ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ 《ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ》᠎ᠢ ᠨᠡᠶ᠋ᠢᠲᠡᠯᠡᠨ ᠬᠡᠷᠡᠭᠵᠢᠭᠦᠯᠪᠡ
2024-03-20

   ᠣᠶ᠋ᠢᠷ᠎ᠠ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ ᠠᠯᠪᠠᠨ ᠵᠠᠷ》 (2024 ᠣᠨ᠎ᠤ 3 ᠳ᠋ᠤᠭ᠋ᠠᠷ ᠲᠣᠭ᠋ᠠᠲᠤ) ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠭᠰᠠᠨ 《ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ》 (DB15/T 3393—2024)᠎ᠢ ᠨᠡᠶ᠋ᠢᠲᠡᠯᠡᠪᠡ᠃

  《ᠪᠣᠬᠢᠷᠲᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ ᠲᠤᠭᠲᠠᠭ᠋ᠠᠯ》᠎ᠢ ᠨᠡᠶ᠋ᠢᠲᠡᠯᠡᠭᠰᠡᠨ ᠶᠠᠪᠤᠳᠠᠯ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠦᠢ᠍ᠯᠡᠳᠦᠯᠭᠡ ᠵᠢᠨ ᠠᠵᠢᠯᠯᠠᠭ᠎ᠠ ᠮᠥᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ 《ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠰᠠᠨᠠᠯ》᠎ᠤᠨ ᠴᠢᠬᠤᠯᠠ ᠠᠷᠭ᠎ᠠ ᠬᠡᠮᠵᠢᠶ᠎ᠡ ᠮᠥᠨ᠃ 《ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ ᠲᠣᠭᠲᠠᠭ᠋ᠠᠯ》᠎ᠨᠢ 《ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ》 ᠣᠨᠣᠯᠵᠢᠬᠤᠨ ᠶᠣᠰᠣᠭ᠋ᠠᠷ᠂ ᠥᠪᠥᠷ ᠮᠣᠩᠭᠤᠯ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠣᠨᠴᠠᠯᠢᠭ ᠪᠠ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠠᠵᠠᠷ ᠰᠢᠨᠵᠢᠯᠡᠭᠡᠨ᠎ᠤ ᠠᠵᠢᠯ᠎ᠤᠨ ᠠᠷᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠴᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠪᠥᠬᠦ ᠶᠠᠪᠤᠴᠠ᠎ᠳᠤ ᠣᠢ ᠰᠢᠭᠤᠢ᠂ ᠨᠤᠲᠤᠭ ᠪᠡᠯᠴᠢᠭᠡᠷ ᠵᠡᠷᠭᠡ ᠠᠳᠠᠯᠢ ᠪᠤᠰᠤ ᠦᠵᠡᠮᠵᠢ ᠵᠢᠨ ᠣᠷᠣᠨ᠎ᠳᠤ ᠴᠢᠭᠯᠡᠭᠦᠯᠦᠨ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ ᠣᠷᠴᠢᠨ ᠲᠣᠭᠤᠷᠢᠨ᠎ᠢ ᠬᠠᠮᠠᠭ᠋ᠠᠯᠠᠬᠤ ᠬᠠᠶ᠋ᠢᠨ ᠪᠠᠶ᠋ᠢᠴᠠᠭ᠋ᠠᠯᠲᠠ ᠵᠢᠨ ᠠᠷᠭ᠎ᠠ᠂ ᠮᠡᠷᠭᠡᠵᠢᠯ᠂ ᠤᠷᠠᠯᠠᠯ ᠪᠠ ᠲᠥᠬᠦᠭᠡᠷᠦᠮᠵᠢ ᠵᠡᠷᠭᠡ ᠠᠷᠭ᠎ᠠ ᠪᠠᠷᠢᠯ᠎ᠢ ᠲᠥᠷᠥᠯ ᠬᠤᠪᠢᠶᠠᠨ ᠬᠡᠷᠡᠭᠯᠡᠵᠦ᠂ ᠠᠮᠢ ᠠᠬᠤᠢ ᠵᠢᠨ ᠣᠷᠴᠢᠨ ᠲᠣᠭᠤᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠵᠢ ᠪᠠᠭ᠋ᠠᠰᠬᠠᠬᠤ ᠪᠤᠶᠤ ᠵᠠᠶ᠋ᠢᠯᠠᠰᠬᠢᠬᠦ ᠵᠢᠨ ᠬᠠᠮᠲᠤ᠂ ᠬᠠᠷᠰᠢᠯᠠᠭᠳᠠᠭᠰᠠᠨ ᠣᠷᠴᠢᠨ ᠲᠣᠭᠤᠷᠢᠨ᠎ᠢ ᠵᠠᠰᠠᠨ ᠰᠡᠷᠭᠦᠭᠡᠵᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠬᠢᠭᠡᠳ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠡᠶ᠎ᠡ ᠵᠣᠬᠢᠴᠠᠯ᠎ᠲᠠᠢ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ ᠵᠢ ᠪᠡᠶᠡᠯᠡᠭᠦᠯᠵᠦ᠂ ᠥᠪᠥᠷ ᠮᠣᠩᠭᠤᠯ᠎ᠤᠨ ᠤᠯᠤᠰ᠎ᠤᠨ ᠴᠢᠬᠤᠯᠠ ᠡᠨᠧᠷᠭᠢ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠠ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃

   ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠠᠯᠠ ᠮᠥᠩᠭᠦ ᠭᠠᠷᠭ᠋ᠠᠵᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠲᠥᠷᠥᠯ ᠵᠦᠢ᠍ᠯ ᠵᠶ᠋ᠠᠷ ᠵᠢᠱ᠌ᠢᠶ᠎ᠡ ᠦᠵᠡᠭᠦᠯᠵᠦ᠂ ᠠᠯᠬᠤᠮ ᠠᠯᠬᠤᠮ ᠵᠶ᠋ᠠᠷ ᠪᠥᠬᠦ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ ᠳᠠᠰᠢ ᠳᠡᠯᠭᠡᠷᠡᠭᠦᠯᠵᠦ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠨᠣᠯᠵᠢᠬᠤᠨ᠎ᠢ ᠬᠥᠮᠦᠰ᠎ᠤᠨ ᠰᠡᠳᠬᠢᠯ᠎ᠳᠤ ᠨᠠᠩ ᠭᠦᠨ ᠬᠠᠳᠠᠩᠰᠢᠭᠤᠯᠵᠤ᠂ ᠥᠪᠥᠷ ᠮᠣᠩᠭᠤᠯ᠎ᠤᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠠᠵᠢᠯ ᠲᠥᠷᠥᠯ᠎ᠤᠨ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ