ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠭᠤᠣᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠥᠲᠥᠯᠪᠦᠷᠢ ᠵᠢᠨ ᠴᠢᠨᠠᠷᠲᠠᠢ ᠲᠤᠯᠭᠤᠷ ᠪᠢᠴᠢᠭ — ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ
2025-05-26

   ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠣᠯ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠲᠠᠰᠢᠷᠠᠮ᠎ᠳᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠵᠢᠯ ᠪᠣᠯᠤᠨ᠎ᠠ᠂ ᠨᠢᠭᠡ ᠤᠳᠠᠭ᠎ᠠ ᠵᠢᠨ ᠣᠨᠴᠠᠭ᠋ᠠᠢ ᠴᠢᠬᠤᠯᠠ ᠠᠴᠢ ᠬᠤᠯᠪᠣᠭᠳᠠᠯ᠎ᠲᠠᠢ ᠬᠤᠷᠠᠯ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠤᠳᠬ᠎ᠠ ᠰᠠᠨᠠᠭ᠎ᠠ ᠭᠦᠨ ᠭᠦᠨᠵᠡᠭᠡᠶ᠂ ᠦᠵᠡᠯ ᠰᠠᠨᠠᠭ᠎ᠠ ᠭᠦᠨ ᠭᠦᠨᠵᠡᠭᠡᠶ ᠪᠠᠶ᠋ᠢᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠳᠤ ᠶᠠᠮᠠᠷ ᠲᠤᠭ᠎ᠢ ᠮᠠᠨᠳᠤᠭᠤᠯᠬᠤ᠂ ᠶᠠᠮᠠᠷ ᠵᠠᠮ ᠵᠶ᠋ᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠲᠠ ᠥᠭᠴᠦ᠂ ᠨᠠᠮ᠎ᠤᠨ ᠦᠨᠳᠦᠰᠦᠲᠡᠨ᠎ᠤ ᠠᠵᠢᠯ᠎ᠤᠨ ᠦᠢ᠍ᠯᠡᠳᠦᠯᠭᠡ ᠵᠢᠨ ᠬᠠᠮᠤᠭ᠎ᠤᠨ ᠰᠢᠨ᠎ᠡ ᠳ᠋ᠦᠩᠨᠡᠯᠲᠡ ᠮᠥᠨ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠃

   ᠦᠨᠳᠦᠰᠦᠨ ᠵᠢᠷᠤᠮᠯᠠᠯ᠎ᠢ ᠡᠵᠡᠮᠰᠢᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠤᠶ᠋ᠢᠯᠠᠭ᠋ᠠᠬᠤ ᠬᠡᠷᠡᠭᠲᠡᠢ

   ᠡᠨᠡ ᠤᠳᠠᠭ᠋ᠠᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯᠳᠤᠭ᠋ᠠᠨ᠎ᠤ ᠬᠠᠮᠤᠭ᠎ᠤᠨ ᠶᠡᠭᠡ ᠤᠯᠤᠰ ᠲᠥᠷᠥ ᠵᠢᠨ ᠦᠷ᠎ᠡ ᠪᠦᠲᠦᠭᠡᠯ ᠪᠣᠯ ᠳᠠᠷᠤᠶ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠳ᠋ᠦᠩᠨᠡᠨ ᠳᠤᠷᠠᠳᠤᠭᠰᠠᠨ ᠶᠠᠪᠤᠳᠠᠯ ᠪᠣᠯᠤᠨ᠎ᠠ᠃ ᠡᠨᠡ ᠬᠦ᠌ ᠴᠢᠬᠤᠯᠠ ᠦᠵᠡᠯ ᠰᠠᠨᠠᠭ᠎ᠠ ᠵᠢ ᠪᠣᠯᠪᠠᠰᠤᠷᠠᠭᠤᠯᠤᠨ ᠬᠤᠷᠢᠶᠠᠩᠭᠤᠶ᠋ᠢᠯᠠᠪᠠᠯ ᠳᠠᠷᠤᠢ 《ᠠᠷᠪᠠᠨ ᠬᠤᠶᠠᠷ ᠡᠷᠬᠡᠪᠰᠢ》᠄ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠵᠢ ᠡᠵᠡᠮᠳᠡᠬᠦ ᠬᠡᠷᠡᠭᠲᠡᠢ᠃ ᠡᠷᠬᠡᠪᠰᠢ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠬᠠᠮᠲᠤ᠎ᠪᠠᠷ ᠲᠡᠮᠡᠴᠡᠬᠦ ᠵᠢ ᠠᠬᠢᠭᠤᠯᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭ᠋ᠠᠬᠤ ᠬᠡᠷᠡᠭᠲᠡᠢ; ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ ᠪᠣᠯᠭ᠋ᠠᠬᠤ ᠬᠡᠷᠡᠭᠲᠡᠢ; ᠡᠷᠬᠡᠪᠰᠢ ᠵᠥᠪ ᠣᠨᠣᠪᠴᠢᠲᠠᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠠᠷᠢᠮᠲᠠᠯᠠᠬᠤ ᠬᠡᠷᠡᠭᠲᠡᠢ; ᠡᠷᠬᠡᠪᠰᠢ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶ᠋ᠢᠬᠤ ᠵᠢ ᠪᠠᠷᠢᠮᠲᠠᠯᠠᠬᠤ ᠬᠡᠷᠡᠭᠲᠡᠢ; ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠶᠡᠭᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠬᠤ ᠬᠡᠷᠡᠭᠲᠡᠶ; ᠡᠷᠬᠡᠪᠰᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠶ; ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ ᠬᠡᠷᠡᠭᠲᠡᠢ; ᠡᠷᠬᠡᠪᠰᠢ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ; ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠬᠤ ᠬᠡᠷᠡᠭᠲᠡᠶ; ᠡᠷᠬᠡᠪᠰᠢ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠲᠡᠢ; ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠶ᠃

   ᠶᠡᠷᠦᠩᠬᠡᠢ ᠱᠦᠵᠢ ᠵᠢᠨ ᠴᠢᠬᠤᠯᠠᠴᠢᠯᠠᠭᠰᠠᠨ 《ᠠᠷᠪᠠᠨ ᠬᠤᠶᠠᠷ ᠡᠷᠬᠡᠪᠰᠢ》 ᠪᠣᠯ ᠨᠢᠭᠡᠨ ᠯᠣᠭᠢᠭ ᠨᠢᠭᠲᠠ ᠴᠢᠩᠭ᠎ᠠ᠂ ᠰᠢᠰᠲ᠋ᠧᠮ᠎ᠲᠠᠢ ᠪᠦᠷᠢᠨ ᠲᠡᠭᠦᠯᠳᠡᠷ ᠣᠷᠭ᠋ᠠᠨᠢᠭ ᠪᠦᠬᠦᠯᠢ ᠴᠣᠭᠴᠠ ᠪᠠᠶ᠋ᠢᠵᠤ᠂ ᠮᠠᠨ᠎ᠤ ᠤᠯᠤᠰ᠎ᠤᠨ ᠲᠡᠦᠬᠡᠨ ᠳᠡᠭᠡᠷᠡᠬᠢ ᠦᠨᠳᠦᠰᠦᠲᠡᠨ᠎ᠤ ᠬᠡᠷᠡᠭ ᠶᠠᠪᠤᠳᠠᠯ᠎ᠢ ᠵᠠᠰᠠᠭᠰᠠᠨ ᠡᠷᠬᠢᠮ ᠨᠠᠨᠳᠢᠨ ᠲᠤᠷᠰᠢᠯᠭ᠎ᠠ ᠵᠢ ᠳ᠋ᠦᠩᠨᠡᠭᠰᠡᠨ ᠮᠥᠷᠲᠡᠭᠡᠨ ᠪᠠᠰᠠ ᠳᠡᠯᠡᠬᠡᠢ ᠵᠢᠨ ᠬᠡᠪᠴᠢᠶᠡᠨ᠎ᠳᠤ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠭᠰᠡᠨ ᠲᠤᠷᠰᠢᠯᠭ᠎ᠠ ᠰᠤᠷᠭ᠋ᠠᠮᠵᠢ᠎ᠪᠠᠷ ᠲᠣᠯᠢ ᠪᠣᠯᠭ᠋ᠠᠵᠤ; ᠨᠠᠮ᠎ᠤᠨ ᠦᠨᠳᠦᠰᠦᠲᠡᠨ᠎ᠤ ᠤᠨᠤᠯ ᠲᠥᠷᠥ ᠵᠢᠨ ᠪᠣᠳᠣᠯᠭ᠎ᠠ ᠵᠢᠨ ᠲᠣᠭᠲᠠᠭᠤᠨ ᠪᠥᠭᠡᠳ ᠠᠪᠴᠠᠯᠳᠤᠩᠭᠤᠢ ᠪᠠᠶ᠋ᠢᠬᠤ ᠵᠢ ᠪᠠᠲᠤᠯᠠᠭᠰᠠᠨ ᠮᠥᠷᠲᠡᠭᠡᠨ ᠪᠠᠰᠠ ᠦᠨᠳᠦᠰᠦᠲᠡᠨ᠎ᠤ ᠠᠵᠢᠯ᠎ᠤᠨ ᠪᠠᠶ᠋ᠢᠳᠠᠯ ᠪᠠ ᠡᠭᠦᠷᠭᠡ ᠵᠢᠨ ᠬᠥᠭᠵᠢᠯᠲᠡ ᠬᠤᠪᠢᠷᠠᠯᠲᠠ ᠵᠢ ᠦᠨᠳᠦᠰᠦᠯᠡᠨ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠭᠰᠠᠨ ᠪᠠᠶ᠋ᠢᠨ᠎ᠠ; ᠦᠨᠳᠦᠰᠦᠲᠡᠨ᠎ᠤ ᠠᠰᠠᠭᠤᠳᠠᠯ᠎ᠢ ᠠᠵᠢᠭᠯᠠᠬᠤ ᠲᠠᠨᠢᠯᠲᠠ ᠮᠥᠷᠲᠡᠭᠡᠨ ᠪᠠᠰᠠ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠠᠷᠭ᠎ᠠ ᠵᠢᠨ ᠣᠨᠣᠯ ᠪᠣᠯᠤᠨ᠎ᠠ᠃  ᠡᠭᠦᠨ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠬᠠᠮᠤᠭ᠎ᠤᠨ ᠰᠢᠨ᠎ᠡ ᠴᠢᠬᠤᠯᠠ ᠶᠡᠭᠡ ᠠᠩᠬᠠᠨ᠎ᠤ ᠡᠭᠦᠳᠦᠯᠲᠡ ᠵᠢᠨ ᠴᠢᠨᠠᠷᠲᠠᠶ ᠨᠤᠲᠠᠯᠠᠯᠲᠠ ᠪᠠᠭᠲᠠᠨ᠎ᠠ᠂ ᠵᠢᠱ᠌ᠢᠶᠡᠯᠡᠪᠡᠯ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠵᠢ ᠳᠤᠷᠠᠳᠪᠠ; ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠤᠯ ᠱᠤᠭᠤᠮ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠶ; ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠲᠥᠪ ᠬᠤᠷᠢᠶᠠᠨ᠎ᠤ ᠵᠠᠰᠠᠭ᠎ᠤᠨ ᠵᠠᠷᠯᠢᠭ᠎ᠤᠨ ᠰᠠᠭ᠋ᠠᠳ ᠦᠭᠡᠢ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠡᠷᠡᠭᠵᠢᠭᠦᠯᠦᠯᠲᠡ ᠵᠢ ᠦᠨᠡᠨ ᠬᠦ᠌ ᠪᠠᠲᠤᠯᠠᠬᠤ ᠬᠡᠷᠡᠭᠲᠡᠶ; ᠦᠨᠳᠦᠰᠦᠲᠡᠨ᠎ᠤ ᠠᠵᠢᠯ᠎ᠳᠤ ᠡᠷᠬᠡᠪᠰᠢ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠬᠤ ᠬᠡᠷᠡᠭᠲᠡᠶ ᠭᠡᠵᠦ ᠳᠤᠷᠠᠳᠪᠠ᠃ ᠢᠯᠠᠩᠭᠤᠶ᠎ᠠ ᠡᠷᠬᠡᠪᠰᠢ ᠵᠥᠪ ᠣᠨᠣᠪᠴᠢᠲᠠᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠦᠵᠡᠯᠲᠡ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠢᠭ᠎ᠠ᠎ᠠᠴᠠ ᠢᠷᠡᠬᠦ᠂ ᠬᠠᠮᠢᠭ᠋ᠠᠰᠢ᠎ᠪᠠᠨ ᠶᠠᠪᠤᠬᠤ ᠴᠠᠭ ᠦᠶ᠎ᠡ ᠵᠢᠨ ᠠᠰᠠᠭᠤᠯᠲᠠ᠎ᠳᠤ ᠰᠢᠨᠵᠢᠯᠡᠬᠦ ᠤᠬᠠᠭ᠋ᠠᠨᠴᠢ᠎ᠪᠠᠷ ᠬᠠᠷᠢᠭᠤᠯᠲᠠ ᠥᠭᠴᠦ᠂ ᠠᠯᠤᠰ ᠬᠡᠳᠤ ᠵᠢᠨ ᠲᠡᠦᠬᠡᠲᠦ ᠠᠴᠢ ᠬᠤᠯᠪᠣᠭᠳᠠᠯ ᠪᠠ ᠴᠢᠬᠤᠯᠠ ᠶᠡᠭᠡ ᠪᠣᠳᠠᠲᠤ ᠠᠴᠢ ᠬᠤᠯᠪᠣᠭᠳᠠᠯ᠎ᠲᠠᠢ ᠪᠠᠶ᠋ᠢᠵᠤ᠂ ᠮᠠᠨ᠎ᠤ ᠨᠠᠮ ᠮᠠᠷᠺᠰ᠎ᠤᠨ ᠦᠵᠡᠯ᠎ᠤᠨ ᠪᠣᠳᠠᠰᠴᠢ ᠦᠵᠡᠯ᠎ᠤᠨ ᠰᠢᠨ᠎ᠡ ᠠᠬᠤᠢ ᠪᠠᠶ᠋ᠢᠳᠠᠯ᠎ᠢ ᠨᠡᠭᠡᠭᠡᠭᠰᠡᠨ᠎ᠢ ᠬᠠᠷᠠᠭᠤᠯᠵᠤ ᠪᠠᠶ᠋ᠢᠨ᠎ᠠ᠃

   ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ᠎ᠤ ᠨᠠᠮ᠎ᠤᠨ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ ᠴᠢᠬᠤᠯᠠ ᠶᠡᠭᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠃ ᠪᠢᠳᠡ ᠡᠷᠬᠡᠪᠰᠢ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠋ᠠᠨ᠎ᠤ ᠪᠠᠶᠠᠯᠢᠭ ᠠᠭᠤᠯᠤᠭᠳᠠᠬᠤᠨ᠂ ᠭᠤᠤᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠵᠤ᠂ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ᠎ᠪᠠᠷ ᠡᠵᠡᠮᠰᠢᠨ ᠲᠤᠭᠤᠰᠢᠯᠠᠭᠤᠯᠬᠤ ᠵᠢ ᠦᠨᠡᠨ ᠬᠦ᠌ ᠪᠡᠶᠡᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠶᠠᠪᠤᠬᠤ ᠲᠤᠲᠤᠮ ᠥᠷᠭᠡᠨ ᠠᠭᠤᠳᠠᠮ ᠪᠣᠯᠬᠤ ᠵᠢ ᠠᠬᠢᠭᠤᠯᠬᠤ ᠬᠡᠷᠡᠭᠲᠡᠶ᠃

   ᠲᠡᠦᠬᠡ ᠵᠢᠨ ᠣᠷᠣᠨ ᠪᠠᠶ᠋ᠢᠷᠢ ᠵᠢ ᠡᠵᠡᠮᠳᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠢᠷᠠᠭᠤ ᠠᠯᠳᠠᠷᠲᠤ ᠡᠭᠦᠷᠭᠡ ᠵᠢ ᠭᠦᠢ᠍ᠴᠡᠳ ᠲᠠᠨᠢᠬᠤ ᠬᠡᠷᠡᠭᠲᠡᠢ

   ᠦᠨᠳᠦᠰᠦᠲᠡᠨ᠎ᠤ ᠠᠵᠢᠯ ᠪᠣᠯ ᠮᠠᠨ᠎ᠤ ᠨᠠᠮ ᠪᠠ ᠤᠯᠤᠰ᠎ᠤᠨ ᠠᠵᠢᠯ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠳᠠᠯᠢ ᠪᠤᠰᠤ ᠲᠡᠦᠬᠡᠨ ᠴᠠᠭ ᠦᠶ᠎ᠡ᠎ᠳᠤ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠠᠳᠠᠯᠢ ᠪᠤᠰᠤ ᠭᠤᠣᠯ ᠡᠭᠦᠷᠭᠡ ᠵᠢ ᠳᠠᠭ᠋ᠠᠯᠳᠤᠨ᠂ ᠦᠨᠳᠦᠰᠦᠲᠡᠨ᠎ᠤ ᠠᠵᠢᠯ᠎ᠤᠨ ᠬᠦᠴᠦᠯᠡᠬᠦ ᠭᠤᠣᠯᠳᠠᠯᠭ᠎ᠠ᠎ᠨᠢ ᠴᠦ᠍ ᠠᠳᠠᠯᠢ ᠪᠤᠰᠤ ᠪᠠᠶ᠋ᠢᠳᠠᠭ᠃ ᠳᠤᠮᠳᠠᠳᠤ ᠵᠢᠨ ᠦᠨᠳᠦᠰᠦᠲᠡᠨ ᠬᠦᠴᠦᠷᠬᠡᠭᠵᠢᠭᠰᠡᠨ ᠥᠨᠥᠳᠥᠷ᠎ᠲᠤ ᠦᠨᠳᠦᠰᠦᠲᠡᠨ᠎ᠤ ᠠᠵᠢᠯ᠎ᠳᠤ ᠴᠤ᠌ ᠰᠢᠨ᠎ᠡ ᠪᠠᠶ᠋ᠢᠳᠠᠯ ᠰᠢᠨ᠎ᠡ ᠡᠭᠦᠷᠭᠡ ᠬᠠᠷᠢᠭᠤᠴᠠᠯᠭ᠎ᠠ᠎ᠳᠤ ᠲᠤᠯᠭ᠋ᠠᠷᠠᠬᠤ᠎ᠨᠢ ᠵᠠᠶ᠋ᠢᠯᠠᠰᠢ ᠦᠭᠡᠢ ᠶᠤᠮ᠃

   ᠶᠡᠷᠦᠩᠬᠡᠢ ᠱᠦᠵᠢ ᠰᠢ ᠵᠢᠨ ᠫᠢᠩ ᠡᠨᠡ ᠤᠳᠠᠭ᠎ᠠ ᠵᠢᠨ ᠬᠤᠷᠠᠯ ᠳᠡᠭᠡᠷ᠎ᠡ᠂ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠵᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠵᠣᠷᠢᠯᠲᠠ ᠪᠠ ᠲᠤᠰᠤᠯᠳᠠ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠣᠳᠣᠬᠠᠨ᠎ᠳᠤ᠂ ᠪᠢᠳᠡ ᠨᠢᠭᠡᠨᠲᠡ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠪᠡᠶᠡᠯᠡᠭᠦᠯᠵᠦ᠂ ᠵᠣᠷᠢᠭ ᠰᠠᠨᠠᠭ᠎ᠠ ᠪᠠᠳᠠᠷᠠᠨ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠵᠤ ᠪᠠᠶ᠋ᠢᠨ᠎ᠠ᠃ ᠡᠶ᠋ᠢᠮᠦᠷᠬᠦ ᠲᠡᠦᠬᠡᠨ ᠱᠠᠲᠤᠨ᠎ᠳᠤ ᠣᠷᠣᠰᠢᠵᠤ᠂ ᠨᠢᠭᠡ ᠲᠠᠯ᠎ᠠ᠎ᠪᠠᠷ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠤᠷᠢᠳ ᠡᠮᠦᠨ᠎ᠡ ᠪᠠᠶ᠋ᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠢᠯᠡᠷᠡᠵᠦ᠂ ᠦᠨᠳᠦᠰᠦᠲᠡᠨ᠎ᠤ ᠭᠠᠵᠠᠷ ᠣᠷᠣᠨ ᠪᠦᠬᠦ ᠤᠯᠤᠰ᠎ᠲᠠᠢ ᠬᠠᠮᠲᠤ᠎ᠪᠠᠷ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠲᠡᠭᠡᠯ ᠵᠣᠷᠢᠭ ᠵᠶ᠋ᠠᠨ ᠤᠷᠢᠳᠤ ᠡᠮᠦᠨ᠎ᠡ ᠪᠠᠶ᠋ᠢᠭ᠎ᠠ ᠦᠭᠡᠢ ᠬᠥᠭᠵᠢᠭᠡᠵᠦ᠂ ᠨᠢᠭᠲᠠᠷᠠᠯ᠎ᠤᠨ ᠬᠦᠴᠦᠨ ᠲᠥᠪᠯᠡᠷᠡᠯ᠎ᠤᠨ ᠬᠦᠴᠦᠨ ᠲᠦᠢ᠍ᠯ᠎ᠤᠨ ᠶᠡᠭᠡ᠎ᠪᠠᠷ ᠴᠢᠩᠭ᠋ᠠᠷᠠᠵᠤ᠂ ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠰᠠᠶ᠋ᠢᠨ ᠰᠠᠶ᠋ᠢᠬᠠᠨ ᠪᠠᠶ᠋ᠢᠳᠠᠯ᠎ᠢ ᠢᠯᠡᠷᠡᠭᠦᠯᠪᠡ᠃ ᠨᠦᠬᠦᠭᠡ ᠲᠠᠯ᠎ᠠ᠎ᠪᠠᠷ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠵᠠᠮ ᠳᠡᠭᠡᠷ᠎ᠡ ᠪᠠᠰᠠ ᠠᠯᠢ ᠤᠯᠠᠨ ᠦᠷᠢᠰᠦᠯᠳᠦᠬᠡᠨ ᠲᠤᠯᠭ᠋ᠠᠷᠠᠵᠤ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠠᠰᠠᠭᠤᠳᠠᠯ ᠮᠥᠨ ᠬᠦ᠌ ᠬᠠᠷᠢᠴᠠᠩᠭᠤᠢ ᠲᠤᠪᠤᠶ᠋ᠢᠮ᠎ᠠ ᠪᠠᠶ᠋ᠢᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠥᠯᠥᠭᠡᠯᠡᠬᠦ ᠬᠦᠴᠦᠨ ᠮᠥᠨ ᠬᠦ᠌ ᠨᠠᠷᠢᠨ ᠪᠤᠳᠤᠯᠢᠶᠠᠨᠲᠠᠢ ᠤᠯᠠᠨ ᠶᠠᠩᠵᠤ ᠵᠢᠨ ᠪᠠᠶ᠋ᠢᠵᠤ᠂ ᠦᠨᠳᠦᠰᠦᠲᠡᠨ᠎ᠤ ᠬᠦᠷᠢᠶᠡᠨ᠎ᠳᠠᠬᠢ ᠦᠵᠡᠯ ᠤᠬᠠᠮᠰᠠᠷ᠎ᠤᠨ ᠬᠡᠯᠪᠡᠷᠢ ᠵᠢᠨ ᠲᠡᠮᠡᠴᠡᠯ ᠮᠥᠨ ᠬᠦ᠌ ᠬᠤᠷᠴᠠ ᠰᠢᠷᠦᠭᠦᠨ ᠨᠠᠷᠢᠨ ᠪᠤᠳᠤᠯᠢᠶᠠᠨᠲᠠᠢ ᠪᠠᠶ᠋ᠢᠵᠤ᠂ ᠤᠯᠠᠨ ᠤᠯᠤᠰ᠎ᠤᠨ ᠬᠦᠴᠦᠨ᠎ᠤ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠳᠡᠯ᠎ᠢ ᠬᠠᠷᠰᠢᠯᠠᠵᠤ ᠡᠪᠳᠡᠬᠦ ᠠᠶᠤᠯ ᠲᠦᠭᠰᠢᠭᠦᠷᠢ ᠵᠢ ᠪᠠᠰᠤᠵᠤ ᠪᠣᠯᠬᠤ ᠦᠭᠡᠢ᠃ ᠪᠢᠳᠡ ᠡᠷᠬᠡᠪᠰᠢ ᠦᠨᠳᠦᠰᠦᠲᠡᠨ᠎ᠤ ᠠᠵᠢᠯ᠎ᠤᠨ ᠣᠷᠣᠰᠢᠵᠤ ᠪᠠᠶ᠋ᠢᠭ᠎ᠠ ᠲᠡᠦᠬᠡᠨ ᠣᠷᠣᠨ ᠪᠠᠶ᠋ᠢᠷᠢ ᠵᠢ ᠭᠦᠨᠵᠡᠭᠡᠶ ᠡᠵᠡᠮᠳᠡᠵᠦ᠂ ᠢᠮᠠᠭᠲᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠵᠣᠷᠢᠯᠲᠠ ᠪᠠ ᠲᠤᠰᠤᠯᠲᠠ ᠪᠣᠯᠭ᠋ᠠᠵᠤ᠂ ᠦᠨᠳᠦᠰᠦᠲᠡᠨ᠎ᠤ ᠠᠵᠢᠯ᠎ᠤᠨ ᠡᠭᠦᠷᠭᠡᠯᠡᠵᠦ ᠪᠠᠶ᠋ᠢᠭ᠎ᠠ ᠡᠭᠦᠷᠭᠡ ᠬᠠᠷᠢᠭᠤᠴᠠᠯᠭ᠎ᠠ ᠵᠢ ᠭᠦᠢ᠍ᠴᠡᠳ ᠲᠠᠨᠢᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠬᠦᠴᠦᠯᠡᠨ ᠠᠬᠢᠭᠤᠯᠵᠤ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠨᠡᠩ ᠰᠠᠶ᠋ᠢᠲᠤᠷ ᠦᠢ᠍ᠯᠡᠴᠢᠯᠡᠬᠦ ᠬᠡᠷᠡᠭᠲᠡᠢ᠃

   ᠭᠤᠣᠯ ᠰᠢᠵᠢᠮ᠎ᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠢ

   ᠲᠣᠰ ᠤᠳᠠᠭ᠋ᠠᠨ᠎ᠤ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ ᠵᠢᠨ ᠲᠣᠭᠤᠷᠢᠨ᠎ᠳᠤ ᠠᠯᠢ ᠣᠯᠠᠨ ᠴᠢᠬᠤᠯᠠ ᠶᠡᠭᠡ ᠨᠤᠲᠠᠯᠠᠯᠲᠠ ᠬᠢᠵᠦ᠂ ᠦᠵᠡᠯ ᠰᠠᠨᠠᠭ᠎ᠠ᠎ᠨᠢ ᠭᠦᠨ ᠭᠦᠨᠵᠡᠭᠡᠶ᠂ ᠤᠳᠬ᠎ᠠ ᠰᠠᠨᠠᠭ᠎ᠠ᠎ᠨᠢ ᠭᠦᠨᠵᠡᠭᠡᠶ ᠪᠠᠶ᠋ᠢᠨ᠎ᠠ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠭᠦᠨᠵᠡᠭᠡᠢ ᠲᠠᠨᠢᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠠᠬᠢ ᠪᠤᠢ ᠪᠣᠯᠭ᠋ᠠᠬᠤ ᠶᠠᠪᠤᠳᠠᠯ ᠪᠣᠯᠤᠨ᠎ᠠ᠃ ᠡᠨᠡ ᠬᠦ᠌ ᠴᠢᠬᠤᠯᠠ ᠶᠡᠭᠡ ᠨᠤᠲᠠᠯᠠᠯᠲᠠ ᠪᠣᠯ ᠬᠡᠳᠦᠨ ᠮᠢᠩᠭ᠋ᠠᠨ ᠵᠢᠯ᠎ᠤᠨ ᠲᠤᠷᠰᠢᠬᠢ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠬᠥᠭᠵᠢᠯᠲᠡ ᠵᠢᠨ ᠰᠤᠳᠠᠰᠤ᠎ᠳᠤ ᠰᠠᠭᠤᠷᠢᠯᠠᠭᠰᠠᠨ ᠰᠢᠨᠵᠢᠯᠡᠬᠦ ᠤᠬᠠᠭ᠋ᠠᠨᠴᠢ ᠳ᠋ᠦᠩᠨᠡᠯᠲᠡ ᠮᠥᠨ᠂ ᠲᠡᠦᠬᠡᠨ ᠳᠡᠭᠡᠷᠡᠬᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠳᠤ ᠰᠠᠭᠤᠷᠢᠯᠠᠭᠰᠠᠨ ᠬᠠᠮᠤᠭ᠎ᠤᠨ ᠡᠴᠦᠰ᠎ᠤᠨ 《ᠬᠤᠯᠢᠯᠳᠤᠨ ᠰᠠᠭᠤᠷᠢᠰᠢᠭᠰᠠᠨ᠂ ᠪᠠᠭ᠎ᠠ ᠲᠥᠪᠯᠡᠷᠡᠨ ᠰᠠᠭᠤᠷᠢᠰᠢᠭᠰᠠᠨ᠂ ᠰᠣᠯᠪᠢᠴᠠᠨ ᠰᠠᠭᠤᠷᠢᠰᠢᠭᠰᠠᠨ》 ᠲᠠᠷᠬᠠᠯᠲᠠ ᠵᠢᠨ ᠪᠠᠶ᠋ᠢᠷᠢᠰᠢᠯ᠎ᠢ ᠪᠦᠷᠢᠯᠳᠦᠭᠦᠯᠬᠦ ᠰᠢᠨᠵᠢᠯᠡᠬᠦ ᠤᠬᠠᠭ᠋ᠠᠨᠴᠢ ᠳ᠋ᠦᠩᠨᠡᠯᠲᠡ ᠮᠥᠨ᠂ ᠣᠷᠴᠢᠨ ᠦᠶ᠎ᠡ᠎ᠠᠴᠠ ᠨᠠᠭ᠋ᠠᠰᠢᠬᠢ ᠦᠨᠳᠦᠰᠦᠲᠡᠨ᠎ᠨᠦᠭᠦᠳ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠭᠠᠷ ᠬᠤᠯᠪᠣᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠮᠠᠭᠲᠠᠨ ᠳᠠᠭᠤᠯᠠᠭᠤᠰᠢᠲᠠᠢ ᠰᠢᠨ᠎ᠡ ᠬᠠᠭᠤᠳᠠᠰᠤ ᠵᠢ ᠪᠢᠴᠢᠭᠯᠡᠬᠦ ᠰᠢᠨᠵᠢᠯᠡᠬᠦ ᠤᠬᠠᠭ᠋ᠠᠨᠴᠢ ᠳ᠋ᠦᠩᠨᠡᠯᠲᠡ ᠮᠥᠨ᠃ ᠪᠢᠳᠡ ᠡᠨᠡ ᠬᠦ᠌ ᠨᠤᠲᠠᠯᠠᠯᠲᠠ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠭᠦᠨᠵᠡᠭᠡᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠣᠭᠴᠠ᠂ ᠤᠯᠤᠰ ᠭᠡᠷ᠎ᠤᠨ ᠨᠢᠭᠡ ᠴᠣᠭᠴᠠ ᠵᠢᠨ ᠬᠥᠭᠵᠢᠯᠲᠡ ᠵᠢᠨ ᠰᠤᠳᠠᠰᠤ ᠵᠢ ᠲᠣᠳᠣᠷᠬᠠᠶ᠋ᠢᠯᠠᠵᠤ᠂ ᠦᠨᠳᠦᠰᠦᠲᠡᠨ᠎ᠨᠦᠭᠦᠳ᠎ᠤᠨ ᠴᠢᠨᠢ ᠳᠣᠲᠣᠷ᠎ᠠ ᠪᠢ ᠪᠤᠢ᠂ ᠮᠢᠨᠦ ᠳᠣᠲᠣᠷ᠎ᠠ ᠴᠢ ᠪᠤᠢ᠂ ᠮᠢᠬ᠎ᠠ ᠴᠢᠰᠤᠨ᠎ᠤ ᠪᠠᠷᠢᠯᠳᠤᠯᠭ᠎ᠠ᠎ᠲᠠᠢ᠂ ᠰᠠᠯᠵᠤ ᠪᠣᠯᠤᠰᠢ ᠦᠭᠡᠢ ᠬᠦᠴᠦᠷᠬᠡᠭ ᠶᠡᠭᠡ ᠲᠥᠪᠯᠡᠷᠡᠩᠭᠦᠢ ᠬᠦᠴᠦᠨ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠦᠨᠳᠦᠰᠦᠲᠡᠨ᠎ᠨᠦᠭᠦᠳ᠎ᠤᠨ ᠤᠶᠤᠨ ᠤᠬᠠᠭ᠋ᠠᠨ ᠪᠠ ᠬᠦᠴᠦᠨ ᠴᠢᠳᠠᠯ᠎ᠢ ᠨᠢᠭᠲᠠᠷᠠᠭᠤᠯᠬᠤ ᠬᠡᠷᠡᠭᠲᠡᠢ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠢ᠃ ᠶᠡᠷᠦᠩᠬᠡᠶ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠠᠬᠢᠵᠢᠭᠦᠯᠦᠨ ᠬᠥᠭᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠪᠢᠳᠡ ᠬᠡᠳᠦ᠋ᠢ᠍ᠪᠡᠷ ᠲᠡᠦᠬᠡᠨ ᠳᠡᠭᠡᠷᠡᠬᠢ ᠠᠯᠢ ᠴᠤ᠌ ᠦᠶ᠎ᠡ᠎ᠠᠴᠠ ᠢᠯᠡᠭᠦᠦ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠬᠠᠷᠠᠯᠲᠠ᠎ᠲᠠᠢ ᠣᠶ᠋ᠢᠷᠠᠲᠤᠭᠰᠠᠨ ᠪᠣᠯᠪᠠᠴᠤ ᠤᠷᠤᠭᠰᠢᠯᠠᠯᠲᠠ ᠵᠢᠨ ᠵᠠᠮ ᠳᠡᠭᠡᠷ᠎ᠡ ᠡᠯ᠎ᠡ ᠵᠦᠢ᠍ᠯ᠎ᠤᠨ ᠳᠠᠷᠤᠯᠲᠠ ᠪᠠ ᠬᠠᠷᠰᠢ ᠰᠠᠭ᠋ᠠᠳ᠎ᠲᠤ ᠲᠤᠯᠭ᠋ᠠᠷᠠᠵᠤ᠂ ᠦᠨᠳᠦᠰᠦᠲᠡᠨ᠎ᠤ ᠬᠦᠷᠢᠶᠡᠨ᠎ᠳᠤ ᠡᠶ᠋ᠢᠮᠦ ᠲᠡᠶ᠋ᠢᠮᠦ ᠠᠶᠤᠯ ᠲᠦᠭᠰᠢᠭᠦᠷᠢ ᠥᠷᠢᠰᠥᠯᠳᠦᠭᠡᠨ᠎ᠳᠤ ᠲᠤᠯᠭ᠋ᠠᠷᠠᠬᠤ ᠪᠣᠯᠤᠨ᠎ᠠ᠃ ᠪᠢᠳᠡ ᠭᠠᠭᠴᠠ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠪᠠᠯ ᠰᠠᠶᠢ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠪᠠᠲᠤ ᠪᠠᠬᠢ ᠦᠵᠡᠯ ᠰᠠᠨᠠᠭ᠎ᠠ ᠵᠢ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠦᠨᠳᠦᠰᠦᠨ ᠠᠰᠢᠭ ᠲᠤᠰᠠ ᠵᠢ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠵᠦ ᠴᠢᠳᠠᠨ᠎ᠠ; ᠰᠠᠶᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠴᠠ᠎ᠳᠤ ᠦᠨᠳᠦᠰᠦᠲᠡᠨ᠎ᠤ ᠬᠦᠷᠢᠶᠡᠨ᠎ᠳᠤ ᠭᠠᠷᠴᠤ ᠮᠡᠳᠡᠬᠦ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠨᠠᠮ ᠪᠠ ᠤᠯᠤᠰ ᠣᠷᠣᠨ᠎ᠤ ᠬᠥᠭᠵᠢᠯ ᠪᠠᠳᠠᠷᠠᠯ᠂ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ᠎ᠳᠤ ᠴᠢᠬᠤᠯᠠ ᠦᠵᠡᠯ ᠰᠠᠨᠠᠭ᠋ᠠᠨ᠎ᠤ ᠪᠠᠲᠤᠯᠠᠭ᠎ᠠ ᠬᠠᠩᠭ᠋ᠠᠵᠤ ᠴᠢᠳᠠᠨ᠎ᠠ; ᠰᠠᠶᠢ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠦᠨᠳᠦᠰᠦᠲᠡᠨ᠎ᠤ ᠲᠤᠬᠠᠢ ᠤᠬᠠᠮᠰᠠᠷᠲᠤ ᠮᠡᠳᠡᠷᠡᠮᠵᠢ ᠵᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠢ ᠲᠠᠨᠢᠯᠲᠠ ᠵᠢᠨ ᠬᠡᠮᠵᠢᠶ᠎ᠡ᠎ᠪᠠᠷ ᠨᠡᠩ ᠥᠨᠳᠥᠷ᠂ ᠨᠢᠭᠲᠠᠷᠠᠯ᠎ᠤᠨ ᠬᠦᠴᠦᠨ ᠵᠶ᠋ᠠᠷ ᠨᠡᠩ ᠴᠢᠩᠭ᠎ᠠ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯᠭ᠋ᠠᠬᠤ ᠵᠢ ᠠᠬᠢᠭᠤᠯᠵᠤ ᠴᠢᠳᠠᠨ᠎ᠠ᠃ ᠭᠠᠭᠴᠠ ᠬᠦ᠌ ᠴᠠᠭ ᠦᠶ᠎ᠡ ᠵᠢᠨ ᠬᠤᠪᠢᠷᠠᠯᠲᠠ᠎ᠳᠤ ᠵᠣᠬᠢᠴᠠᠵᠤ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠬᠦ ᠴᠢᠭᠯᠡᠯ ᠵᠶ᠋ᠠᠷ ᠦᠨᠳᠦᠰᠦᠲᠡᠨ᠎ᠤ ᠠᠵᠢᠯ᠎ᠢ ᠰᠠᠶ᠋ᠢᠵᠢᠷᠠᠭᠤᠯᠵᠤ᠂ ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ᠎ᠤ ᠡᠯᠧᠮᠧᠨ᠋ᠲ ᠪᠠ ᠣᠷᠣᠨ ᠪᠦᠰᠡ ᠵᠢᠨ ᠡᠯᠧᠮᠧᠨ᠋ᠲ᠎ᠤᠨ ᠣᠷᠭ᠋ᠠᠨᠢᠭ ᠤᠶᠠᠯᠳᠤᠯ᠎ᠢ ᠪᠡᠶᠡᠯᠡᠭᠦᠯᠪᠡᠯ ᠰᠠᠶᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠨᠠᠷᠢᠯᠢᠭ ᠪᠥᠭᠡᠳ ᠯᠠᠪᠳᠠᠭᠤᠨ ᠪᠠᠲᠤᠲᠠᠢ ᠬᠢᠵᠦ ᠴᠢᠳᠠᠨ᠎ᠠ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠴᠢᠬᠤᠯᠠᠲᠠᠢ ᠴᠢᠬᠤᠯᠠ ᠬᠠᠷᠢᠴᠠᠭ᠎ᠠ ᠵᠢ ᠭᠦᠨᠵᠡᠭᠡᠢ ᠲᠠᠨᠢᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠵᠢ ᠡᠭᠦᠳᠦᠨ ᠬᠥᠭᠵᠢᠬᠦ ᠪᠣᠯ ᠳᠠᠷᠤᠢ ᠵᠥᠪ ᠣᠨᠣᠪᠴᠢᠲᠠᠢ ᠪᠠᠶ᠋ᠢᠬᠤ ᠵᠢ ᠪᠠᠷᠢᠮᠲᠠᠯᠠᠵᠤ᠂ ᠴᠠᠭ᠎ᠠᠴᠠ ᠬᠤᠴᠣᠷᠤᠭᠰᠠᠨ᠎ᠳᠤ ᠲᠤᠬᠢᠷᠠᠭᠤᠯᠤᠯᠳᠠ ᠬᠢᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠲᠤᠷ ᠪᠠᠲᠤᠯᠠᠬᠤ ᠬᠡᠷᠡᠭᠲᠡᠢ᠃ ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ ᠵᠢ ᠵᠥᠪ ᠡᠵᠡᠮᠳᠡᠵᠦ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠬᠦ᠂ ᠵᠥᠷᠢᠶᠡᠲᠦ ᠴᠢᠨᠠᠷ᠎ᠢ ᠬᠦᠨᠳᠦᠳᠬᠡᠨ ᠪᠠᠭᠲᠠᠭ᠋ᠠᠬᠤ ᠪᠣᠯ ᠦᠨᠳᠦᠰᠦᠲᠡᠨ᠎ᠤ ᠠᠵᠢᠯ᠎ᠤᠨ ᠴᠢᠬᠤᠯᠠ ᠵᠠᠷᠴᠢᠮ ᠮᠥᠨ᠃ ᠡᠯ᠎ᠡ ᠦᠨᠳᠦᠰᠦᠲᠡᠨ᠎ᠤ ᠠᠷᠠᠳ ᠲᠦᠮᠡᠨ᠎ᠤ 《ᠲᠠᠪᠤᠨ ᠬᠠᠮᠲᠤ ᠵᠢᠨ ᠲᠠᠨᠢᠯᠲᠠ》 ᠪᠣᠯᠤᠨ ᠤᠯᠤᠰ᠎ᠤᠨ ᠦᠵᠡᠯ ᠤᠬᠠᠮᠰᠠᠷ᠂ ᠠᠷᠠᠳ ᠢᠷᠭᠡᠳ᠎ᠤᠨ ᠦᠵᠡᠯ ᠤᠬᠠᠮᠰᠠᠷ᠂ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠡᠯ᠎ᠡ ᠦᠨᠳᠦᠰᠦᠲᠡᠨ᠎ᠤ ᠢᠳᠡᠭᠡᠨ ᠤᠮᠳᠠᠭ᠋ᠠᠨ ᠬᠤᠪᠴᠠᠰᠤ ᠵᠠᠰᠠᠯ᠂ ᠵᠠᠩ ᠳᠠᠳᠬᠠᠯ᠂ ᠰᠣᠶᠣᠯ ᠤᠷᠠᠯᠢᠭ᠂ ᠪᠠᠷᠢᠯᠭ᠎ᠠ ᠵᠢᠨ ᠬᠡᠪ ᠨᠠᠮᠪᠠ ᠵᠡᠷᠭᠡ ᠲᠠᠯ᠎ᠠ᠎ᠪᠠᠷ᠎ᠬᠢ ᠬᠠᠮᠠᠭ᠋ᠠᠯᠠᠯᠲᠠ ᠪᠠ ᠤᠯᠠᠮᠵᠢᠯᠠᠯ᠎ᠢ ᠠᠩᠬᠠᠷᠬᠤ ᠬᠡᠷᠡᠭᠲᠡᠶ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯᠤᠨ ᠦᠨᠳᠦᠰᠦᠲᠡᠨ᠎ᠨᠦᠭᠦᠳ᠎ᠤᠨ ᠤᠬᠠᠮᠰᠠᠷ᠎ᠤᠨ ᠬᠠᠷᠢᠴᠠᠭ᠎ᠠ ᠵᠢ ᠵᠥᠪ ᠡᠵᠡᠮᠳᠡᠵᠦ᠂ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠦᠨᠳᠦᠰᠦᠲᠡᠨ᠎ᠤ ᠠᠰᠢᠭ ᠲᠤᠰᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠬᠦᠳᠦᠯᠦᠨ ᠵᠢᠯᠣᠭᠤᠳᠴᠤ᠂ ᠲᠤᠰ ᠦᠨᠳᠦᠰᠦᠲᠡᠨ᠎ᠤ ᠤᠬᠠᠮᠰᠠᠷ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠳᠠᠭ᠋ᠠᠬᠤ ᠪᠠ ᠲᠡᠭᠦᠨ᠎ᠳᠤ ᠦᠢ᠍ᠯᠡᠴᠢᠯᠡᠬᠦ ᠵᠢᠨ ᠬᠠᠮᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠦᠬᠦᠯᠢ ᠴᠣᠭᠴᠠ ᠵᠢᠨ ᠠᠰᠢᠭ ᠲᠤᠰᠠ ᠵᠢ ᠰᠠᠶ᠋ᠢᠲᠤᠷ ᠪᠡᠶᠡᠯᠡᠭᠦᠯᠬᠦ ᠶᠠᠪᠤᠴᠠ᠎ᠳᠤ ᠦᠨᠳᠦᠰᠦᠲᠡᠨ᠎ᠨᠦᠭᠦᠳ᠎ᠤᠨ ᠪᠣᠳᠠᠲᠠᠢ ᠠᠰᠢᠭ ᠲᠤᠰᠠ ᠵᠢ ᠰᠠᠶ᠋ᠢᠲᠤᠷ ᠪᠡᠶᠡᠯᠡᠭᠦᠯᠬᠦ ᠬᠡᠷᠡᠭᠲᠡᠢ᠃ ᠳᠤᠮᠳᠠᠳᠤ ᠵᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ ᠵᠢ ᠵᠥᠪ ᠡᠵᠡᠮᠳᠡᠵᠦ᠂ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠵᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ ᠵᠢᠨ ᠰᠣᠶᠣᠯ ᠪᠣᠯ ᠭᠤᠣᠯ ᠰᠡᠳᠦᠪ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ᠎ᠨᠢ ᠭᠦᠨ ᠡᠰᠢ᠎ᠨᠢ ᠭᠦᠨ ᠪᠠᠶ᠋ᠢᠪᠠᠯ ᠰᠠᠶᠢ ᠰᠠᠯᠠᠭ᠎ᠠ ᠨᠠᠮᠠᠭ᠎ᠠ᠎ᠨᠢ ᠢᠭᠴᠤ ᠰᠠᠬᠤᠯᠢᠭ ᠤᠷᠭᠤᠵᠤ ᠴᠢᠳᠠᠨ᠎ᠠ᠃ ᠪᠣᠳᠠᠰ ᠪᠠ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠳᠡᠵᠦ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠬᠤ ᠵᠢ ᠡᠰᠡᠷᠭᠦᠴᠡᠬᠦ ᠵᠢᠨ ᠠᠴᠢ ᠬᠤᠯᠪᠣᠭᠳᠠᠯ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠵᠢᠨ ᠠᠴᠢ ᠬᠤᠯᠪᠣᠭᠳᠠᠯ᠎ᠢ ᠣᠯᠭᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠡᠪᠳᠡᠷᠡᠰᠢ ᠦᠭᠡᠢ ᠪᠠᠲᠤ ᠪᠠᠬᠢ ᠪᠣᠯᠭ᠋ᠠᠬᠤ ᠬᠡᠷᠡᠭᠲᠡᠢ᠃ ᠶᠡᠷᠦᠩᠬᠡᠶ ᠱᠦᠵᠢ ᠵᠢᠨ ᠴᠢᠬᠤᠯᠠ ᠥᠭᠦᠯᠡᠯᠲᠡ᠎ᠨᠢ 《ᠬᠤᠶᠠᠷ ᠲᠠᠯ᠎ᠠ ᠵᠢᠨ ᠣᠨᠣᠯ》᠎ᠢ ᠶᠠᠷᠢᠬᠤ ᠮᠥᠷᠲᠡᠭᠡᠨ ᠪᠠᠰᠠ 《ᠭᠤᠤᠯᠳᠠᠯᠭ᠎ᠠ᠎ᠲᠠᠢ ᠣᠨᠣᠯ》᠎ᠢ ᠡᠷᠬᠢᠮᠯᠡᠵᠦ᠂ 《ᠲᠦᠭᠡᠮᠡᠯ ᠴᠢᠨᠠᠷ》᠎ᠢ ᠶᠠᠷᠢᠬᠤ ᠮᠥᠷᠲᠡᠭᠡᠨ ᠪᠠᠰᠠ 《ᠣᠨᠴᠠᠭ᠋ᠠᠶ ᠴᠢᠨᠠᠷ》᠎ᠢ ᠡᠷᠬᠢᠮᠯᠡᠵᠦ᠂ 《ᠶᠠᠭ᠋ᠠᠬᠢᠵᠤ ᠦᠵᠡᠬᠦ》 ᠵᠢ ᠶᠠᠷᠢᠬᠤ ᠮᠥᠷᠲᠡᠭᠡᠨ ᠪᠠᠰᠠ 《ᠶᠠᠭ᠋ᠠᠬᠢᠬᠤ ᠪᠣᠶ》 ᠭᠡᠬᠦ ᠦᠭᠡ ᠵᠢ ᠶᠠᠷᠢᠵᠤ᠂ ᠪᠢᠳᠡᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ᠎ᠪᠠᠷ ᠭᠤᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠭᠰᠠᠨ ᠪᠠᠶ᠋ᠢᠨ᠎ᠠ᠃

   ᠦᠨᠳᠦᠰᠦᠨ ᠪᠤᠳᠤᠯᠭ᠎ᠠ ᠴᠢᠭᠯᠡᠯᠲᠡ ᠵᠢ ᠡᠵᠡᠮᠳᠡᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ

   ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠭᠦᠨ᠎ᠳᠤ ᠲᠥᠪᠯᠡᠷᠡᠭᠦᠯᠬᠦ ᠬᠡᠷᠡᠭᠲᠡᠢ᠃ ᠡᠨᠡ᠎ᠨᠢ ᠪᠢᠳᠡᠨ᠎ᠢ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢ ᠦᠨᠳᠦᠰᠦᠲᠡᠨ᠎ᠤ ᠠᠵᠢᠯ᠎ᠤᠨ ᠡᠯ᠎ᠡ ᠬᠦᠷᠢᠶ᠎ᠡ᠂ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃

   ᠨᠢᠭᠡ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠤᠬᠠᠭᠤᠯᠭ᠎ᠠ ᠬᠥᠮᠦᠵᠢᠯ᠎ᠤᠨ ᠪᠠᠶ᠋ᠢᠩᠭᠤᠵᠢᠭᠰᠠᠨ ᠲᠣᠭᠲᠠᠴᠠ ᠵᠢ ᠪᠠᠶ᠋ᠢᠭᠤᠯᠵᠤ᠂ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ᠂ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠣᠷᠣᠭᠤᠯᠵᠤ᠂ ᠨᠡᠶ᠋ᠢᠭᠡᠮ᠎ᠤᠨ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠬᠦ ᠬᠡᠷᠡᠭᠲᠡᠢ᠃ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠠᠳ ᠲᠦᠮᠡᠨ᠎ᠢ ᠤᠳᠤᠷᠢᠳᠤᠨ ᠡᠯ᠎ᠡ ᠲᠡᠦᠬᠡᠨ ᠴᠠᠭ ᠦᠶ᠎ᠡ ᠵᠢᠨ ᠲᠡᠮᠡᠴᠡᠯ᠎ᠤᠨ ᠳᠤᠮᠳᠠ ᠪᠦᠷᠢᠯᠳᠦᠭᠰᠡᠨ ᠨᠠᠮ ᠪᠠᠶ᠋ᠢᠭᠤᠯᠬᠤ ᠠᠭᠤᠤ ᠶᠡᠭᠡ ᠵᠣᠷᠢᠭ ᠰᠠᠨᠠᠭ᠎ᠠ ᠵᠡᠷᠭᠡ ᠵᠣᠷᠢᠭ ᠰᠠᠨᠠᠭ᠋ᠠᠨ᠎ᠤ ᠴᠠᠳᠢᠭ᠎ᠢ ᠵᠠᠯᠭ᠋ᠠᠮᠵᠢᠯᠠᠨ ᠪᠠᠳᠠᠷᠠᠭᠤᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠋ᠠᠨ᠎ᠤ ᠰᠤᠳᠤᠯᠭ᠋ᠠᠨ᠎ᠢ ᠭᠦᠨᠵᠡᠭᠡᠶ᠋ᠢᠷᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠣᠨᠣᠯ᠎ᠢ ᠴᠢᠷᠮᠠᠶ᠋ᠢᠨ ᠪᠠᠶᠠᠯᠢᠭᠵᠢᠭᠤᠯᠤᠨ ᠬᠥᠭᠵᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠰᠠᠭᠤᠷᠢ ᠤᠨᠤᠯ ᠪᠠ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠰᠤᠳᠤᠯᠭ᠋ᠠᠨ᠎ᠢ ᠴᠢᠩᠭ᠋ᠠᠳᠬᠠᠵᠤ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ》 ᠵᠢ ᠨᠠᠶ᠋ᠢᠷᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠡᠯ᠎ᠡ ᠦᠨᠳᠦᠰᠦᠲᠡᠨ᠎ᠤ ᠰᠣᠶᠣᠯ᠎ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ ᠵᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠰᠣᠶᠣᠯ᠎ᠤᠨ ᠲᠤᠬᠠᠶ ᠮᠡᠳᠡᠷᠡᠮᠵᠢ ᠵᠢ ᠨᠡᠮᠡᠭᠳᠡᠭᠦᠯᠦᠨ᠎ᠡ᠃ ᠦᠨᠳᠦᠰᠦᠲᠡᠨ᠎ᠤ ᠭᠠᠵᠠᠷ ᠣᠷᠣᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠨ᠎ᠠ᠃

   ᠬᠤᠶᠠᠷ᠎ᠲᠤ᠂ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠲᠡᠶ᠋ᠢᠰᠢ ᠬᠠᠮᠲᠤ᠎ᠪᠠᠷ ᠤᠷᠤᠭᠰᠢᠯᠠᠬᠤ ᠵᠢ ᠠᠬᠢᠭᠤᠯᠤᠨ᠎ᠠ᠃ ᠦᠨᠳᠦᠰᠦᠲᠡᠨ᠎ᠤ ᠭᠠᠵᠠᠷ ᠣᠷᠣᠨ᠎ᠤ ᠪᠦᠬᠦ ᠲᠠᠯ᠎ᠠ᠎ᠪᠠᠷ ᠣᠳᠣᠬᠢᠴᠢᠯᠠᠬᠤ ᠠᠬᠢᠴᠠ᠎ᠳᠠᠬᠢ ᠡᠭᠦᠷᠭᠡ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢ ᠲᠣᠭᠲᠠᠭ᠋ᠠᠵᠤ᠂ ᠵᠦᠷᠢᠶᠡᠴᠢᠯᠡᠭᠰᠡᠨ ᠣᠷᠣᠨ ᠪᠦᠰᠡ ᠵᠢᠨ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠦᠨᠳᠦᠰᠦᠲᠡᠨ᠎ᠤ ᠭᠠᠵᠠᠷ ᠣᠷᠣᠨ᠎ᠤ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠳᠡᠮᠵᠢᠵᠦ᠂ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠦᠨᠳᠦᠰᠦᠲᠡᠨ᠎ᠤ ᠭᠠᠵᠠᠷ ᠣᠷᠣᠨ᠎ᠤ ᠰᠢᠨ᠎ᠡ ᠬᠥᠭᠵᠢᠯᠲᠡ ᠵᠢᠨ ᠱᠠᠲᠤ ᠦᠶ᠎ᠡ ᠵᠢ ᠡᠵᠡᠮᠳᠡᠬᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠬᠤ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠭᠠᠷᠳᠠᠴᠠ ᠪᠠ ᠬᠦᠴᠦᠯᠡᠬᠦ ᠴᠡᠭ᠎ᠢ ᠣᠨᠣᠪᠴᠢᠲᠠᠶ ᠤᠯᠬᠤ ᠵᠢ ᠠᠬᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠦᠨᠳᠦᠰᠦᠲᠡᠨ᠎ᠤ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠵᠢ ᠳᠡᠮᠵᠢᠨ᠎ᠡ᠃ ᠬᠢᠯᠢ ᠳᠠᠭ᠋ᠠᠤ ᠣᠷᠣᠨ᠎ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠥᠷᠥ ᠵᠢᠨ ᠪᠣᠳᠣᠯᠭ᠎ᠠ ᠵᠢᠨ ᠲᠤᠭᠲᠠᠯᠴᠠᠭ᠎ᠠ ᠵᠢ ᠲᠡᠭᠦᠯᠳᠡᠷᠵᠢᠭᠦᠯᠦᠨ᠂ ᠬᠢᠯᠢ ᠬᠢᠵᠠᠭ᠋ᠠᠷ᠎ᠢ ᠪᠠᠲᠤᠳᠬᠠᠨ ᠬᠢᠯᠢ ᠬᠢᠵᠠᠭ᠋ᠠᠷ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠬᠢᠯᠢ ᠵᠢᠨ ᠴᠡᠴᠡᠭᠯᠡᠨ ᠬᠥᠭᠵᠢᠬᠦ᠂ ᠬᠢᠯᠢ ᠵᠢᠨ ᠠᠷᠠᠳ ᠪᠦᠯᠬᠦᠮᠳᠡᠨ ᠵᠣᠯ ᠵᠢᠷᠭ᠋ᠠᠯ᠎ᠲᠠᠢ᠂ ᠬᠢᠯᠢ ᠵᠢᠨ ᠬᠠᠮᠠᠭ᠋ᠠᠯᠠᠯᠲᠠ ᠠᠮᠤᠷ ᠲᠦᠪᠰᠢᠨ ᠲᠣᠭᠲᠠᠭᠤᠨ ᠪᠠᠶ᠋ᠢᠬᠤ ᠵᠢ ᠴᠢᠷᠮᠠᠶ᠋ᠢᠨ ᠪᠡᠶᠡᠯᠡᠭᠦᠯᠦᠨ᠎ᠡ᠃

   ᠭᠤᠷᠪᠠ᠎ᠳᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃ ᠡᠯ᠎ᠡ ᠭᠠᠵᠠᠷ ᠣᠷᠣᠨ᠎ᠨᠤᠭᠤᠳ ᠲᠤᠰ ᠭᠠᠵᠠᠷ ᠣᠷᠣᠨ᠎ᠤ᠎ᠪᠠᠨ ᠦᠨᠳᠦᠰᠦᠲᠡᠨ᠎ᠤ ᠭᠠᠵᠠᠷ ᠣᠷᠣᠨ ᠪᠣᠯᠤᠨ ᠵᠡᠭᠦᠨ ᠪᠠ ᠳᠤᠮᠳᠠ ᠬᠡᠰᠡᠭ᠎ᠤᠨ ᠭᠠᠵᠠᠷ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠣᠷᠣᠨ ᠪᠦᠰᠡ ᠠᠯᠤᠰᠯᠠᠨ ᠬᠣᠶᠠᠷ ᠲᠠᠯ᠎ᠠ᠎ᠪᠠᠷ ᠵᠶ᠋ᠠᠨ ᠰᠢᠯᠵᠢᠯᠲᠡ ᠬᠢᠬᠦ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ᠎ᠤ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯ᠎ᠤᠨ ᠲᠥᠯᠥᠪᠵᠢᠭᠦᠯᠭᠡ ᠪᠣᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠵᠦ᠂ ᠦᠨᠳᠦᠰᠦᠲᠡᠨ᠎ᠨᠦᠭᠦᠳ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭ᠋ᠠᠬᠤ ᠨᠡᠶ᠋ᠢᠭᠡᠮ᠎ᠤᠨ ᠨᠥᠬᠥᠴᠡᠯ᠎ᠢ ᠢᠳᠡᠪᠬᠢᠲᠡᠶ᠎ᠪᠠᠷ ᠪᠣᠶ ᠪᠣᠯᠭ᠋ᠠᠬᠤ ᠬᠡᠷᠡᠭᠲᠡᠶ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠶ ᠥᠷᠨᠢᠭᠦᠯᠵᠦ᠂ ᠠᠭᠤᠯᠤᠭᠳᠠᠬᠤᠨ᠎ᠢ ᠭᠦᠨᠵᠡᠭᠡᠶ᠋ᠢᠷᠡᠭᠦᠯᠵᠦ᠂ ᠬᠡᠯᠪᠡᠷᠢ ᠵᠢ ᠪᠠᠶᠠᠯᠢᠭᠵᠢᠭᠤᠯᠵᠤ᠂ ᠠᠷᠭ᠎ᠠ ᠵᠢᠨ ᠲᠠᠯ᠎ᠠ᠎ᠪᠠᠷ ᠰᠢᠨ᠎ᠡ ᠵᠢ ᠡᠭᠦᠳᠬᠦ᠎ᠪᠠᠷ ᠴᠢᠷᠮᠠᠶ᠋ᠢᠨ᠎ᠠ᠃ ᠲᠤᠷᠰᠢᠯᠲᠠ ᠵᠢᠨ ᠰᠠᠭᠤᠷᠢᠨ ᠳᠡᠭᠡᠷ᠎ᠡ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠵᠢᠱ᠌ᠢᠶ᠎ᠡ ᠦᠵᠡᠭᠦᠯᠬᠦ ᠡᠭᠦᠳᠦᠨ ᠪᠠᠶ᠋ᠢᠭᠤᠯᠤᠯᠲᠠ ᠵᠢ ᠥᠷᠨᠢᠭᠦᠯᠬᠦ ᠬᠡᠷᠡᠭᠲᠡᠢ᠃

   ᠲᠦᠷᠪᠡ᠎ᠳᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠲᠥᠷᠥ ᠵᠢᠨ ᠪᠣᠳᠣᠯᠭ᠎ᠠ ᠪᠣᠯᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠷᠬᠡ ᠲᠡᠭᠰᠢ ᠲᠥᠪ ᠭᠤᠣᠯᠴᠢ ᠪᠠᠶ᠋ᠢᠬᠤ᠎ᠪᠠᠷ ᠵᠠᠷᠴᠢᠮ ᠪᠣᠯᠭ᠋ᠠᠵᠤ᠂ ᠣᠷᠣᠨ ᠪᠦᠰᠡᠵᠢᠭᠦᠯᠬᠦ ᠪᠠ ᠣᠨᠣᠪᠴᠢᠲᠤ ᠴᠢᠨᠠᠷ᠎ᠢ ᠲᠤᠪᠤᠶ᠋ᠢᠯᠭ᠋ᠠᠨ᠂ ᠣᠨᠴᠠ ᠲᠣᠭᠲᠠᠭ᠋ᠠᠭᠰᠠᠨ ᠭᠠᠵᠠᠷ ᠣᠷᠣᠨ᠂ ᠣᠨᠴᠠᠭ᠋ᠠᠢ ᠠᠰᠠᠭᠤᠳᠠᠯ᠂ ᠣᠨᠴᠠᠭ᠋ᠠᠢ ᠵᠦᠢ᠍ᠯᠡᠰ᠎ᠲᠤ ᠨᠡᠩ ᠢᠯᠡᠭᠦᠦ ᠴᠢᠭᠯᠡᠭᠦᠯᠦᠨ ᠣᠷᠣᠨ ᠪᠦᠰᠡ ᠵᠢᠨ ᠵᠥᠷᠢᠶᠡᠴᠢᠯᠡᠭᠰᠡᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ ᠬᠡᠷᠡᠭᠵᠢᠭᠦᠯᠦᠨ᠎ᠡ᠃ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠨᠡᠶ᠋ᠢᠭᠡᠮ᠎ᠤᠨ ᠵᠠᠰᠠᠯᠲᠠ ᠵᠢᠨ ᠪᠠᠶ᠋ᠢᠷᠢᠰᠢᠯ᠎ᠳᠤ ᠣᠷᠣᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠵᠤ᠂ ᠦᠨᠳᠦᠰᠦᠲᠡᠨ᠎ᠤ ᠡᠯᠧᠮᠧᠨ᠋ᠲ᠎ᠲᠤ ᠬᠤᠯᠪᠣᠭᠳᠠᠭᠰᠠᠨ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠵᠦ᠂ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠬᠠᠤᠯᠢ ᠴᠠᠭ᠋ᠠᠵᠠ ᠵᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ ᠵᠢ ᠦᠨᠡᠨ ᠬᠦ᠌ ᠪᠡᠶᠡᠯᠡᠭᠦᠯᠦᠨ᠎ᠡ᠃

   ᠲᠠᠪᠤ᠎ᠳᠤ᠂ ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠭᠡ ᠠᠶᠤᠯ ᠲᠦᠭᠰᠢᠭᠦᠷᠢ ᠳᠠᠯᠳᠠ ᠭᠡᠮ᠎ᠢ ᠡᠷᠡᠰ ᠰᠡᠷᠭᠡᠶ᠋ᠢᠯᠡᠨ᠎ᠡ᠃ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠬᠠᠮᠢᠶᠠᠷᠴᠤ᠂ ᠦᠨᠳᠦᠰᠦᠲᠡᠨ᠎ᠤ ᠬᠦᠴᠦᠨ ᠵᠦᠢ᠍ᠯ᠎ᠳᠤ ᠬᠤᠯᠪᠣᠭᠳᠠᠬᠤ ᠦᠵᠡᠯ ᠤᠬᠠᠮᠰᠠᠷ᠎ᠤᠨ ᠬᠡᠯᠪᠡᠷᠢ ᠵᠢᠨ ᠠᠰᠠᠭᠤᠳᠠᠯ᠎ᠢ ᠢᠳᠡᠪᠬᠢᠲᠡᠶ ᠯᠠᠪᠳᠠᠭᠤᠨ ᠵᠶ᠋ᠠᠷ ᠰᠢᠢ᠍ᠳᠪᠦᠷᠢᠯᠡᠵᠦ᠂ ᠦᠨᠳᠦᠰᠦᠲᠡᠨ᠎ᠤ ᠬᠠᠭ᠋ᠠᠴᠠᠯ᠂ ᠱᠠᠰᠢᠨ ᠰᠤᠷᠲᠠᠬᠤᠨ᠎ᠤ ᠬᠡᠲᠦᠷᠡᠮᠡᠬᠡᠢ ᠦᠵᠡᠯ ᠰᠠᠨᠠᠭ᠋ᠠᠨ᠎ᠤ ᠬᠤᠣᠷ ᠨᠥᠯᠥᠭᠡ ᠵᠢ ᠦᠷᠭᠦᠯᠵᠢᠯᠡᠨ ᠠᠷᠢᠯᠭ᠋ᠠᠨ᠎ᠠ᠃ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠵᠢᠨ ᠳᠠᠯᠳᠠ ᠭᠡᠮ᠎ᠢ ᠰᠡᠷᠭᠡᠶ᠋ᠢᠯᠡᠨ ᠠᠷᠢᠯᠭ᠋ᠠᠬᠤ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠵᠦ᠂ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠭᠤᠣᠯᠳᠠᠯᠭ᠎ᠠ᠎ᠲᠠᠢ ᠤᠯᠤᠰ ᠪᠠ ᠭᠠᠵᠠᠷ ᠣᠷᠣᠨ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠂ ᠭᠠᠳᠠᠭ᠋ᠠᠳᠤ ᠵᠢᠨ ᠴᠥᠭᠡᠨ ᠲᠣᠭ᠋ᠠᠲᠤ ᠦᠨᠳᠦᠰᠦᠲᠡᠨ᠎ᠤ ᠳᠤᠮᠳᠠᠳᠤ ᠵᠢᠨ ᠬᠠᠷᠢᠶᠠᠲᠤ ᠳᠤᠮᠳᠠᠳᠤᠴᠤᠳ᠎ᠤᠨ ᠬᠠᠮᠲᠤᠯᠢᠭ ᠵᠡᠷᠭᠡ ᠵᠢᠨ ᠠᠵᠢᠯ᠎ᠢ ᠰᠠᠶ᠋ᠢᠲᠤᠷ ᠬᠢᠵᠦ᠂ ᠨᠥᠬᠦᠷᠯᠡᠯ ᠮᠠᠨ᠎ᠤ ᠬᠦᠴᠦᠨ᠎ᠢ ᠲᠠᠰᠤᠷᠠᠯᠲᠠ ᠦᠭᠡᠢ ᠪᠤᠵᠠᠭ᠋ᠠᠶ᠋ᠢᠷᠠᠭᠤᠯᠤᠨ᠎ᠠ᠃

   ᠦᠨᠳᠦᠰᠦᠨ ᠪᠠᠲᠤᠯᠠᠭ᠎ᠠ ᠵᠢ ᠡᠵᠡᠮᠰᠢᠵᠦ᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ ᠲᠡᠭᠦᠯᠳᠡᠷᠵᠢᠭᠦᠯᠦᠨ᠎ᠡ

   ᠶᠡᠷᠦᠩᠬᠡᠶ ᠱᠦᠵᠢ ᠰᠢ ᠵᠢᠨ ᠫᠢᠩ᠂ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ ᠲᠡᠭᠦᠯᠳᠡᠷᠵᠢᠭᠦᠯᠬᠦ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠤᠯᠤᠰ ᠲᠥᠷᠥ ᠵᠢᠨ ᠪᠠᠲᠤᠯᠠᠭ᠎ᠠ ᠮᠥᠨ᠃ ᠪᠢᠳᠡ ᠦᠨᠳᠦᠰᠦᠲᠡᠨ᠎ᠤ ᠠᠰᠠᠭᠤᠳᠠᠯ᠎ᠳᠤ ᠤᠯᠤᠰ ᠲᠥᠷᠥ ᠵᠢᠨ ᠲᠠᠯ᠎ᠠ᠎ᠠᠴᠠ ᠬᠠᠨᠳᠤᠬᠤ ᠵᠢ ᠪᠠᠷᠢᠮᠲᠠᠯᠠᠵᠤ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠵᠦ᠂ 《ᠤᠯᠤᠰ᠎ᠤᠨ ᠶᠡᠭᠡ ᠶᠠᠪᠤᠳᠠᠯ》᠎ᠢ ᠪᠠᠲᠤ ᠴᠡᠭᠡᠵᠢᠯᠡᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠮ᠎ᠤᠨ ᠤᠳᠤᠷᠢᠳᠤᠯᠭ᠎ᠠ ᠵᠢ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠠᠮᠢᠶᠠᠷᠬᠤ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ᠎ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶ᠋ᠢᠭᠡᠮ ᠵᠶ᠋ᠠᠷ ᠵᠶ᠋ᠠᠨ ᠬᠠᠮᠲᠤ᠎ᠪᠠᠷ ᠣᠷᠣᠯᠴᠠᠬᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃ ᠦᠨᠳᠦᠰᠦᠲᠡᠨ᠎ᠤ ᠠᠵᠢᠯ᠎ᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠦᠴᠦ᠎ᠪᠠᠨ ᠬᠠᠮᠲᠤᠳᠬᠠᠨ ᠬᠠᠮᠵᠢᠯᠴᠠᠭᠰᠠᠨ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠤᠭᠰᠠᠨ ᠰᠠᠶ᠋ᠢᠨ ᠰᠠᠶ᠋ᠢᠬᠠᠨ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ᠃ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠰᠠᠶ᠋ᠢᠨ ᠺᠠᠳ᠋ᠷ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠬᠠᠮᠠᠭ᠋ᠠᠯᠠᠬᠤ ᠣᠪᠣᠷ᠎ᠨᠢ ᠣᠨᠴᠠᠭ᠋ᠠᠢ ᠡᠷᠡᠰ ᠰᠢᠭᠤᠷᠬᠠᠢ᠂ ᠶᠡᠭᠡ ᠤᠴᠢᠷ᠎ᠢ ᠢᠯᠭ᠋ᠠᠨ ᠲᠤᠳᠤᠯᠠᠬᠤ᠎ᠨᠢ ᠣᠨᠴᠠᠭ᠋ᠠᠢ ᠬᠤᠷᠴᠠ ᠰᠡᠷᠭᠡᠭ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯᠯᠠᠭ᠎ᠠ᠎ᠨᠢ ᠣᠨᠴᠠᠭ᠋ᠠᠢ ᠡᠷᠡᠰ ᠪᠠᠲᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠠᠶ᠋ᠢᠷᠠᠯᠠᠬᠤ ᠬᠠᠶ᠋ᠢᠷ᠎ᠠ ᠰᠡᠳᠬᠢᠯᠭᠡ᠎ᠪᠠᠷ ᠣᠨᠴᠠᠭ᠋ᠠᠢ ᠴᠢᠩ ᠦᠨᠡᠨᠴᠢ ᠦᠨᠳᠦᠰᠦᠲᠡᠨ᠎ᠤ ᠭᠠᠵᠠᠷ ᠣᠷᠣᠨ ᠪᠣᠯᠤᠨ ᠦᠨᠳᠦᠰᠦᠲᠡᠨ᠎ᠤ ᠠᠵᠢᠯ᠎ᠤᠨ ᠺᠠᠳ᠋ᠷ᠎ᠤᠨ ᠡᠩᠨᠡᠭᠡ ᠵᠢ ᠴᠢᠷᠮᠠᠶ᠋ᠢᠨ ᠪᠠᠶ᠋ᠢᠭᠤᠯᠵᠤ᠂ ᠡᠯ᠎ᠡ ᠱᠠᠲᠤᠨ᠎ᠤ ᠤᠳᠤᠷᠢᠳᠬᠤ ᠡᠷᠬᠡ᠎ᠨᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ᠎ᠤᠨ ᠭᠠᠷ᠎ᠲᠤ ᠪᠠᠶ᠋ᠢᠬᠤ ᠵᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤ ᠵᠢ ᠠᠳᠬᠤᠵᠤ᠂ ᠰᠠᠭᠤᠷᠢ ᠵᠢ ᠲᠠᠯᠪᠢᠵᠤ᠂ ᠦᠨᠳᠦᠰᠦ ᠵᠢ ᠪᠠᠬᠢᠵᠢᠭᠦᠯᠵᠦ᠂ ᠦᠨᠳᠦᠰᠦᠨ ᠱᠠᠲᠤᠨ᠎ᠤ ᠦᠨᠳᠦᠰᠦᠲᠡᠨ᠎ᠤ ᠠᠵᠢᠯ᠎ᠤᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠪᠣᠯᠤᠨ ᠦᠨᠳᠦᠰᠦᠲᠡᠨ᠎ᠤ ᠠᠵᠢᠯ᠎ᠤᠨ ᠬᠦᠴᠦᠨ᠎ᠢ ᠴᠢᠩᠭ᠋ᠠᠳᠬᠠᠵᠤ᠂ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠲᠠᠶ᠋ᠢᠴᠢᠨ ᠪᠠᠬᠢᠯᠡᠯᠲᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠦᠨᠳᠦᠰᠦᠲᠡᠨ᠎ᠤ ᠤᠨᠤᠯ ᠪᠣᠯᠤᠨ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠦᠨᠳᠦᠰᠦᠨ ᠱᠠᠲᠤᠨ᠎ᠳᠤ ᠬᠦᠷᠲᠡᠯ᠎ᠡ ᠣᠶ᠋ᠢᠯᠠᠭ᠋ᠠᠬᠤ ᠬᠥᠮᠦᠨ᠎ᠲᠠᠢ᠂ ᠦᠨᠳᠦᠰᠦᠲᠡᠨ᠎ᠤ ᠠᠵᠢᠯ᠎ᠢ ᠦᠨᠳᠦᠰᠦᠨ ᠱᠠᠲᠤᠨ᠎ᠳᠤ ᠠᠳᠬᠤᠬᠤ ᠬᠥᠮᠦᠨ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃

   ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠣᠨᠴᠠᠭ᠋ᠠᠶ᠋ᠢᠯᠠᠨ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠮᠥᠨ᠃ ᠰᠢ ᠵᠢᠨ ᠫᠢᠩ ᠶᠡᠷᠦᠩᠬᠡᠶ ᠱᠦᠵᠢ ᠵᠢᠨ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠤᠭᠤᠰᠢᠯᠠᠭᠤᠯᠬᠤ ᠲᠥᠰᠦᠯ ᠲᠣᠭᠲᠠᠭ᠋ᠠᠵᠤ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠵᠤ᠂ ᠨᠠᠷᠢᠯᠢᠭ ᠨᠠᠶ᠋ᠢᠳᠠᠪᠤᠷᠢᠵᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠡᠯ᠎ᠡ ᠱᠠᠲᠤᠨ᠎ᠤ ᠡᠯ᠎ᠡ ᠲᠥᠷᠥᠯ᠎ᠤᠨ ᠪᠣᠯᠪᠠᠰᠤᠷᠠᠯ᠎ᠢ ᠤᠬᠠᠭᠤᠯᠤᠨ ᠲᠠᠶ᠋ᠢᠯᠪᠤᠷᠢᠯᠠᠬᠤ᠂ ᠵᠣᠬᠢᠶᠠᠯ ᠨᠡᠶ᠋ᠢᠲᠡᠯᠡᠬᠦ ᠵᠢ ᠲᠠᠶ᠋ᠢᠯᠪᠤᠷᠢᠯᠠᠬᠤ᠂ ᠲᠤᠰᠬᠠᠶ ᠰᠡᠳᠦᠪᠲᠦ ᠣᠨᠣᠯ᠎ᠤᠨ ᠰᠤᠳᠤᠯᠭ᠋ᠠᠨ᠎ᠢ ᠵᠣᠬᠢᠶᠠᠨ ᠪᠠᠶ᠋ᠢᠭᠤᠯᠬᠤ᠂ ᠲᠤᠰᠬᠠᠶ ᠰᠡᠳᠦᠪᠲᠦ ᠣᠨᠣᠯ᠎ᠤᠨ ᠰᠤᠳᠤᠯᠭ᠋ᠠᠨ᠎ᠢ ᠵᠣᠬᠢᠶᠠᠨ ᠪᠠᠶ᠋ᠢᠭᠤᠯᠬᠤ᠂ ᠰᠤᠷᠤᠯᠴᠠᠯᠭ᠎ᠠ ᠵᠢ ᠬᠠᠪᠰᠤᠷᠤᠨ ᠵᠢᠯᠣᠭᠤᠳᠬᠤ ᠮᠠᠲ᠋ᠧᠷᠢᠶᠠᠯ᠎ᠢ ᠨᠠᠶ᠋ᠢᠷᠠᠭᠤᠯᠤᠨ ᠬᠡᠪᠯᠡᠭᠦᠯᠬᠦ ᠵᠡᠷᠭᠡ ᠵᠢ ᠥᠷᠨᠢᠭᠦᠯᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠪᠣᠯᠤᠨ ᠨᠡᠶ᠋ᠢᠭᠡᠮ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠣᠯᠠᠨ ᠲᠦᠮᠡᠨ᠎ᠤ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠬᠡᠬᠦ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠠᠤᠭ᠎ᠠ ᠶᠡᠭᠡ ᠬᠦᠴᠦᠨ ᠴᠢᠳᠠᠯ᠎ᠢ ᠬᠤᠷᠠᠮᠳᠤᠭᠤᠯᠬᠤ ᠬᠡᠷᠡᠭᠲᠡᠶ᠃

   ᠵᠢᠷᠤᠭ ᠲᠥᠰᠦᠪ᠎ᠢ ᠨᠢᠭᠡᠨᠲᠡ ᠵᠢᠷᠤᠭᠯᠠᠵᠤ᠂ ᠦᠨᠦᠲᠦᠷ᠎ᠲᠤ ᠡᠷᠡᠯᠬᠡᠭᠯᠡᠨ ᠤᠷᠤᠭᠰᠢᠯᠠᠨ᠎ᠠ᠃ ᠪᠢᠳᠡ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠴᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ!

 

ᠢᠷᠡᠯᠲᠡ᠄ ᠢᠷᠡᠯᠲᠡ᠄ ᠠᠷᠠᠳ᠎ᠤᠨ ᠡᠳᠦᠷ᠎ᠤᠨ ᠰᠣᠨᠢᠨ ᠨᠠᠶ᠋ᠢᠷᠠᠭᠤᠯᠤᠭᠴᠢ᠄ ᠲᠢᠶᠠᠨ ᠶᠠᠨ ᠬᠤᠸᠠ