ᠎ᠨᠢ ᠢᠯᠡᠴᠢᠯᠡᠨ ᠮᠡᠳᠡᠭᠦᠯᠦᠭᠰᠡᠨ ᠱᠠᠩᠨᠠᠯ᠎ᠤᠨ ᠪᠡᠯᠡ ᠮᠥᠩᠭᠥ ᠵᠢᠨ ᠲᠥᠰᠦᠪ᠎ᠢ ᠲᠤᠰᠬᠠᠶ ᠪᠠᠶ᠋ᠢᠭᠤᠯᠤᠭ᠋ᠠᠳᠤᠶ ᠡᠳ᠋᠎ᠤᠨ ᠵᠠᠰᠠᠭ᠎ᠤᠨ ᠪᠡᠯᠡ ᠮᠥᠩᠭᠥ ᠨᠡᠶ᠋ᠢᠳᠡᠮ᠎ᠳᠡᠭᠡᠨ ᠪᠠᠴᠢᠮ ᠪᠠᠶ᠋ᠢᠬᠤ ᠵᠡᠷᠭᠡ ᠪᠠᠶ᠋ᠢᠳᠠᠯ᠎ᠢ ᠪᠤᠳᠤᠯᠬᠢᠯᠠᠵᠤ᠂ 《ᠱᠠᠩᠨᠠᠬᠤ ᠠᠷᠭ᠎ᠠ》 ᠵᠢᠨ ᠲᠠᠪᠤᠳᠤᠭ᠋ᠠᠷ ᠵᠦᠢ᠍ᠯ᠎ᠳᠤ 《ᠬᠡᠷᠪᠡ ᠬᠢᠨᠠᠨ ᠪᠠᠶ᠋ᠢᠴᠠᠭ᠋ᠠᠵᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠪᠤᠰᠤᠳ ᠰᠢᠯᠲᠠᠭ᠋ᠠᠨ᠎ᠠᠴᠠ ᠪᠣᠯᠵᠣ᠂ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ ᠪᠠᠯᠠ ᠭᠠᠷᠭ᠋ᠠᠵᠤ ᠱᠠᠩᠨᠠᠬᠤ ᠴᠢᠬᠤᠯᠠᠲᠠᠶ ᠪᠠᠶ᠋ᠢᠪᠠᠯ᠂ ᠪᠢᠴᠢᠭ ᠵᠶ᠋ᠠᠷ ᠭᠤᠶᠤᠴᠢᠯᠠᠯ ᠭᠠᠷᠭ᠋ᠠᠬᠤ ᠬᠡᠷᠡᠭᠲᠡᠶ᠂ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠭᠤᠶᠤᠴᠢᠯᠠᠯ᠎ᠢ ᠣᠯᠤᠭᠰᠠᠨ᠎ᠤ ᠳᠠᠷᠠᠭ᠎ᠠ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠱᠠᠩᠨᠠᠯ᠎ᠤᠨ ᠮᠥᠩᠭᠥ ᠣᠯᠭᠣᠬᠤ ᠭᠤᠤᠯ ᠴᠣᠭᠴᠠ ᠵᠢ ᠲᠣᠭᠲᠠᠭ᠋ᠠᠬᠤ ᠬᠡᠷᠡᠭᠲᠡᠶ》 ᠭᠡᠵᠦ ᠲᠣᠳᠣᠷᠬᠠᠶ ᠲᠣᠭᠲᠠᠭ᠋ᠠᠪᠠ᠂ ᠲᠤᠬᠠᠶ᠋ᠢᠯᠠᠪᠠᠯ ᠲᠢᠩᠬᠢᠮ ᠲᠣᠰ ᠱᠠᠲᠤᠨ᠎ᠤ ᠭᠥᠯᠢᠶᠡᠨ ᠠᠪᠴᠤ ᠰᠢᠢ᠍ᠳᠪᠦᠷᠢᠯᠡᠬᠦ ᠵᠦᠢ᠍ᠯᠡᠰ᠎ᠢ ᠡᠯ᠎ᠡ ᠭᠠᠵᠠᠷ᠎ᠤᠨ ᠭᠤᠶᠤᠴᠢᠯᠠᠯ᠎ᠢ ᠦᠨᠳᠦᠰᠦᠯᠡᠨ ᠲᠢᠩᠬᠢᠮ᠎ᠤᠨ ᠲᠣᠰ ᠱᠠᠲᠤᠨ᠎ᠠᠴᠠ ᠣᠯᠭᠣᠵᠤ᠂ ᠱᠠᠩᠨᠠᠯ᠎ᠤᠨ ᠪᠠᠯᠠ ᠮᠥᠩᠭᠥ ᠵᠢ ᠴᠠᠭ ᠲᠤᠬᠠᠶ᠎ᠳᠤᠨᠢ ᠲᠣᠭ᠎ᠠ ᠶᠣᠰᠣᠭ᠋ᠠᠷ ᠣᠯᠭᠣᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠱᠠᠩᠨᠠᠯ ᠣᠯᠭᠣᠬᠤ ᠶᠠᠪᠤᠴᠠ ᠵᠢ ᠲᠣᠳᠣᠷᠬᠠᠶ᠋ᠢᠯᠠᠵᠤ᠂ ᠢᠯᠡᠴᠢᠯᠡᠨ ᠮᠡᠳᠡᠭᠦᠯᠦᠭᠴᠢ ᠵᠢᠨ ᠱᠠᠩᠨᠠᠯ᠎ᠤᠨ ᠮᠥᠩᠭᠥ ᠣᠯᠭᠣᠬᠤ ᠪᠥᠬᠥ ᠶᠠᠪᠤᠴᠠ ᠵᠢᠨ ᠲᠣᠳᠣᠷᠬᠠᠶ ᠪᠠᠶ᠋ᠢᠬᠤ ᠵᠢ ᠦᠨᠡᠨᠬᠦ ᠪᠠᠲᠤᠯᠠᠨ᠎ᠠ᠃ ᠢᠯᠡᠴᠢᠯᠡᠨ ᠮᠡᠳᠡᠭᠦᠯᠦᠭᠴᠢ ᠱᠠᠩᠨᠠᠯ ᠠᠪᠬᠤ ᠮᠡᠳᠡᠭᠳᠡᠯ᠎ᠢ ᠣᠯᠤᠭᠰᠠᠨ᠎ᠤ ᠳᠠᠷᠠᠭ᠎ᠠ᠂ 60 ᠡᠳᠦᠷ᠎ᠤᠨ ᠳᠣᠲᠣᠷ᠎ᠠ ᠬᠤᠪᠢ ᠬᠥᠮᠦᠨ᠎ᠤ ᠬᠦᠴᠦᠨ ᠪᠥᠬᠥᠶ ᠪᠡᠶ᠎ᠡ ᠵᠢᠨ ᠦᠨᠡᠮᠯᠡᠯ ᠵᠶ᠋ᠠᠨ ᠠᠪᠴᠤ ᠠᠵᠢᠯᠯᠠᠵᠤ ᠪᠠᠶ᠋ᠢᠭ᠎ᠠ ᠨᠢᠭᠡᠴᠢ ᠵᠢᠴᠢ ᠲᠤᠰᠢᠶᠠᠯ᠎ᠤᠨ ᠮᠡᠳᠡᠭᠡ ᠵᠠᠩᠭᠢ᠎ᠪᠠᠨ ᠠᠪᠴᠤ ᠵᠢᠭ᠋ᠠᠨ ᠲᠣᠭᠲᠠᠭ᠋ᠠᠭᠰᠠᠨ ᠭᠠᠵᠠᠷ᠎ᠲᠤ ᠣᠴᠢᠵᠤ ᠱᠠᠩᠨᠠᠯ᠎ᠤᠨ ᠮᠥᠩᠭᠥ ᠠᠪᠬᠤ ᠬᠡᠷᠡᠭᠲᠡᠶ᠂ ᠪᠠᠰᠠ ᠲᠣᠰ ᠬᠥᠮᠦᠨ᠎ᠤ ᠪᠠᠩᠬᠢ ᠵᠢᠨ ᠲᠠᠩᠰᠠᠨ ᠨᠣᠮᠧᠷ ᠵᠶ᠋ᠠᠨ ᠲᠠᠩᠰᠠ ᠰᠢᠯᠵᠢᠭᠦᠯᠬᠦ ᠬᠡᠯᠪᠡᠷᠢ᠎ᠪᠠᠷ ᠳᠠᠮᠵᠢᠭᠤᠯᠤᠨ ᠱᠠᠩᠨᠠᠯ᠎ᠤᠨ ᠮᠥᠩᠭᠥ ᠠᠪᠴᠤ ᠪᠣᠯᠤᠨ᠎ᠠ; ᠢᠯᠡᠴᠢᠯᠡᠨ ᠮᠡᠳᠡᠭᠦᠯᠦᠭᠴᠢ᠎ᠳᠤ ᠮᠡᠳᠡᠭᠳᠡᠬᠦ ᠵᠢᠨ ᠠᠷᠭ᠎ᠠ ᠦᠭᠡᠶ ᠪᠣᠯ ᠢᠯᠡᠴᠢᠯᠡᠨ ᠮᠡᠳᠡᠭᠦᠯᠦᠭᠰᠡᠨ᠎ᠤ ᠱᠠᠩᠨᠠᠯ᠎ᠤᠨ ᠮᠥᠩᠭᠥ ᠣᠯᠭᠣᠬᠤ ᠵᠢ ᠬᠠᠷᠢᠭᠤᠴᠠᠵᠤ ᠪᠠᠶ᠋ᠢᠭ᠎ᠠ ᠰᠠᠯᠠᠭ᠎ᠠ ᠮᠥᠴᠢᠷ ᠠᠯᠪᠠᠨ ᠰᠦᠯᠵᠢᠶᠡᠨ ᠳᠡᠭᠡᠷ᠎ᠡ᠎ᠪᠠᠨ ᠠᠯᠪᠠᠨ ᠵᠠᠷ ᠭᠠᠷᠭ᠋ᠠᠵᠤ ᠮᠡᠳᠡᠭᠳᠡᠬᠦ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠱᠠᠩᠨᠠᠯ᠎ᠤᠨ ᠮᠥᠩᠭᠥ ᠠᠪᠤᠭᠰᠠᠨ ᠦᠭᠡᠢ ᠪᠠᠶ᠋ᠢᠪᠠᠯ᠂ ᠱᠠᠩᠨᠠᠯ ᠠᠪᠬᠤ ᠡᠷᠬᠡ᠎ᠪᠠᠨ ᠬᠠᠶᠠᠭᠰᠠᠨ ᠵᠶ᠋ᠠᠷ ᠦᠵᠡᠨ᠎ᠡ; ᠵᠦᠢ ᠵᠣᠬᠢᠰᠲᠠᠢ ᠰᠢᠯᠲᠠᠭ᠋ᠠᠨ ᠵᠶ᠋ᠠᠨ ᠲᠣᠳᠣᠷᠬᠠᠶ᠋ᠢᠯᠠᠵᠤ ᠴᠢᠳᠠᠪᠠᠯ 30 ᠡᠳᠦᠷ ᠤᠷᠲᠤᠳᠬᠠᠵᠤ ᠱᠠᠩᠨᠠᠯ᠎ᠤᠨ ᠮᠥᠩᠭᠥ ᠠᠪᠴᠤ ᠪᠣᠯᠤᠨ᠎ᠠ; ᠢᠯᠡᠴᠢᠯᠡᠨ ᠮᠡᠳᠡᠭᠦᠯᠦᠭᠴᠢ ᠰᠠᠨᠠᠭ᠋ᠠᠴᠢᠯᠠᠭ᠎ᠠ᠎ᠠᠴᠠ᠎ᠪᠠᠨ ᠱᠠᠩᠨᠠᠯ ᠬᠥᠬᠢᠭᠦᠯᠦᠯ᠎ᠢ ᠲᠡᠪᠴᠢᠬᠦ᠎ᠪᠠᠷ ᠱᠠᠭ᠋ᠠᠷᠳᠠᠭᠰᠠᠨ ᠪᠠᠶ᠋ᠢᠪᠠᠯ᠂ ᠱᠠᠩᠨᠠᠬᠤ ᠵᠢᠷᠤᠮ᠎ᠢ ᠵᠣᠭᠰᠣᠭ᠋ᠠᠨ᠎ᠠ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠵᠢ ᠱᠠᠩᠨᠠᠬᠤ ᠬᠡᠷᠡᠭᠴᠡᠭᠡ ᠱᠠᠭ᠋ᠠᠷᠳᠠᠯᠭ᠎ᠠ᠎ᠲᠠᠢ ᠪᠣᠯ ᠢᠯᠡᠴᠢᠯᠡᠨ ᠮᠡᠳᠡᠭᠦᠯᠬᠦ ᠵᠢᠨ ᠬᠠᠮᠲᠤ ᠪᠡᠶ᠎ᠡ ᠵᠢᠨ ᠬᠢᠷᠢ ᠬᠡᠮ᠎ᠢ᠎ᠨᠢ ᠢᠯᠭ᠋ᠠᠨ ᠲᠠᠨᠢᠵᠤ ᠳᠡᠶ᠋ᠢᠯᠬᠦ ᠮᠡᠳᠡᠭᠡ ᠵᠠᠩᠭᠢ ᠵᠢ ᠪᠡᠶ᠎ᠡ ᠬᠡᠮ᠎ᠤᠨ ᠣᠷᠣᠯᠠᠬᠤ ᠲᠡᠮᠳᠡᠭ ᠬᠠᠩᠭ᠋ᠠᠬᠤ ᠵᠢᠨ ᠬᠠᠮᠲᠤ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ ᠰᠠᠯᠠᠭ᠎ᠠ ᠮᠥᠴᠢᠷ᠎ᠯᠦᠭᠡ ᠢᠯᠡᠴᠢᠯᠡᠨ ᠮᠡᠳᠡᠭᠦᠯᠦᠯᠲᠡ ᠵᠢ ᠰᠢᠢ᠍ᠳᠪᠦᠷᠢᠯᠡᠭᠰᠡᠨ ᠦᠷ᠎ᠡ ᠳ᠋ᠦᠩ ᠪᠠ ᠱᠠᠩᠨᠠᠬᠤ ᠡᠷᠬᠡ ᠵᠢ ᠮᠡᠳᠡᠭᠳᠡᠬᠦ ᠠᠷᠭ᠎ᠠ ᠮᠠᠶᠢᠭ᠎ᠢ ᠪᠣᠯᠵᠣᠨ ᠲᠣᠭᠲᠠᠬᠤ ᠬᠡᠷᠡᠭᠲᠡᠶ᠃ ᠨᠡᠷ᠎ᠡ ᠪᠤᠷᠤᠭᠤᠯᠠᠭᠰᠠᠨ ᠢᠯᠡᠴᠢᠯᠡᠨ ᠮᠡᠳᠡᠭᠦᠯᠦᠭᠴᠢ ᠱᠠᠩᠨᠠᠯ ᠲᠣᠰᠬᠣ ᠮᠡᠳᠡᠭᠳᠡᠯ᠎ᠢ ᠣᠯᠤᠭᠰᠠᠨ ᠪᠥᠭᠡᠳ ᠱᠠᠩᠨᠠᠯ ᠠᠪᠬᠤ᠎ᠪᠠᠷ ᠲᠣᠭᠲᠠᠭᠰᠠᠨ ᠪᠠᠶ᠋ᠢᠪᠠᠯ᠂ ᠪᠡᠶ᠎ᠡ ᠵᠢᠨ ᠣᠷᠣᠯᠠᠯ ᠨᠣᠮᠧᠷ ᠵᠢᠴᠢ ᠬᠦᠴᠦᠨ ᠪᠥᠬᠥᠶ ᠪᠡᠶ᠎ᠡ ᠵᠢᠨ ᠦᠨᠡᠮᠯᠡᠯ ᠵᠡᠷᠭᠡ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠬᠠᠩᠭ᠋ᠠᠵᠤ᠂ ᠪᠡᠶ᠎ᠡ ᠬᠡᠮ᠎ᠢ ᠬᠢᠨᠠᠨ ᠬᠠᠷᠭᠤᠭᠤᠯᠬᠤ᠎ᠳᠤ ᠲᠥᠬᠥᠮ ᠪᠣᠯᠭ᠋ᠠᠬᠤ ᠬᠡᠷᠡᠭᠲᠡᠶ᠃
ᠣᠯᠠᠨ ᠲᠦᠮᠡᠨ᠎ᠢ ᠱᠠᠩᠨᠠᠨ ᠬᠥᠬᠢᠭᠦᠯᠬᠦ ᠵᠢ ᠴᠢᠬᠤᠯᠠᠴᠢᠯᠠᠵᠤ᠂ ᠰᠠᠯᠠᠭ᠎ᠠ ᠮᠥᠴᠢᠷ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠵᠦ᠂ ᠣᠯᠠᠨ ᠲᠦᠮᠡᠨ ᠬᠢᠭᠡᠳ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠎ᠠ᠃ 《ᠱᠠᠩᠨᠠᠬᠤ ᠠᠷᠭ᠎ᠠ》᠎ᠨᠢ ᠭᠠᠵᠠᠷ ᠰᠢᠷᠣᠶ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠢ ᠱᠠᠩᠨᠠᠯ᠎ᠲᠠᠢ ᠢᠯᠡᠴᠢᠯᠡᠨ ᠮᠡᠳᠡᠭᠦᠯᠬᠦ ᠵᠢ ᠳᠣᠭᠢᠷᠠᠭᠤᠯᠬᠤ᠎ᠪᠠᠷ ᠳᠠᠮᠵᠢᠭᠤᠯᠤᠨ᠂ ᠨᠡᠶ᠋ᠢᠭᠡᠮ ᠨᠡᠶ᠋ᠢᠲᠡ ᠵᠢᠨ᠎ᠬᠢᠨ᠎ᠤ ᠭᠠᠵᠠᠷ ᠰᠢᠷᠣᠶ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠳᠡᠪᠬᠢᠵᠢᠯ᠎ᠢ ᠳᠡᠭᠡᠭᠰᠢᠯᠡᠭᠦᠯᠵᠦ᠂ ᠱᠠᠩᠨᠠᠬᠤ ᠬᠦᠷᠢᠶ᠎ᠡ ᠬᠡᠪᠴᠢᠶᠡᠨ᠎ᠳᠤ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠣᠨᠴᠠ ᠲᠣᠭᠲᠠᠭᠰᠠᠨ ᠡᠭᠦᠷᠭᠡ ᠬᠠᠷᠢᠭᠤᠴᠠᠯᠭ᠎ᠠ᠎ᠲᠠᠢ ᠬᠥᠮᠦᠰ ᠵᠢᠴᠢ ᠲᠡᠭᠦᠨ᠎ᠤ ᠣᠶ᠋ᠢᠷ᠎ᠠ ᠲᠥᠷᠥᠯ ᠰᠠᠳᠤᠨ ᠪᠤᠶᠤ ᠰᠠᠨᠠᠭᠤᠯᠤᠭᠰᠠᠨ ᠬᠦᠮᠦᠨ》 ᠵᠢ ᠱᠠᠩᠨᠠᠬᠤ ᠬᠦᠷᠢᠶ᠎ᠡ ᠬᠡᠪᠴᠢᠶᠡᠨ᠎ᠳᠤ ᠣᠷᠣᠭᠤᠯᠬᠤ ᠥᠬᠡᠶ ᠭᠡᠵᠦ ᠲᠣᠳᠣᠷᠬᠠᠶ᠋ᠢᠯᠠᠵᠤ᠂ 《ᠣᠯᠠᠨ ᠲᠦᠮᠡᠨ ᠢᠯᠡᠴᠢᠯᠡᠨ ᠮᠡᠳᠡᠭᠦᠯᠬᠦ᠎ᠳᠤ ᠠᠩᠬᠠᠷᠤᠯ ᠲᠠᠯᠪᠢᠵᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠦᠭᠴᠢ ᠣᠴᠢᠵᠤ ᠪᠠᠶ᠋ᠢᠴᠠᠭ᠋ᠠᠨ ᠰᠢᠢ᠍ᠳᠪᠦᠷᠢᠡᠯᠬᠦ》 ᠴᠣᠬᠢᠯᠲᠠ ᠥᠭᠬᠦ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠵᠢᠨ ᠲᠥᠯᠥᠭᠡ ᠶᠤᠮ᠃
ᠴᠠᠭ ᠲᠤᠬᠠᠶ᠎ᠳᠤᠨᠢ ᠢᠯᠡ ᠨᠡᠶ᠋ᠢᠲᠡᠯᠡᠵᠦ᠂ ᠣᠯᠠᠨ ᠨᠡᠶ᠋ᠢᠲᠡ ᠵᠢᠨ ᠡᠷᠲᠡ ᠮᠡᠳᠡᠬᠦ ᠵᠢ ᠦᠨᠡᠨ ᠬᠦ᠌ ᠪᠠᠲᠤᠯᠠᠪᠠ᠃ ᠣᠳᠣᠬᠠᠨ᠎ᠳᠤ᠂ 《ᠱᠠᠩᠨᠠᠬᠤ ᠠᠷᠭ᠎ᠠ》 ᠵᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠫᠣᠷᠲ᠋ᠧᠯ ᠰᠦᠯᠵᠢᠶᠡᠨ ᠳᠡᠭᠡᠷ᠎ᠡ ᠢᠯᠡ᠎ᠪᠠᠷ ᠨᠡᠶ᠋ᠢᠲᠡᠯᠡᠪᠡ᠃ ᠡᠭᠦᠨ᠎ᠤ ᠬᠠᠮᠲᠤ᠂ ᠣᠯᠠᠨ ᠨᠡᠶ᠋ᠢᠲᠡ ᠵᠢᠨ 《ᠱᠠᠩᠨᠠᠬᠤ ᠠᠷᠭ᠎ᠠ》 ᠵᠢ ᠪᠥᠬᠥ ᠲᠠᠯ᠎ᠠ᠎ᠪᠠᠷ ᠣᠶ᠋ᠢᠯᠠᠭ᠋ᠠᠬᠤ ᠵᠢ ᠦᠨᠡᠨᠬᠦ ᠪᠠᠲᠤᠯᠠᠬᠤ ᠵᠢᠨ ᠲᠤᠰᠠᠳᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠫᠣᠷᠲ᠋ᠧᠯ ᠰᠦᠯᠵᠢᠶᠡᠨ ᠥᠷᠲᠡᠭᠡ᠎ᠳᠤ 《ᠱᠠᠩᠨᠠᠬᠤ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠵᠡᠷᠭᠡ᠎ᠪᠡᠷ ᠨᠡᠶ᠋ᠢᠲᠡᠯᠡᠬᠦ ᠬᠡᠷᠡᠭᠲᠡᠶ᠃
《ᠱᠠᠩᠨᠠᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠭᠰᠠᠨ᠎ᠨᠢ ᠭᠠᠵᠠᠷ ᠰᠢᠷᠣᠶ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠣᠯᠠᠨ ᠲᠦᠮᠡᠨ᠎ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠢᠳᠡᠪᠬᠢᠵᠢᠯ᠎ᠢ ᠳᠡᠭᠡᠭᠰᠢᠯᠡᠭᠦᠯᠬᠦ᠎ᠳᠤ ᠬᠦᠴᠦᠲᠡᠶ ᠪᠠᠲᠤᠯᠠᠭ᠎ᠠ ᠬᠠᠩᠭ᠋ᠠᠵᠤ᠂ ᠬᠠᠤᠯᠢ᠎ᠠᠴᠠ ᠵᠥᠷᠢᠴᠡᠭᠰᠡᠨ ᠰᠦᠪᠡᠭᠴᠢ ᠵᠢ ᠢᠯᠡᠷᠡᠭᠦᠯᠬᠦ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠭᠠᠵᠠᠷ ᠰᠢᠷᠣᠶ ᠵᠢᠨ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ᠎ᠳᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠡᠮᠬᠢ ᠵᠢᠷᠤᠮ᠎ᠢ ᠬᠠᠮᠠᠭ᠋ᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃