ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠠᠵᠢᠯ᠎ᠤᠨ ᠲᠡᠷᠢᠭᠦᠨ᠎ᠤ ᠰᠠᠯᠠᠭ᠎ᠠ ᠮᠥᠴᠢᠷ ᠵᠶ᠋ᠠᠷ ᠦᠨᠡᠯᠡᠭᠳᠡᠪᠡ
2024-01-12

   ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠪᠥᠬᠦ ᠣᠷᠣᠨ᠎ᠤ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠲᠦᠷᠢᠮ᠎ᠤᠨ ᠪᠠᠶ᠋ᠢᠭᠤᠯᠤᠯᠲᠠ᠂ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠡᠳ᠋ ᠬᠥᠷᠥᠩᠭᠡ ᠵᠢᠨ ᠰᠠᠷ᠎ᠠ ᠵᠢᠨ ᠮᠡᠳᠡᠭᠦᠯᠦᠯᠲᠡ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢ ᠶᠡᠷᠦᠩᠬᠡᠶ᠋ᠢᠯᠡᠨ ᠮᠡᠳᠡᠭᠦᠯᠬᠦ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢ ᠠᠮᠢᠳᠤᠯᠢᠭ ᠪᠣᠯᠭ᠋ᠠᠬᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠰᠢᠯᠭ᠋ᠠᠨ ᠦᠨᠡᠯᠡᠬᠦ ᠵᠢᠨ ᠬᠠᠮᠲᠤ᠂ 《2023 ᠣᠨ᠎ᠤ ᠪᠥᠬᠦ ᠣᠷᠣᠨ᠎ᠤ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠤᠨ ᠪᠠᠶ᠋ᠢᠳᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 104 ᠰᠠᠯᠠᠭ᠎ᠠ ᠮᠥᠴᠢᠷ᠎ᠤᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠠᠵᠢᠯ᠎ᠤᠨ ᠲᠡᠷᠢᠭᠦᠨ᠎ᠤ ᠰᠠᠯᠠᠭ᠎ᠠ ᠮᠥᠴᠢᠷ ᠵᠶ᠋ᠠᠷ ᠦᠨᠡᠯᠡᠭᠳᠡᠪᠡ᠃

   ᠲᠠᠷᠠᠭ᠋ᠠᠴᠢ ᠵᠢᠨ ᠠᠯᠬᠤᠮ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠤᠯᠠᠮ ᠴᠢᠷᠮᠠᠶ᠋ᠢᠵᠤ᠂ ᠦᠷᠭᠦᠯᠵᠢᠯᠡᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠭᠡᠵᠦ᠂ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠢ ᠡᠬᠢ ᠡᠭᠦᠰᠦᠯ᠎ᠠᠴᠠ᠎ᠨᠢ ᠴᠢᠩᠭ᠋ᠠᠳᠬᠠᠨ ᠵᠢᠷᠤᠮᠵᠢᠭᠤᠯᠵᠤ᠂ ᠳᠣᠲᠣᠭ᠋ᠠᠳᠤ ᠵᠢᠨ ᠡᠵᠡᠮᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠲᠦᠷᠢᠮ ᠲᠣᠭᠲᠠᠭ᠋ᠠᠯ᠎ᠢ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠡᠳ᠋ ᠬᠥᠷᠥᠩᠭᠡ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ