ᠶᠡᠷᠦᠩᠬᠡᠶ ᠱᠦᠵᠢ ᠰᠢ ᠵᠢᠨ ᠫᠢᠩ᠂ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠥᠲᠥᠭᠡᠨ ᠪᠠᠶ᠋ᠢᠭᠤᠯᠬᠤ ᠪᠣᠯ ᠪᠥᠬᠦ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠰᠠᠭᠤᠷᠢᠯᠠᠨ ᠲᠣᠭᠲᠠᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠮᠥᠨ᠂ ᠪᠠᠰᠠ ᠴᠤ᠌ ᠥᠪᠥᠷ ᠮᠣᠩᠭᠤᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠮᠥᠨ᠃ ᠪᠠᠶ᠋ᠢᠭ᠋ᠠᠯᠢ ᠵᠢᠨ ᠡᠬᠢ ᠪᠠᠶᠠᠯᠢᠭ ᠪᠣᠯ ᠣᠷᠣᠰᠢᠨ ᠲᠣᠭᠲᠠᠨᠢᠬᠤ ᠵᠢᠨ ᠰᠠᠭᠤᠷᠢ᠂ ᠬᠥᠭᠵᠢᠯᠲᠡ ᠵᠢᠨ ᠴᠢᠬᠤᠯᠠ᠂ ᠠᠷᠠᠳ᠎ᠤᠨ ᠠᠮᠢᠳᠤᠷᠠᠯ᠎ᠤᠨ ᠦᠨᠳᠦᠰᠦ᠂ ᠠᠮᠢ ᠠᠬᠤᠶ ᠵᠢᠨ ᠲᠦᠰᠢᠭ ᠮᠥᠨ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠡᠭᠦᠷᠢᠳᠡ ᠦᠷᠭᠦᠯᠵᠢᠯᠡᠨ ᠠᠰᠢᠭᠯᠠᠬᠤ ᠪᠣᠯ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠥᠲᠥᠭᠡᠨ ᠪᠠᠶ᠋ᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠡᠭᠦᠷᠢᠳᠡ ᠠᠰᠢᠭᠯᠠᠵᠤ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠶᠡᠭᠡ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠪᠠ᠃
《ᠮᠡᠳᠡᠭᠳᠡᠯ》᠎ᠨᠢ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠪᠠᠶ᠋ᠢᠷᠢᠰᠢᠯ᠎ᠢ ᠰᠢᠯᠢᠳᠡᠭᠵᠢᠭᠦᠯᠬᠦ᠂ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ᠂ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ ᠵᠢ ᠨᠢᠭᠡᠳᠦᠯᠲᠡᠢ ᠲᠥᠯᠥᠪᠵᠢᠭᠦᠯᠬᠦ᠂ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ᠂ ᠵᠠᠰᠠᠯᠲᠠ ᠵᠢᠨ ᠲᠦᠷᠢᠮ᠎ᠤᠨ ᠰᠢᠰᠲ᠋ᠧᠮ᠎ᠢ ᠪᠦᠷᠢᠨᠰᠢᠬᠦᠯᠬᠦ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠵᠡᠷᠭᠡ 6 ᠲᠠᠯ᠎ᠠ᠎ᠠᠴᠠ 48 ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠴᠤ᠂ 《ᠡᠬᠢ ᠪᠠᠶᠠᠯᠢᠭ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠬᠤ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠪᠠᠶ᠋ᠢᠷᠢᠰᠢᠯ᠎ᠢ ᠰᠢᠯᠢᠳᠡᠭᠵᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ᠂ ᠡᠬᠢ ᠪᠠᠶᠠᠯᠢᠭ ᠡᠳ᠋ ᠬᠦᠷᠦᠩᠭᠡ ᠵᠢᠨ ᠡᠷᠬᠡ ᠠᠰᠢᠭ᠎ᠢ ᠬᠠᠮᠠᠭ᠋ᠠᠯᠠᠬᠤ》 ᠠᠵᠢᠯ᠎ᠤᠨ ᠪᠠᠶ᠋ᠢᠷᠢ ᠲᠣᠭᠲᠠᠭ᠋ᠠᠯᠲᠠ ᠵᠢᠨ ᠲᠣᠭᠤᠷᠢᠨ᠎ᠳᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂ ᠡᠨᠧᠷᠭᠢ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠳᠬᠠᠵᠤ᠂ ᠠᠮᠢ ᠠᠬᠤᠢ ᠵᠢᠨ ᠪᠣᠯᠪᠠᠰᠤᠨ᠎ᠤ ᠲᠦᠷᠢᠮ᠎ᠤᠨ ᠰᠢᠰᠲ᠋ᠧᠮ᠎ᠢ ᠪᠦᠷᠢᠨᠰᠢᠬᠦᠯᠵᠦ᠂ ᠬᠥᠮᠦᠨ ᠪᠣᠯᠤᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠠᠬᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ᠎ᠪᠠᠷ ᠵᠣᠷᠢᠯᠭ᠎ᠠ᠎ᠪᠠᠨ ᠪᠣᠯᠭ᠋ᠠᠪᠠ᠃
ᠡᠭᠦᠨ᠎ᠤ ᠬᠠᠮᠲᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠴᠤ᠌ 《ᠮᠡᠳᠡᠭᠳᠡᠯ》᠎ᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠲᠦᠷᠭᠡᠳᠬᠡᠨ ᠠᠬᠢᠭᠤᠯᠬᠤ ᠨᠢᠭᠡ ᠵᠦᠢ᠍ᠯ᠎ᠤᠨ ᠴᠢᠬᠤᠯᠠ ᠶᠡᠭᠡ ᠠᠷᠭ᠎ᠠ ᠬᠡᠮᠵᠢᠶ᠎ᠡ ᠵᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠭ᠋ᠠᠵᠤ᠂ ᠠᠯᠢ ᠤᠯᠠᠨ ᠰᠢᠨ᠎ᠡ ᠵᠢ ᠡᠭᠦᠳᠬᠦ ᠴᠢᠨᠠᠷᠲᠠᠢ ᠪᠠ ᠬᠡᠷᠡᠭᠵᠢᠭᠦᠯᠵᠦ ᠪᠣᠯᠬᠤᠶ᠋ᠢᠴᠠ ᠠᠷᠭ᠎ᠠ ᠬᠡᠮᠵᠢᠶ᠎ᠡ ᠵᠢ ᠳᠤᠷᠠᠳᠴᠠᠢ᠃ ᠵᠢᠱ᠌ᠢᠶᠡᠯᠡᠪᠡᠯ᠄ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢ ᠬᠠᠮᠢᠶᠠᠷᠤᠨ ᠡᠵᠡᠮᠳᠡᠬᠦ ᠲᠠᠯ᠎ᠠ᠎ᠪᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠬᠦ ᠪᠥᠬᠦ ᠶᠠᠪᠤᠴᠠ᠎ᠳᠤ ᠲᠤᠭᠤᠰᠢᠯᠠᠭᠤᠯᠵᠤ᠂ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠦᠪᠥᠷᠢᠯᠡᠬᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠰᠢᠰᠲ᠋ᠧᠮ᠎ᠢ ᠪᠠᠶ᠋ᠢᠭᠤᠯᠬᠤ᠎ᠳᠤ ᠰᠠᠭᠤᠷᠢ ᠲᠠᠯᠪᠢᠵᠤ ᠥᠭᠬᠦ ᠵᠢ ᠳᠤᠷᠠᠳᠪᠠ; ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠬᠡᠷᠡᠭᠵᠢᠭᠦᠯᠬᠦ ᠵᠢ ᠦᠨᠡᠯᠡᠨ ᠵᠢᠱ᠌ᠢᠬᠦ ᠡᠮᠦᠨᠡᠬᠢ ᠬᠤᠭᠤᠴᠠᠭ᠋ᠠᠨ᠎ᠤ ᠠᠵᠢᠯ᠎ᠢ ᠰᠤᠳᠤᠯᠤᠨ ᠥᠷᠨᠢᠭᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠲᠣᠬᠢᠷᠠᠭᠤᠯᠤᠨ ᠬᠡᠷᠡᠭᠵᠢᠭᠦᠯᠬᠦ ᠠᠷᠭ᠎ᠠ ᠵᠠᠮ᠎ᠢ ᠬᠠᠶ᠋ᠢᠨ ᠰᠦᠪᠡᠭᠴᠢᠯᠡᠪᠡ; ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ ᠴᠢᠩᠭ᠎ᠠ ᠲᠣᠭᠲᠠᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠱᠤᠭᠤᠮ᠎ᠢ ᠳᠠᠪᠠᠭ᠍ᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠪᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠲᠠᠯ᠎ᠠ᠎ᠪᠠᠷ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠪᠡᠶᠡᠯᠡᠭᠦᠯᠦᠨ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠵᠶ᠋ᠠᠷ ᠠᠬᠢᠭᠤᠯᠤᠨ᠎ᠠ; ᠬᠤᠵᠢᠷᠯᠢᠭ ᠭᠠᠵᠠᠷ ᠵᠡᠷᠭᠡ ᠪᠡᠯᠡᠳᠬᠡᠯ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠪᠠᠶᠠᠨᠨᠠᠭᠤᠷ ᠬᠤᠲᠠ ᠵᠢᠨ ᠬᠤᠵᠢᠷᠯᠢᠭ ᠭᠠᠵᠠᠷ᠎ᠢ ᠶᠡᠷᠦᠩᠬᠡᠶ᠋ᠢᠯᠡᠨ ᠠᠰᠢᠭᠯᠠᠬᠤ ᠲᠤᠷᠰᠢᠯᠲᠠ ᠵᠢ ᠪᠥᠬᠦ ᠲᠠᠯ᠎ᠠ᠎ᠪᠠᠷ ᠠᠬᠢᠭᠤᠯᠵᠤ᠂ ᠪᠥᠬᠦ ᠣᠷᠣᠨ᠎ᠤ 2025 ᠣᠨ᠎ᠳᠤ 4 ᠲᠦᠮᠡᠨ ᠮᠥ᠍ ᠲᠠᠷᠢᠶᠠᠨ ᠭᠠᠵᠠᠷ᠎ᠢ ᠰᠢᠨ᠎ᠡ᠎ᠪᠠᠷ ᠨᠡᠮᠡᠭᠳᠡᠭᠦᠯᠪᠡ᠃ ᠬᠦᠴᠦᠨ ᠵᠦᠢ᠍ᠯ᠎ᠤᠨ ᠪᠠᠲᠤᠯᠠᠭ᠎ᠠ ᠵᠢ ᠰᠠᠶ᠋ᠢᠲᠤᠷ ᠬᠢᠬᠦ ᠲᠠᠯ᠎ᠠ᠎ᠪᠠᠷ᠂ 《ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢᠨ ᠰᠠᠭᠤᠷᠢ ᠭᠦᠢ᠍ᠴᠡᠳᠬᠡᠯ ᠲᠤᠭ᠎ᠠ ᠵᠢᠨ ᠦᠯᠡᠳᠡᠭᠡᠯ ᠭᠦᠢ᠍ᠴᠡᠳᠬᠡᠯ ᠲᠤᠭ᠎ᠠ ᠵᠢᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ; ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠥᠪᠵᠢᠭᠦᠯᠭᠡ᠎ᠳᠤ ᠨᠡᠶ᠋ᠢᠴᠡᠬᠦ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢ᠍ᠯ᠎ᠤᠨ ᠨᠠᠷᠢᠨ ᠬᠠᠭᠤᠳᠠᠰᠤ᠎ᠳᠤ ᠣᠷᠣᠭᠤᠯᠤᠨ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠭᠠᠵᠠᠷ ᠬᠡᠷᠡᠭᠯᠡᠬᠦ ᠲᠥᠯᠥᠪᠯᠡᠭᠡ ᠵᠢᠨ ᠭᠦᠢ᠍ᠴᠡᠳᠬᠡᠯ ᠲᠤᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠨ᠎ᠠ; 《ᠬᠠᠩᠭ᠋ᠠᠯᠭ᠎ᠠ ᠵᠢ ᠪᠠᠲᠤᠯᠠᠬᠤ》 ᠨᠡᠭᠦᠷᠡᠰᠦᠨ ᠠᠭᠤᠷᠬᠠᠢ ᠵᠢᠨ ᠭᠠᠵᠠᠷ ᠬᠡᠷᠡᠭᠯᠡᠬᠦ ᠪᠠᠲᠤᠯᠠᠭ᠎ᠠ ᠪᠠ ᠵᠥᠪᠰᠢᠶᠡᠷᠡᠭᠰᠡᠨ᠎ᠤ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠰᠠᠶ᠋ᠢᠲᠤᠷ ᠬᠢᠵᠦ᠂ 《ᠬᠠᠩᠭ᠋ᠠᠯᠭ᠎ᠠ ᠵᠢ ᠪᠠᠲᠤᠯᠠᠬᠤ》 ᠨᠡᠭᠦᠷᠡᠰᠦᠨ ᠠᠭᠤᠷᠬᠠᠢ ᠵᠢᠨ ᠦᠢ᠍ᠯᠡᠰ᠎ᠤᠨ ᠡᠷᠬᠡ ᠵᠢᠨ ᠭᠠᠷᠳᠠᠮ᠎ᠢ ᠭᠦᠢ᠍ᠴᠡᠳᠬᠡᠬᠦ ᠵᠢ ᠲᠦᠷᠭᠡᠳᠬᠡᠨ᠎ᠡ᠃ ᠭᠠᠵᠠᠷ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠤᠷᠢᠭ᠎ᠲᠤ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ᠎ᠤᠨ 《ᠪᠠᠷᠢᠮᠵᠢᠶᠠᠲᠤ ᠭᠠᠵᠠᠷ》᠎ᠢ 100%᠎ᠪᠠᠷ ᠬᠠᠩᠭ᠋ᠠᠬᠤ ᠵᠢ ᠦᠷᠭᠦᠯᠵᠢᠯᠡᠨ ᠠᠬᠢᠭᠤᠯᠵᠤ᠂ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ ᠲᠦᠷᠭᠡᠬᠡᠨ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ 《ᠭᠠᠵᠠᠷ ᠰᠢᠷᠣᠶ ᠵᠢᠨ ᠬᠡᠲᠦ ᠳᠡᠯᠭᠡᠭᠦᠷ》 ᠬᠢᠭᠡᠳ ᠠᠶ᠋ᠢᠮᠠᠭ ᠬᠤᠲᠠ ᠵᠢᠨ ᠲᠠᠪᠴᠠᠩ᠎ᠤᠨ ᠵᠠᠯᠭ᠋ᠠᠯᠲᠠ ᠵᠢ ᠨᠡᠪᠲᠡᠷᠡᠭᠦᠯᠵᠦ᠂ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ᠎ᠡ ᠭᠡᠵᠦ ᠳᠤᠷᠠᠳᠪᠠ᠃ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠂ ᠰᠢᠨ᠎ᠡ ᠨᠢᠭᠡᠨ ᠡᠭᠡᠯᠵᠢ ᠵᠢᠨ ᠠᠭᠤᠷᠬᠠᠶ ᠬᠠᠶ᠋ᠢᠬᠤ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠶᠡᠬᠡᠪᠡᠷ ᠲᠦᠯᠬᠢᠨ ᠠᠬᠢᠭᠤᠯᠵᠤ᠂ ᠡᠬᠢ ᠪᠠᠶᠠᠯᠢᠭ᠎ᠤᠨ ᠰᠠᠭᠤᠷᠢᠨ ᠭᠠᠵᠠᠷ᠂ ᠭᠣᠤᠯᠳᠠᠯᠭ᠎ᠠ᠎ᠲᠠᠢ ᠪᠠᠶ᠋ᠢᠴᠠᠭ᠋ᠠᠯᠲᠠ ᠵᠢᠨ ᠣᠷᠣᠨ᠂ ᠭᠣᠤᠯᠳᠠᠯᠭ᠎ᠠ᠎ᠲᠠᠢ ᠬᠠᠶ᠋ᠢᠨ ᠪᠠᠶ᠋ᠢᠴᠠᠭ᠋ᠠᠬᠤ ᠣᠷᠣᠨ ᠬᠢᠭᠡᠳ ᠴᠢᠬᠤᠯᠠ ᠠᠭᠤᠷᠬᠠᠶ ᠵᠢᠨ ᠡᠷᠭᠢᠨ ᠲᠣᠭᠣᠷᠢᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠪᠣᠯᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠠᠵᠢᠯ᠎ᠢ ᠴᠢᠩᠭ᠋ᠠᠳᠬᠠᠨ᠂ ᠤᠯᠠᠭ᠋ᠠᠨᠬᠠᠳᠠ ᠬᠣᠲᠠ᠂ ᠰᠢᠯᠢ ᠵᠢᠨ ᠭᠣᠤᠯ ᠠᠶ᠋ᠢᠮᠠᠭ᠎ᠲᠤ ᠨᠡᠶ᠋ᠢᠭᠡᠮ᠎ᠤᠨ ᠪᠡᠯᠡ ᠮᠥᠩᠭᠥ ᠵᠢᠨ ᠰᠠᠭᠤᠷᠢ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ᠎ᠳᠤ ᠣᠷᠣᠯᠴᠠᠬᠤ ᠲᠤᠷᠰᠢᠯᠲᠠ ᠵᠢ ᠥᠷᠨᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠤᠯᠤᠰ᠎ᠠᠴᠠ ᠪᠠᠭᠤᠯᠭ᠋ᠠᠭᠰᠠᠨ 13 ᠵᠦᠢ᠍ᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠠᠭᠤᠷᠬᠠᠶ ᠡᠷᠢᠬᠦ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠭᠡᠵᠦ ᠳᠤᠷᠠᠳᠤᠨ ᠭᠠᠷᠭ᠋ᠠᠪᠠ᠃ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠠᠯ᠎ᠠ᠎ᠪᠠᠷ᠂ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠵᠢ ᠡᠮᠬᠢ ᠵᠢᠷᠤᠮ᠎ᠲᠠᠢ ᠳᠥᠯᠭᠢᠨ ᠠᠬᠢᠭᠤᠯᠵᠤ᠂ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠤᠯᠤᠰ᠎ᠤᠨ ᠠᠭᠤᠯᠠ ᠤᠰᠤᠨ᠎ᠤ ᠢᠨᠵᠧᠨᠧᠷᠢᠩ᠎ᠤᠨ ᠲᠥᠷᠥᠯ ᠵᠦᠢ᠍ᠯ ᠪᠠ ᠤᠯᠤᠰ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠢᠳᠡᠪᠬᠢᠲᠡᠶ᠎ᠪᠠᠷ ᠴᠢᠷᠮᠠᠶ᠋ᠢᠨ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠨ ᠵᠠᠰᠠᠬᠤ ᠲᠠᠯᠠᠪᠠᠶ ᠵᠢ 100 ᠲᠡᠭᠰᠢ ᠳᠥᠷᠪᠡᠯᠵᠢᠨ ᠺᠢᠯᠤᠮᠸᠲᠷ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠨ ᠵᠠᠰᠠᠬᠤ ᠬᠠᠷᠠᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠤᠳᠤᠷᠢᠳᠬᠤ ᠬᠠᠷᠢᠭᠤᠴᠠᠯᠭ᠎ᠠ᠂ ᠡᠯ᠎ᠡ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠭᠤᠷᠬᠠᠶ ᠵᠢᠨ ᠠᠵᠤ ᠠᠬᠤᠶ᠋ᠢᠯᠠᠯ᠎ᠤᠨ ᠪᠥᠲᠥᠭᠡᠨ ᠪᠠᠶ᠋ᠢᠭᠤᠯᠤᠯᠲᠠ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠥᠮᠥᠷᠭᠡ᠎ᠳᠤ ᠣᠷᠣᠭᠤᠯᠬᠤ ᠨᠥᠬᠦᠴᠡᠯ᠎ᠳᠤ ᠨᠡᠶ᠋ᠢᠴᠡᠬᠦ ᠦᠨᠡᠮᠯᠡᠯ᠎ᠲᠠᠢ ᠦᠢ᠍ᠯᠡᠳᠪᠦᠷᠢᠯᠡᠯ᠎ᠤᠨ ᠲᠣᠮᠣ ᠳᠤᠮᠳᠠ ᠬᠡᠯᠪᠡᠷᠢ ᠵᠢᠨ ᠠᠭᠤᠷᠬᠠᠶ ᠵᠢᠨ ᠣᠷᠣᠬᠤ ᠶᠣᠰᠣᠲᠠᠶ ᠵᠢ᠎ᠨᠢ ᠪᠦᠬᠦᠨ᠎ᠢ ᠣᠷᠣᠭᠤᠯᠬᠤ ᠵᠢ ᠠᠬᠢᠭᠤᠯᠬᠤ ᠬᠡᠷᠡᠭᠲᠡᠶ ᠭᠡᠵᠦ ᠳᠤᠷᠠᠳᠪᠠ᠃ ᠬᠡᠮᠵᠢᠨ ᠵᠢᠷᠤᠭᠯᠠᠬᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠯ᠎ᠠ᠎ᠪᠠᠷ᠂ 2025 ᠣᠨ ᠪᠣᠯᠬᠤ᠎ᠳᠤ ᠪᠥᠬᠦ ᠣᠷᠣᠨ᠎ᠤ 1᠄ 1 ᠲᠦᠮᠡᠨ ᠬᠠᠷᠢᠴᠠᠯ᠎ᠤᠨ ᠭᠠᠵᠠᠷ᠎ᠤᠨ ᠪᠠᠶ᠋ᠢᠴᠠ ᠵᠢᠨ ᠵᠢᠷᠤᠭ᠎ᠠᠴᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠤᠢ ᠵᠢᠨ ᠲᠠᠯᠠᠪᠠᠶ ᠵᠢ ᠪᠦᠷᠢᠨ ᠪᠥᠷᠬᠦᠭᠦᠯᠬᠦ ᠵᠢ ᠪᠡᠶᠡᠯᠡᠭᠦᠯᠵᠦ᠂ ᠪᠣᠳᠠᠲᠤ ᠦᠵᠡᠮᠵᠢ ᠵᠢᠨ ᠭᠤᠷᠪᠠᠨ ᠬᠡᠮᠵᠢᠯᠳᠦ ᠥᠪᠥᠷ ᠮᠣᠩᠭᠤᠯ᠎ᠤᠨ ᠪᠥᠲᠥᠭᠡᠨ ᠪᠠᠶ᠋ᠢᠭᠤᠯᠤᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ ᠭᠡᠵᠦ ᠳᠤᠷᠠᠳᠤᠨ ᠭᠠᠷᠭ᠋ᠠᠪᠠ᠃ ᠬᠢᠨᠠᠨ ᠪᠠᠶ᠋ᠢᠴᠠᠭ᠋ᠠᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠲᠠᠯ᠎ᠠ᠎ᠪᠠᠷ᠂ 《ᠤᠯᠠᠭ᠋ᠠᠨ ᠬᠠᠷ᠎ᠠ ᠰᠠᠮᠪᠠᠷ᠎ᠠ》 ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ 《 ᠬᠠᠤᠯᠢ᠎ᠠᠴᠠ ᠵᠥᠷᠢᠴᠡᠭᠰᠡᠨ ᠬᠡᠷᠡᠭ ᠦᠭᠡᠢ》 ᠬᠤᠰᠢᠭᠤ ᠰᠢᠶᠠᠨ᠎ᠤ ᠪᠥᠲᠥᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠎ᠡ ᠭᠡᠵᠦ ᠳᠤᠷᠠᠳᠪᠠ᠃ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠡᠭᠦᠷᠢᠳᠡ ᠦᠷᠭᠦᠯᠵᠢᠯᠡᠨ ᠠᠰᠢᠭᠯᠠᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠦᠳᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠪᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠱᠤᠭᠤᠮ᠎ᠲᠠᠢ ᠤᠶᠠᠯᠳᠤᠭᠤᠯᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠬᠤ ᠬᠡᠷᠡᠭᠲᠡᠢ ᠭᠡᠵᠦ ᠳᠤᠷᠠᠳᠪᠠ᠃