ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠭᠡᠯ᠎ᠤᠨ 2023 ᠣᠨ᠎ᠤ ᠲᠡᠷᠢᠭᠦᠨ᠎ᠤ ᠨᠢᠭᠡᠴᠢ᠎ᠳᠤ ᠵᠢᠭᠰᠠᠭ᠋ᠠᠭᠳᠠᠪᠠ
2024-12-30

   ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠥᠬᠦ ᠣᠷᠣᠨ᠎ᠤ ᠲᠥᠰᠦᠪ᠎ᠤᠨ ᠭᠦᠢ᠍ᠴᠡᠳᠬᠡᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠵᠦ᠂ 2023 ᠣᠨ᠎ᠤ ᠪᠥᠬᠦ ᠣᠷᠣᠨ᠎ᠤ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ᠎ᠤᠨ ᠠᠵᠢᠯ᠎ᠤᠨ ᠲᠡᠷᠢᠭᠦᠨ᠎ᠤ ᠨᠢᠭᠡᠴᠢ ᠵᠢ ᠵᠠᠷᠯᠠᠨ ᠬᠥᠬᠢᠭᠦᠯᠦᠨ ᠰᠠᠶ᠋ᠢᠰᠢᠶᠠᠪᠠ᠃ ᠠᠳᠠᠯᠢᠳᠬᠠᠨ ᠰᠢᠯᠭ᠋ᠠᠷᠠᠭᠤᠯᠵᠤ ᠬᠤᠪᠢ ᠤᠯᠤᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ᠎ᠤᠨ 2023 ᠣᠨ᠎ᠤ ᠲᠡᠷᠢᠭᠦᠨ᠎ᠤ ᠨᠢᠭᠡᠴᠢ᠎ᠳᠤ ᠵᠢᠭᠰᠠᠭ᠋ᠠᠭᠳᠠᠵᠤ᠂ ᠨᠢᠭᠡᠳᠦᠭᠡᠷ ᠳᠡᠰ᠎ᠤᠨ ᠱᠠᠩᠨᠠᠯ ᠭᠥᠷᠳᠡᠪᠡ᠃ ᠢᠩᠭᠢᠭᠰᠡᠨ ᠵᠶ᠋ᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠨᠢᠭᠡᠨᠲᠡ 23 ᠵᠢᠯ ᠳᠠᠷᠠᠭ᠋ᠠᠯᠠᠨ ᠲᠡᠷᠢᠭᠦᠨ᠎ᠤ ᠨᠢᠭᠡᠴᠢ ᠵᠢᠨ ᠢᠷᠠᠭᠤ ᠠᠯᠳᠠᠷ᠎ᠢ ᠬᠦᠷᠲᠡᠪᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ