ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ — ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ
2025-05-13

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠪᠦᠬᠦ ᠲᠠᠯ᠎ᠠ ᠪᠣᠯᠤᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ  ᠬᠠᠥᠯᠢ᠎ᠪᠠᠷ ᠵᠠᠰᠠᠬᠤ ᠪᠠᠶ᠋ᠢᠷᠢ ᠲᠣᠭᠲᠠᠭ᠋ᠠᠯᠲᠠ ᠵᠢ ᠲᠣᠭᠲᠠᠭ᠋ᠠᠵᠤ᠂ ᠬᠠᠥᠯᠢ᠎ᠪᠠᠷ ᠵᠠᠰᠠᠬᠤ ᠪᠠᠶ᠋ᠢᠷᠢᠰᠢᠯ᠎ᠢ ᠴᠢᠩᠭ᠎ᠠ ᠬᠡᠷᠡᠭᠵᠢᠭᠦᠯᠵᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠢ ᠠᠯᠢ ᠤᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ ᠵᠢ ᠪᠦᠲᠦᠭᠡᠯᠴᠢ ᠴᠢᠨᠠᠷᠲᠠᠢ᠎ᠪᠠᠷ ᠳᠤᠷᠠᠳᠴᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠪᠦᠷᠢᠯᠳᠦᠭᠦᠯᠪᠡ᠃ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ ᠠᠭᠤᠯᠤᠭᠳᠠᠬᠤᠨ ᠡᠯᠪᠡᠭ ᠪᠠᠶᠠᠯᠢᠭ᠂ ᠥᠭᠦᠯᠡᠯᠲᠡ ᠭᠦᠨ ᠭᠦᠨᠵᠡᠭᠡᠢ᠂ ᠯᠣᠭᠢᠭ ᠨᠢᠭᠲᠠ ᠴᠢᠩᠭ᠎ᠠ᠂ ᠰᠢᠰᠲ᠋ᠧᠮ ᠪᠦᠷᠢᠨ ᠲᠡᠭᠦᠯᠳᠡᠷ᠂ ᠲᠡᠦᠬᠡ ᠪᠣᠯᠤᠨ ᠪᠣᠳᠠᠲᠤ ᠪᠠᠶ᠋ᠢᠳᠠᠯ᠎ᠢ ᠬᠠᠷᠢᠯᠴᠠᠨ ᠨᠡᠪᠲᠡᠷᠡᠯᠴᠡᠭᠦᠯᠬᠦ᠂ ᠤᠯᠠᠨ ᠤᠯᠤᠰ ᠪᠣᠯᠤᠨ ᠤᠯᠤᠰ᠎ᠤᠨ ᠳᠣᠲᠣᠭ᠋ᠠᠳᠤ ᠵᠢᠨ ᠬᠠᠷᠢᠯᠴᠠᠨ ᠬᠤᠯᠪᠣᠭ᠋ᠠᠯᠠᠬᠤ᠂ ᠤᠨᠤᠯ ᠪᠣᠯᠤᠨ ᠪᠣᠳᠠᠲᠤ ᠪᠠᠶ᠋ᠢᠳᠠᠯ᠎ᠢ ᠤᠶᠠᠯᠳᠤᠭᠤᠯᠬᠤ ᠲᠠᠯ᠎ᠠ᠎ᠠᠴᠠ ᠰᠢᠨ᠎ᠡ ᠴᠠᠭ ᠦᠶ᠎ᠡ᠎ᠳᠤ ᠶᠠᠭᠤᠨ᠎ᠳᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠡᠭᠵᠢᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠬᠢᠨ ᠬᠡᠷᠡᠭᠵᠢᠭᠦᠯᠬᠦ ᠵᠡᠷᠭᠡ ᠠᠯᠢ ᠤᠯᠠᠨ ᠴᠢᠬᠤᠯᠠ ᠶᠡᠭᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠦᠨ ᠪᠤᠢ ᠪᠣᠯᠤᠭᠰᠠᠨ ᠴᠢᠬᠤᠯᠠ ᠶᠡᠭᠡ ᠤᠨᠤᠯ᠎ᠤᠨ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ ᠮᠥᠨ᠂ ᠮᠠᠷᠺᠰ᠎ᠤᠨ ᠦᠵᠡᠯ᠎ᠤᠨ ᠬᠠᠥᠯᠢ᠎ᠪᠠᠷ ᠵᠠᠰᠠᠬᠤ ᠤᠨᠤᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠰᠢᠨ᠎ᠡ ᠴᠠᠭ ᠦᠶ᠎ᠡ ᠵᠢᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠃

  2020 ᠣᠨ᠎ᠤ 11 ᠳ᠋ᠦ᠍ᠭᠡᠷ ᠰᠠᠷ᠎ᠠ ᠵᠢᠨ 16᠎ᠤ ᠡᠳᠦᠷ᠎ᠠᠴᠠ 17᠎ᠤ ᠡᠳᠦᠷ ᠪᠣᠯᠲᠠᠯ᠎ᠠ᠂ ᠲᠥᠪ᠎ᠤᠨ ᠪᠥᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠠᠴᠠ ᠠᠩᠬ᠎ᠠ ᠤᠳᠠᠭ᠎ᠠ 《ᠠᠷᠪᠠᠨ ᠨᠢᠭᠡᠨ ᠪᠠᠷᠢᠮᠲᠠᠯᠠᠯ》 ᠵᠶ᠋ᠠᠷ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠪᠡ᠃ ᠲᠤᠬᠠᠶ᠋ᠢᠯᠠᠪᠠᠯ᠄ (1) ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠤᠳᠤᠷᠢᠳᠤᠯᠭ᠎ᠠ ᠵᠢ ᠪᠠᠷᠢᠮᠲᠠᠯᠠᠨ᠎ᠠ;   (2) ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠨ᠎ᠠ; (3) ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢ ᠪᠠᠷᠢᠮᠲᠠᠯᠠᠨ᠎ᠠ; (4) ᠦᠨᠳᠦᠰᠦᠨ ᠬᠠᠤᠯᠢ᠎ᠪᠠᠷ ᠤᠯᠤᠰ ᠵᠶ᠋ᠠᠨ ᠵᠠᠰᠠᠬᠤ᠂ ᠦᠨᠳᠦᠰᠦᠨ ᠬᠠᠤᠯᠢ᠎ᠪᠠᠷ ᠵᠠᠰᠠᠭ ᠪᠠᠷᠢᠬᠤ ᠵᠢ ᠪᠠᠷᠢᠮᠲᠠᠯᠠᠨ᠎ᠠ; (5) ᠬᠠᠤᠯᠢ᠎ᠪᠠᠷ ᠵᠠᠰᠠᠬᠤ ᠵᠠᠮ ᠳᠡᠭᠡᠷ᠎ᠡ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠵᠢ ᠪᠠᠷᠢᠮᠲᠠᠯᠠᠨ᠎ᠠ; (6) ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮᠵᠢ ᠵᠢ ᠪᠠᠶ᠋ᠢᠭᠤᠯᠤᠨ᠎ᠠ; (7) ᠬᠠᠤᠯᠢ᠎ᠪᠠᠷ ᠤᠯᠤᠰ ᠵᠶ᠋ᠠᠨ ᠵᠠᠰᠠᠬᠤ᠂ ᠬᠠᠤᠯᠢ ᠶᠣᠰᠣᠭ᠋ᠠᠷ ᠲᠥᠷᠥ ᠪᠠᠷᠢᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠬᠠᠮᠲᠤ᠎ᠪᠠᠷ ᠲᠦᠯᠬᠢᠨ ᠠᠬᠢᠭᠤᠯᠬᠤ ᠵᠢ ᠪᠠᠷᠢᠮᠲᠠᠯᠠᠨ᠎ᠠ; ᠬᠠᠤᠯᠢ᠎ᠪᠠᠷ ᠵᠠᠰᠠᠬᠤ ᠤᠯᠤᠰ᠂ ᠬᠠᠤᠯᠢ᠎ᠪᠠᠷ ᠵᠠᠰᠠᠭ ᠪᠠᠷᠢᠬᠤ᠂ ᠬᠠᠤᠯᠢ᠎ᠪᠠᠷ ᠵᠠᠰᠠᠬᠤ ᠨᠡᠶ᠋ᠢᠭᠡᠮ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠬᠠᠮᠲᠤ᠎ᠪᠠᠷ ᠲᠦᠯᠬᠢᠨ ᠠᠬᠢᠭᠤᠯᠤᠨ᠎ᠠ; (8) ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ ᠵᠢ ᠪᠠᠷᠢᠮᠲᠠᠯᠠᠨ᠎ᠠ; (9) ᠤᠯᠤᠰ᠎ᠤᠨ ᠳᠣᠲᠣᠭ᠋ᠠᠳᠤ ᠵᠢᠨ ᠬᠠᠤᠯᠢ᠎ᠪᠠᠷ ᠵᠠᠰᠠᠬᠤ ᠪᠠ ᠭᠠᠳᠠᠭ᠋ᠠᠳᠤ᠎ᠳᠤ ᠬᠤᠯᠪᠣᠭᠳᠠᠬᠤ ᠬᠠᠤᠯᠢ᠎ᠪᠠᠷ ᠵᠠᠰᠠᠬᠤ ᠵᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠵᠢ ᠪᠠᠷᠢᠮᠲᠠᠯᠠᠨ᠎ᠠ; (10) ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠴᠢᠨᠠᠷ᠎ᠲᠠᠢ ᠬᠠᠤᠯᠢ᠎ᠪᠠᠷ ᠵᠠᠰᠠᠬᠤ ᠠᠵᠢᠯ᠎ᠤᠨ ᠡᠩᠨᠡᠭᠡ ᠵᠢ ᠪᠠᠶ᠋ᠢᠭᠤᠯᠤᠨ᠎ᠠ; (11) ᠤᠳᠤᠷᠢᠳᠬᠤ ᠺᠠᠳ᠋ᠷ ᠭᠡᠬᠦ ᠡᠨᠡ ᠬᠦ᠌ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠪᠠᠷᠢᠮᠳᠠᠯᠠᠨ᠎ᠠ᠃

   ᠨᠠᠮ᠎ᠤᠨ ᠲᠥᠪ ᠬᠤᠷᠢᠶᠠᠨ᠎ᠤ ᠤᠬᠠᠭᠤᠯᠬᠤ ᠬᠡᠯᠲᠡᠰ᠂ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠬᠤᠷᠢᠶᠠᠨ᠎ᠤ ᠠᠯᠪᠠᠨ ᠭᠡᠷ᠎ᠤᠨ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠭᠰᠠᠨ 《ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ ᠰᠤᠷᠤᠯᠴᠠᠯᠭ᠎ᠠ ᠵᠢᠨ ᠬᠥᠲᠥᠯᠪᠦᠷᠢ》᠎ᠨᠢ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠡᠭᠵᠢᠭᠦᠯᠬᠦ ᠢᠯᠡ ᠲᠣᠳᠣ ᠭᠤᠣᠯ ᠰᠡᠳᠦᠪ ᠪᠣᠯᠤᠭᠰᠠᠨ᠎ᠤ ᠬᠤᠪᠢ᠎ᠳᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ 《ᠠᠷᠪᠠᠨ ᠨᠢᠭᠡᠨ ᠪᠠᠷᠢᠮᠲᠠᠯᠠᠯ》᠎ᠤᠨ ᠭᠤᠣᠯ ᠴᠢᠬᠤᠯᠠ ᠠᠭᠤᠯᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠬᠤ᠎ᠲᠠᠢ ᠨᠢᠭᠲᠠ ᠤᠶᠠᠯᠳᠤᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠦᠨᠳᠦᠰᠦᠨ ᠪᠠᠲᠤᠯᠠᠭ᠎ᠠ᠂ ᠦᠨᠳᠦᠰᠦᠨ ᠵᠣᠭᠰᠣᠯᠲᠠ᠂ ᠵᠥᠪ ᠵᠠᠮ᠂ ᠲᠡᠷᠢᠭᠦᠨ ᠴᠢᠬᠤᠯᠠ ᠡᠭᠦᠷᠭᠡ᠂ ᠴᠠᠭ ᠦᠶ᠎ᠡ ᠵᠢᠨ ᠡᠭᠦᠷᠭᠡ᠂ ᠶᠡᠷᠦᠩᠬᠡᠢ ᠭᠠᠷᠳᠠᠴᠠ᠂ ᠠᠵᠢᠯ᠎ᠤᠨ ᠪᠠᠶ᠋ᠢᠷᠢᠰᠢᠭᠤᠯᠤᠯᠲᠠ᠂ ᠴᠢᠬᠤᠯᠠ ᠭᠤᠭᠴᠤᠭ᠎ᠠ᠂ ᠲᠤᠯᠭ᠋ᠠᠮ᠎ᠠ ᠡᠭᠦᠷᠭᠡ᠂ ᠰᠠᠭᠤᠷᠢ ᠴᠢᠨᠠᠷᠲᠠᠢ ᠪᠠᠲᠤᠯᠠᠭ᠎ᠠ᠂ ᠵᠠᠩᠭᠢᠯᠠᠭ᠎ᠠ ᠵᠡᠷᠭᠡ ᠵᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠵᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠤᠯᠤᠰ ᠲᠦᠷᠦ ᠵᠢᠨ ᠴᠢᠭᠯᠡᠯ᠂ ᠴᠢᠬᠤᠯᠠ ᠪᠠᠶ᠋ᠢᠷᠢ ᠰᠠᠭᠤᠷᠢ᠂ ᠭᠤᠣᠯᠳᠠᠯᠭ᠎ᠠ᠎ᠲᠠᠢ ᠡᠭᠦᠷᠭᠡ᠂ ᠴᠢᠬᠤᠯᠠ ᠶᠡᠭᠡ ᠬᠠᠷᠢᠴᠠᠭ᠎ᠠ᠂ ᠠᠵᠢᠯ᠎ᠤᠨ ᠪᠠᠶ᠋ᠢᠷᠢᠰᠢᠭᠤᠯᠤᠯᠲᠠ᠂ ᠴᠢᠬᠤᠯᠠ ᠪᠠᠲᠤᠯᠠᠭ᠎ᠠ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠋ᠠᠨ᠎ᠤ ᠦᠨᠳᠦᠰᠦᠨ ᠵᠣᠷᠢᠭ ᠰᠠᠨᠠᠭ᠎ᠠ᠂ ᠦᠨᠳᠦᠰᠦᠨ ᠠᠭᠤᠯᠭ᠎ᠠ᠂ ᠦᠨᠳᠦᠰᠦᠨ ᠱᠠᠭ᠋ᠠᠷᠳᠠᠯᠭ᠎ᠠ ᠵᠢ ᠭᠦᠨᠵᠡᠭᠡᠢ ᠤᠢ᠍ᠢ᠍ᠯᠠᠭ᠋ᠠᠨ ᠡᠵᠡᠮᠰᠢᠬᠦ᠎ᠳᠤ ᠴᠢᠬᠤᠯᠠ ᠡᠷᠬᠡ ᠰᠦᠷᠲᠦ ᠲᠠᠶ᠋ᠢᠯᠤᠮᠵᠢ ᠬᠠᠩᠭ᠋ᠠᠵᠠᠢ᠃

 

ᠢᠷᠡᠯᠲᠡ᠄ ᠡᠪ ᠬᠠᠮᠲᠤ ᠨᠠᠮ᠎ᠤᠨ ᠭᠡᠰᠢᠭᠦᠨ᠎ᠤ ᠰᠦᠯᠵᠢᠶ᠎ᠡ