ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠵᠢᠷᠭᠤᠭ᠋ᠠᠨ ᠠᠵᠢᠯᠯᠠᠭ᠎ᠠ》᠎ᠳᠤ ᠳᠤᠷᠠᠳᠤᠭᠰᠠᠨ ᠭᠠᠵᠠᠷ ᠬᠡᠷᠡᠭᠯᠡᠬᠦ ᠬᠦᠴᠦᠨ ᠵᠦᠢ᠍ᠯ᠎ᠤᠨ ᠪᠠᠲᠤᠯᠠᠭ᠎ᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠠᠯᠢ ᠣᠯᠠᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠠᠪᠤᠪᠠ᠃ 2 ᠳ᠋ᠤᠭ᠋ᠠᠷ ᠰᠠᠷ᠎ᠠ ᠵᠢᠨ 17᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠵᠠᠶ ᠵᠢᠨ ᠬᠦᠴᠦᠨ ᠵᠦᠢ᠍ᠯ᠎ᠢ ᠪᠠᠶ᠋ᠢᠴᠠᠭ᠋ᠠᠨ ᠯᠠᠪᠯᠠᠬᠤ ᠲᠠᠪᠴᠠᠩ᠎ᠢ ᠵᠢᠩᠬᠢᠨᠢ᠎ᠪᠠᠷ ᠰᠦᠯᠵᠢᠶᠡᠨ᠎ᠳᠤ ᠣᠷᠣᠭᠤᠯᠤᠨ ᠲᠤᠷᠰᠢᠨ ᠠᠵᠢᠯᠯᠠᠭᠤᠯᠵᠤ᠂ ᠨᠡᠶ᠋ᠢᠭᠡᠮ ᠨᠡᠶ᠋ᠢᠲᠡ᠎ᠳᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠳᠠᠷᠤᠭᠳᠠᠭᠰᠠᠨ ᠠᠭᠤᠷᠬᠠᠶ ᠵᠢᠴᠢ ᠠᠭᠤᠷᠬᠠᠶ ᠵᠢᠨ ᠦᠢ᠍ᠯᠡᠰ᠎ᠤᠨ ᠡᠷᠬᠡ ᠵᠡᠷᠭᠡ ᠲᠤᠭ᠎ᠠ ᠪᠠᠷᠢᠮᠲᠠ ᠵᠢ ᠴᠠᠭ ᠲᠤᠬᠠᠶ᠎ᠳᠤᠨᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠵᠤ᠂ ᠭᠠᠵᠠᠷ ᠬᠡᠷᠡᠭᠯᠡᠬᠦ ᠠᠵᠤ ᠠᠬᠤᠶ᠋ᠢᠯᠠᠯ ᠪᠠ ᠨᠡᠶ᠋ᠢᠭᠡᠮ ᠨᠡᠶ᠋ᠢᠲᠡ ᠵᠢᠨ ᠪᠠᠶ᠋ᠢᠳᠠᠯ᠎ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠵᠢ ᠦᠨᠡᠨ ᠬᠦ᠌ ᠪᠠᠲᠤᠯᠠᠨ᠂ ᠲᠥᠷᠥᠯ ᠵᠦᠢ᠍ᠯ᠎ᠤᠨ ᠭᠠᠵᠠᠷ ᠰᠣᠩᠭᠤᠬᠤ᠎ᠳᠤ ᠡᠯ᠎ᠡ ᠲᠥᠷᠥᠯ᠎ᠤᠨ ᠬᠠᠮᠢᠶᠠᠷᠤᠨ ᠡᠵᠡᠮᠳᠡᠬᠦ ᠣᠷᠣᠨ᠎ᠳᠤ ᠵᠦᠶ ᠵᠣᠬᠢᠰᠲᠠᠶ ᠦᠢ᠍ᠯᠡᠴᠢᠯᠡᠭᠡ ᠬᠠᠩᠭ᠋ᠠᠵᠤ᠂ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠨ ᠪᠥᠲᠥᠭᠡᠨ ᠪᠠᠶ᠋ᠢᠭᠤᠯᠬᠤ ᠵᠢ ᠪᠦᠲᠦᠮᠵᠢᠲᠡᠶ ᠠᠬᠢᠭᠤᠯᠪᠠ᠃
ᠭᠠᠵᠠᠷ ᠬᠡᠷᠡᠭᠯᠡᠬᠦ ᠠᠵᠤ ᠠᠬᠤᠶ᠋ᠢᠯᠠᠯ ᠪᠠ ᠨᠡᠶ᠋ᠢᠭᠡᠮ ᠨᠡᠶ᠋ᠢᠲᠡ᠎ᠪᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠫᠤᠷᠲ᠋ᠧᠯ ᠰᠦᠯᠵᠢᠶᠡᠨ᠎ᠤ ᠲᠦᠷᠦᠭᠦᠦ ᠨᠢᠭᠤᠷ᠎ᠤᠨ 《ᠲᠤᠬᠠᠶ᠋ᠢᠯᠠᠭᠰᠠᠨ ᠠᠵᠢᠯ᠎ᠤᠨ ᠪᠠᠶ᠋ᠢᠴᠠᠭ᠋ᠠᠨ ᠯᠠᠪᠯᠠᠬᠤ》 ᠪᠤᠶᠤ ᠠᠷᠠᠳ᠎ᠲᠤ ᠲᠥᠬᠦᠮ ᠦᠵᠡᠭᠦᠯᠬᠦ ᠬᠡᠷᠡᠭᠯᠡᠯᠲᠡ᠎ᠳᠤ ᠲᠥᠬᠦᠮ ᠦᠵᠡᠭᠦᠯᠬᠦ 《ᠣᠷᠣᠨ ᠵᠠᠶ ᠵᠢᠨ ᠬᠦᠴᠦᠨ ᠵᠦᠢ᠍ᠯ᠎ᠤᠨ ᠪᠠᠶ᠋ᠢᠴᠠᠭ᠋ᠠᠨ ᠯᠠᠪᠯᠠᠬᠤ》 ᠵᠢ ᠰᠤᠷᠪᠤᠯᠵᠢᠯᠠᠬᠤ᠎ᠪᠠᠷ ᠳᠠᠮᠵᠢᠭᠤᠯᠤᠨ᠂ ᠪᠣᠳᠠᠲᠠᠶ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠪᠠᠶ᠋ᠢᠴᠠᠭ᠋ᠠᠨ ᠯᠠᠪᠯᠠᠬᠤ᠂ ᠥᠪᠡᠰᠦᠪᠡᠨ ᠵᠢᠷᠤᠵᠤ ᠪᠠᠶ᠋ᠢᠴᠠᠭ᠋ᠠᠨ ᠯᠠᠪᠯᠠᠬᠤ ᠪᠠ ᠰᠣᠯᠪᠢᠴᠠᠭᠤᠯᠤᠨ ᠪᠠᠶ᠋ᠢᠴᠠᠭ᠋ᠠᠨ ᠯᠠᠪᠯᠠᠬᠤ ᠭᠤᠷᠪᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠢᠭᠡᠨᠲᠡ ᠢᠯᠡ ᠪᠣᠯᠭ᠋ᠠᠭᠰᠠᠨ ᠡᠯ᠎ᠡ ᠲᠥᠷᠥᠯ᠎ᠤᠨ ᠣᠷᠣᠨ ᠵᠠᠶ ᠵᠢᠨ ᠬᠦᠴᠦᠨ ᠵᠦᠢ᠍ᠯ᠎ᠤᠨ ᠮᠡᠳᠡᠭᠡ ᠵᠠᠩᠭᠢ ᠵᠢ ᠪᠡᠶ᠎ᠡ᠎ᠪᠠᠨ ᠳᠠᠭ᠋ᠠᠭ᠋ᠠᠨ᠂ ᠳᠥᠭᠦᠮ ᠳᠥᠲᠡ᠂ ᠲᠦᠷᠭᠡᠨ ᠪᠥᠭᠡᠳ ᠲᠦᠷᠭᠡᠨ ᠵᠶ᠋ᠠᠷ ᠪᠠᠶ᠋ᠢᠴᠠᠭ᠋ᠠᠨ ᠯᠠᠪᠯᠠᠵᠤ ᠪᠣᠯᠤᠨ᠎ᠠ᠃ ᠡᠭᠦᠨ᠎ᠠᠴᠠ ᠭᠠᠳᠠᠨ᠎ᠠ᠂ ᠲᠠᠪᠴᠠᠩ᠎ᠨᠢ ᠲᠤᠭ᠎ᠠ ᠪᠠᠷᠢᠮᠲᠠ ᠵᠢᠨ ᠦᠵᠡᠭᠳᠡᠮᠡᠯ ᠴᠢᠳᠠᠮᠵᠢ ᠵᠢ ᠬᠠᠩᠭ᠋ᠠᠵᠤ᠂ ᠰᠢᠭᠤᠳ ᠦᠵᠡᠭᠦᠯᠬᠦ ᠵᠢᠷᠤᠭ ᠬᠦᠰᠦᠨᠦᠭᠲᠦ ᠪᠠ ᠭᠠᠵᠠᠷ᠎ᠤᠨ ᠵᠢᠷᠤᠭ ᠵᠶ᠋ᠠᠷ ᠳᠠᠮᠵᠢᠭᠤᠯᠤᠨ᠂ ᠡᠯ᠎ᠡ ᠲᠥᠷᠥᠯ᠎ᠤᠨ ᠣᠷᠣᠨ ᠵᠠᠶ ᠵᠢᠨ ᠡᠯᠧᠮᠧᠨ᠋ᠲ᠎ᠤᠨ ᠲᠠᠷᠬᠠᠯᠲᠠ ᠵᠢᠨ ᠪᠠᠶ᠋ᠢᠳᠠᠯ᠎ᠢ ᠨᠠᠩ ᠲᠣᠳᠣᠷᠬᠠᠶ ᠳᠡᠯᠭᠡᠨ ᠦᠵᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠭᠠᠵᠠᠷ ᠰᠣᠩᠭᠤᠬᠤ᠎ᠳᠤ ᠮᠡᠳᠡᠭᠡ ᠵᠠᠩᠭᠢ ᠵᠢᠨ ᠳᠡᠮᠵᠢᠯᠭᠡ ᠬᠠᠩᠭ᠋ᠠᠭᠰᠠᠨ ᠪᠠᠶ᠋ᠢᠨ᠎ᠠ᠃
ᠲᠣᠰ ᠲᠠᠪᠴᠠᠩ᠎ᠢ ᠰᠦᠯᠵᠢᠶᠡᠨ᠎ᠳᠤ ᠣᠷᠣᠭᠤᠯᠬᠤ᠎ᠨᠢ ᠭᠠᠵᠠᠷ ᠬᠡᠷᠡᠭᠯᠡᠬᠦ ᠠᠵᠤ ᠠᠬᠤᠶ᠋ᠢᠯᠠᠯ ᠪᠠ ᠨᠡᠶ᠋ᠢᠭᠡᠮ ᠨᠡᠶ᠋ᠢᠲᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠲᠤᠭ᠎ᠠ ᠪᠠᠷᠢᠮᠲᠠ ᠵᠢ ᠤᠯᠬᠤ ᠪᠠ ᠠᠰᠢᠭᠯᠠᠬᠤ᠎ᠳᠤ ᠲᠦᠢ᠍ᠯ᠎ᠤᠨ ᠶᠡᠭᠡ ᠲᠥᠬᠦᠮ ᠪᠠᠶ᠋ᠢᠵᠤ᠂ ᠲᠥᠯᠥᠪᠵᠢᠭᠦᠯᠭᠡ᠂ ᠪᠥᠲᠥᠭᠡᠨ ᠪᠠᠶ᠋ᠢᠭᠤᠯᠤᠯᠲᠠ᠂ ᠪᠠᠯᠠ ᠣᠷᠣᠭᠤᠯᠤᠯᠲᠠ ᠵᠡᠷᠭᠡ ᠠᠵᠢᠯᠯᠠᠭ᠎ᠠ᠎ᠳᠤ ᠨᠠᠩ ᠰᠢᠨᠵᠢᠯᠡᠬᠦ ᠤᠬᠠᠭ᠋ᠠᠨᠴᠢ ᠪᠥᠭᠡᠳ ᠣᠨᠣᠪᠴᠢᠲᠠᠶ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃ ᠣᠳᠣᠬᠠᠨ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠶᠠᠭ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠵᠠᠶ ᠵᠢᠨ ᠡᠯᠧᠮᠧᠨ᠋ᠲ᠎ᠢ ᠪᠠᠶ᠋ᠢᠴᠠᠭ᠋ᠠᠨ ᠯᠠᠪᠯᠠᠬᠤ ᠲᠠᠪᠴᠠᠩ᠎ᠤᠨ ᠸᠢᠴᠠᠲ᠎ᠤᠨ ᠵᠢᠵᠢᠭ ᠫᠷᠤᠭ᠌ᠷᠠᠮ᠎ᠢ ᠰᠤᠳᠤᠯᠤᠨ ᠨᠡᠭᠡᠭᠡᠵᠦ ᠪᠠᠶ᠋ᠢᠨ᠎ᠠ᠂ ᠵᠢᠩᠬᠢᠨᠢ᠎ᠪᠠᠷ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠤᠭ᠎ᠠ ᠪᠠᠷᠢᠮᠲᠠ ᠵᠢ ᠭᠠᠵᠠᠷ ᠬᠡᠷᠡᠭᠯᠡᠬᠦ ᠠᠵᠤ ᠠᠬᠤᠶ᠋ᠢᠯᠠᠯ ᠪᠠ ᠨᠡᠶ᠋ᠢᠭᠡᠮ ᠨᠡᠶ᠋ᠢᠲᠡ᠎ᠳᠤ ᠬᠠᠨᠳᠤᠭᠤᠯᠤᠨ ᠬᠡᠷᠡᠭᠯᠡᠬᠦ ᠵᠢᠨ ᠳᠥᠭᠦᠮ ᠳᠥᠲᠡ ᠴᠢᠨᠠᠷ᠂ ᠴᠠᠭ ᠲᠤᠬᠠᠶ᠎ᠳᠤᠨᠢ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠪᠣᠯᠤᠨ᠎ᠠ᠃ ᠡᠭᠦᠨ᠎ᠤ ᠬᠠᠮᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ᠂ ᠦᠢ᠍ᠯᠡᠴᠢᠯᠡᠭᠡ᠎ᠪᠠᠨ ᠰᠢᠯᠢᠳᠡᠭᠵᠢᠭᠦᠯᠬᠦ᠎ᠳᠤ ᠬᠦᠴᠦᠲᠡᠶ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠪᠠ᠃