ᠠᠭᠤᠤ ᠶᠡᠭᠡ ᠶᠠᠫᠤᠨ᠎ᠢ ᠡᠰᠡᠷᠭᠦᠴᠡᠬᠦ᠌ ᠳᠠᠢᠨ᠎ᠠᠴᠠ ᠠᠭᠤᠤ ᠶᠡᠭᠡ ᠰᠡᠷᠭᠦᠨ ᠮᠠᠨᠳᠤᠯᠲᠠ ᠬᠦᠷᠳᠡᠯ᠎ᠠ᠂ ᠳᠤᠮᠳᠠᠳᠤ᠎ᠶ᠋ᠢᠨ ᠦᠨᠳᠦᠰᠦᠳᠡᠨ᠎ᠤ ᠬᠠᠮᠳᠤ᠎ᠶ᠋ᠢᠨ ᠴᠤᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ ᠳᠠᠰᠤᠷᠠᠯᠳᠠ ᠦᠭᠡᠢ ᠪᠠᠬᠢᠵᠢᠪᠡ
2025-11-04

  ᠳᠤᠮᠳᠠᠳᠤ᠎ᠶᠢᠨ ᠦᠨᠳᠦᠰᠦᠲᠡᠨ ᠠᠶᠠᠨᠳᠠᠭᠠᠨ ᠣᠷᠣᠰᠢᠬᠤᠢ ᠦᠨᠳᠦᠰᠦᠲᠡᠨ᠎ᠦ ᠪᠣᠳᠠᠲᠤ ᠴᠣᠭᠴᠠ ᠪᠣᠯᠤᠭᠰᠠᠨ᠎ᠤ ᠬᠤᠪᠢ᠎ᠳᠤ ᠬᠡᠳᠦᠨ ᠮᠢᠩᠭᠠᠨ ᠵᠢᠯ᠎ᠦᠨ ᠲᠡᠦᠬᠡᠨ ᠶᠠᠪᠤᠴᠠ᠎ᠳᠤ ᠪᠦᠷᠢᠯᠳᠦᠭᠰᠡᠨ ᠶᠤᠮ᠃ ᠤᠬᠠᠮᠰᠠᠷᠲᠤ ᠦᠨᠳᠦᠰᠦᠲᠡᠨ᠎ᠤ ᠪᠣᠳᠠᠲᠤ ᠴᠣᠭ᠍ᠴᠠ ᠪᠣᠯᠤᠭ᠍ᠰᠠᠨ᠎ᠤ ᠬᠤᠪᠢ᠎ᠳᠤ᠂ ᠣᠷᠴᠢᠨ ᠦᠶ᠎ᠡ᠎ᠠᠴᠠ ᠨᠠᠭᠠᠱᠢᠬᠢ ᠳᠤᠮᠳᠠᠳᠤ ᠤᠯᠤᠰ ᠪᠣᠯᠤᠨ ᠥᠷᠥᠨᠡᠳᠠᠬᠢᠨ᠎ᠤ ᠬᠦᠴᠦᠷᠬᠡᠭ ᠤᠯᠤᠰ᠎ᠤᠨ ᠡᠰᠡᠷᠭᠦᠴᠡᠯᠳᠦᠯ ᠳᠤᠮᠳᠠ ᠢᠯᠡᠷᠡᠭ᠌ᠰᠡᠨ ᠶᠤᠮ᠃ 1840 ᠣᠨ᠎ᠤ ᠬᠠᠷ᠎ᠠ ᠲᠠᠮᠠᠬᠢᠨ᠎ᠤ ᠳᠠᠢᠨ᠎ᠠᠴᠠ ᠰᠡᠭᠦᠯᠡᠷ᠂ ᠳᠤᠮᠳᠠᠳᠤ ᠤᠯᠤᠰ ᠠᠯᠬᠤᠮ ᠠᠯᠬᠤᠮ᠎ᠢᠶᠠᠷ ᠬᠠᠭᠠᠰ ᠺᠣᠯᠣᠨᠢ ᠬᠠᠭᠠᠰ ᠹᠧᠣᠳᠠᠯ᠎ᠤᠨ ᠨᠡᠢᠭᠡᠮ ᠪᠣᠯᠵᠤ᠂ ᠤᠯᠤᠰ ᠣᠷᠣᠨ᠎ᠤ ᠭᠤᠲᠤᠭᠠᠯ ᠭᠤᠲᠤᠮᠱᠢᠭ᠂ ᠠᠷᠠᠳ ᠲᠦᠮᠡᠨ᠎ᠤ ᠠᠶᠤᠯ ᠵᠣᠪᠠᠯᠠᠩ᠎ᠳᠤ ᠤᠴᠠᠷᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ ᠤᠷᠢᠳ ᠡᠮᠦᠨ᠎ᠡ ᠪᠠᠢᠭ᠎ᠠ ᠦᠭᠡᠢ ᠭᠠᠢ ᠭᠠᠮᠱᠢᠭ᠎ᠲᠤ ᠤᠴᠠᠷᠠᠵᠤ᠂ ᠤᠯᠤᠰ᠎ᠤᠨ ᠨᠤᠲᠤᠭ ᠳᠡᠪᠢᠰᠬᠡᠷ᠎ᠢ ᠰᠠᠯᠭᠠᠵᠤ ᠪᠣᠯᠬᠤ ᠦᠭᠡᠢ᠂ ᠤᠯᠤᠰ ᠣᠷᠣᠨ᠎ᠢ ᠰᠠᠮᠠᠭᠤᠷᠠᠭᠤᠯᠵᠤ ᠪᠣᠯᠬᠤ ᠦᠭᠡᠢ᠂ ᠦᠨᠳᠦᠰᠦᠲᠡᠨ᠎ᠢ ᠰᠠᠷᠨᠢᠭᠤᠯᠵᠤ ᠪᠣᠯᠬᠤ ᠦᠭᠡᠢ᠂ ᠪᠣᠯᠪᠠᠰᠤᠨ᠎ᠢ ᠲᠠᠰᠤᠯᠳᠠᠭᠤᠯᠵᠤ ᠪᠣᠯᠬᠤ ᠦᠭᠡᠢ ᠭᠡᠰᠡᠨ ᠬᠠᠮᠲᠤ᠎ᠶᠢᠨ ᠢᠲᠡᠭᠡᠯ ᠵᠣᠷᠢᠭ᠋ ᠎ᠢᠶᠡᠷ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠰᠡᠷᠭᠦᠭᠡᠪᠡ᠃ ᠢᠯᠠᠩᠭᠤᠶ᠎ᠠ 1931 ᠣᠨ᠎ᠤ ᠶᠢᠰᠦᠨ ᠰᠠᠷ᠎ᠠ᠎ᠶ᠋ᠢᠨ ᠠᠷᠪᠠᠨ ᠨᠠᠢ᠍ᠮᠠᠨ᠎ᠤ ᠬᠡᠷᠡᠭ ᠬᠤᠪᠢᠰᠤᠯ᠎ᠤᠨ ᠳᠠᠷᠠᠭ᠎ᠠ ᠵᠡᠭᠦᠨ ᠬᠤᠢᠲᠤ ᠣᠷᠣᠨ ᠡᠵᠡᠯᠡᠭ᠌ᠳᠡᠵᠦ᠍᠂ 1937 ᠣᠨ᠎ᠤ ᠯᠦ᠍ ᠭᠧᠤ ᠬᠥᠭᠦᠷᠭᠡ᠎ᠶ᠋ᠢᠨ ᠬᠡᠷᠡᠭ ᠬᠤᠪᠢᠰᠤᠯ᠎ᠤᠨ ᠳᠠᠷᠠᠭ᠎ᠠ᠂ ᠤᠯᠤᠰ᠎ᠤᠨ ᠠᠭᠤᠯᠠ ᠤᠰᠤ ᠬᠡᠮᠬᠡᠷᠡᠵᠦ᠍᠂ ᠪᠦᠬᠦ ᠳᠤᠮᠳᠠᠳᠤ᠎ᠶᠢᠨ ᠬᠥᠪᠡᠭᠦᠳ ᠥᠬᠢᠳ ᠴᠥᠮ ᠤᠯᠤᠰ ᠮᠥᠬᠥᠵᠦ ᠤᠭᠰᠠᠭ᠎ᠠ ᠰᠥᠨᠥᠬᠦ ᠠᠶᠤᠯ ᠲᠦᠭᠰᠢᠭᠦᠷᠢ᠎ᠶᠢ ᠪᠡᠶ᠎ᠡ᠎ᠪᠡᠷ᠎ᠢᠶᠡᠨ ᠮᠡᠳᠡᠷᠡᠵᠦ᠂ ᠳᠤᠮᠳᠠᠳᠤ᠎ᠶ᠋ᠢᠨ ᠬᠥᠮᠦᠨ ᠨᠢᠭᠡᠨᠲᠡ ᠤᠬᠤᠷᠢᠬᠤ᠎ᠶ᠋ᠢᠨ ᠠᠷᠭ᠎ᠠ ᠦᠭᠡᠢ ᠪᠣᠯᠵᠤ᠂ ᠰᠦᠷ ᠳᠠᠯᠠᠢᠴᠠᠲᠠᠢ ᠪᠦᠬᠦ᠌ ᠦᠨᠳᠦᠰᠦᠲᠡᠨ᠎ᠤ ᠶᠠᠫᠣᠨ᠎ᠢ ᠡᠰᠡᠷᠭᠦᠴᠡᠬᠦ᠌ ᠳᠠᠢᠨ᠎ᠢ ᠪᠤᠢ ᠪᠣᠯᠭᠠᠭ᠍ᠰᠠᠨ ᠪᠠᠢᠨ᠎ᠠ᠃ ᠠᠭᠤᠤ ᠶᠡᠭᠡ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠣᠷᠴᠢᠨ ᠦᠶ᠎ᠡ᠎ᠠᠴᠠ ᠨᠠᠭᠠᠱᠢᠬᠢ ᠲᠤᠰᠠᠭᠠᠷ ᠲᠣᠭ᠍ᠲᠠᠨᠢᠯ ᠡᠷᠬᠡ ᠴᠢᠯᠥᠭᠡ᠎ᠶ᠋ᠢ ᠲᠡᠮᠡᠴᠡᠨ ᠣᠯᠤᠭ᠍ᠰᠠᠨ ᠲᠡᠦᠬᠡᠨ ᠬᠠᠭᠤᠳᠠᠰᠤᠨ ᠳᠡᠭᠡᠷᠡᠬᠢ ᠮᠠᠭ᠍ᠲᠠᠨ ᠳᠠᠭᠤᠯᠠᠭᠤᠱᠢᠲᠠᠢ ᠨᠢᠭᠡ ᠬᠠᠭᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠳᠤ ᠬᠤᠪᠢᠷᠠᠯᠲᠠ ᠭᠠᠷᠤᠭ᠍ᠰᠠᠨ ᠨᠢᠭᠡ ᠪᠦᠯᠦᠭ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠰᠡᠬᠡᠭᠡᠷᠡᠯ ᠪᠠ ᠪᠦᠯᠬᠦᠮᠳᠡᠯ᠎ᠢ ᠤᠷᠢᠳ ᠡᠮᠦᠨ᠎ᠡ ᠪᠠᠢᠭ᠎ᠠ ᠦᠭᠡᠢ ᠳᠡᠭᠡᠳᠦ ᠬᠡᠮᠵᠢᠶᠡᠨ᠎ᠳᠤ ᠬᠦᠷᠭᠡᠵᠦ᠍᠂ ᠳᠤᠮᠳᠠᠳᠤ᠎ᠶᠢᠨ ᠦᠨᠳᠦᠰᠦᠲᠡᠨ ᠡᠷᠬᠡ ᠴᠢᠯᠦᠭᠡ᠎ᠲᠠᠢ ᠪᠠᠢᠭᠰᠠᠨ᠎ᠠᠴᠠ᠎ᠪᠠᠨ ᠤᠬᠠᠮᠰᠠᠷ᠎ᠲᠠᠢ ᠪᠣᠯᠤᠭᠰᠠᠨ ᠠᠭᠤᠤ ᠶᠡᠬᠡ ᠡᠷᠭᠢᠯᠲᠡ᠎ᠶᠢ ᠪᠡᠶᠡᠯᠡᠭᠦᠯᠪᠡ᠃

  ᠦᠨᠳᠦᠰᠦᠲᠡᠨ᠎ᠦ ᠣᠷᠣᠱᠢᠨ ᠲᠣᠭ᠍ᠲᠠᠨᠢᠬᠤ ᠬᠠᠮᠤᠭ᠎ᠤᠨ ᠠᠶᠤᠯ ᠲᠦᠭ᠌ᠰᠢᠭᠦᠷᠢ᠎ᠲᠡᠶ ᠵᠠᠩᠭᠢᠯᠠᠭ᠎ᠠ᠎ᠶ᠋ᠢᠨ ᠦᠢ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤᠴᠤᠳ ᠶᠠᠫᠣᠨ᠎ᠢ ᠡᠰᠡᠷᠭᠦᠴᠡᠬᠦ᠌ ᠳᠠᠢᠨ᠎ᠤ ᠬᠠᠮᠤᠭ᠎ᠤᠨ ᠡᠮᠦᠨ᠎ᠡ ᠹᠷᠣᠨᠲ᠎ᠲᠤ ᠡᠷᠡᠯᠬᠡᠭ᠌ᠯᠡᠨ ᠪᠠᠢᠯᠳᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠯᠤᠰ ᠣᠷᠣᠨ᠎ᠢᠶᠠᠨ ᠠᠪᠤᠷᠠᠬᠤ᠎ᠶ᠋ᠢᠨ ᠲᠥᠯᠥᠭᠡ ᠣᠷᠣᠱᠢᠨ ᠲᠣᠭ᠍ᠲᠠᠨᠢᠬᠤ ᠬᠦᠰᠡᠯ᠎ᠢ ᠲᠤᠯᠭᠠᠭᠤᠷᠢᠯᠠᠨ᠂ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢᠨ᠎ᠤ ᠭᠣᠤᠯ ᠲᠤᠯᠭᠠᠭᠤᠷᠢ ᠪᠣᠯᠤᠭ᠍ᠰᠠᠨ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠳᠦᠷ᠎ᠠᠴᠠ ᠡᠬᠢᠯᠡᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢ ᠥᠪᠡᠷ᠎ᠤᠨ ᠲᠡᠦᠬᠡᠲᠦ ᠡᠭᠦᠷᠭᠡ᠎ᠪᠠᠨ ᠪᠣᠯᠭᠠᠵᠤ᠂ ᠦᠨᠳᠦᠰᠦᠲᠡᠨ᠎ᠤ ᠲᠤᠰᠠᠭᠠᠷ ᠲᠣᠭ᠍ᠲᠠᠨᠢᠯ᠎ᠢᠶᠠᠨ ᠬᠠᠮᠠᠭᠠᠯᠠᠬᠤ ᠬᠠᠮᠤᠭ᠎ᠤᠨ ᠡᠷᠡᠰ ᠪᠠᠲᠤ ᠪᠠᠢᠵᠤ᠂ ᠦᠨᠳᠦᠰᠦᠲᠡᠨ᠎ᠤ ᠠᠱᠢᠭ ᠲᠤᠰᠠ᠎ᠶ᠋ᠢ ᠬᠠᠮᠠᠭᠠᠯᠠᠬᠤ ᠬᠠᠮᠤᠭ᠎ᠤᠨ ᠡᠷᠡᠰ ᠱᠢᠭᠤᠷᠬᠠᠢ᠂ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠬᠦ᠌ ᠨᠢ ᠬᠠᠮᠤᠭ᠎ᠤᠨ ᠡᠷᠡᠯᠬᠡᠭ ᠪᠠᠭᠠᠲᠤᠷᠯᠢᠭ ᠪᠠᠢ᠌ᠳᠠᠭ᠃ ᠶᠠᠫᠤᠨ᠎ᠤ ᠳᠦᠷᠡᠮᠡᠬᠡᠢᠯᠡᠭ᠌ᠴᠢ᠎ᠶ᠋ᠢᠨ ᠪᠠᠯᠠᠮᠠᠳ ᠲᠦᠷᠢᠮᠡᠬᠡᠢᠯᠡᠯ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠭᠠᠷᠮᠠᠭᠠᠢ ᠤᠯᠤᠰ ᠲᠥᠷᠥ᠎ᠶ᠋ᠢᠨ ᠤᠳᠤᠷᠢᠳᠭᠤ ᠬᠦᠴᠦᠨ ᠪᠠ ᠵᠥᠪ ᠪᠠᠢᠯᠳᠤᠬᠤ ᠪᠣᠳᠣᠯᠭ᠎ᠠ ᠠᠷᠭ᠎ᠠ ᠪᠣᠳᠣᠯᠭ᠎ᠠ᠎ᠪᠠᠷ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢᠨ᠎ᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠭᠠᠳ᠂ ᠪᠥᠬᠥ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌᠂ ᠪᠥᠯᠬᠥᠮᠳᠡᠯ᠂ ᠳᠠᠪᠱᠢᠯᠲᠠ᠎ᠶ᠋ᠢ ᠭᠤᠢᠪᠢᠰᠢ ᠦᠭᠡᠶ ᠠᠬᠢᠭᠤᠯᠵᠤ᠂ ᠡᠪᠰᠡᠬᠦ᠌᠂ ᠬᠠᠭᠠᠴᠠᠭᠤᠯᠬᠤ᠂ ᠤᠬᠤᠷᠢᠬᠤ᠎ᠶ᠋ᠢ ᠡᠰᠡᠷᠭᠦᠴᠡᠵᠡᠶ᠃ ᠳᠤᠮᠳᠠᠳᠤ ᠤᠯᠤᠰ᠎ᠤᠨ ᠡᠪ ᠬᠠᠮᠲᠤ ᠨᠠᠮ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠤ ᠨᠢᠭᠡᠳᠦᠮᠡᠯ ᠹᠷᠣᠨᠲ᠎ᠤᠨ ᠲᠤᠭ᠎ᠢ ᠥᠨᠳᠥᠷ ᠮᠠᠨᠳᠤᠭᠤᠯᠵᠤ᠂ ᠨᠢᠭᠡᠳᠦᠮᠡᠯ ᠹᠷᠣᠨᠲ᠎ᠢ ᠡᠷᠡᠰ ᠬᠠᠮᠠᠭᠠᠯᠠᠵᠤ᠂ ᠪᠠᠬᠢᠵᠢᠭᠦᠯᠦᠨ ᠬᠥᠭ᠌ᠵᠢᠭᠦᠯᠵᠦ᠍᠂ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠂ ᠪᠦᠯᠬᠦᠮᠳᠡᠨ ᠡᠰᠡᠷᠭᠦᠴᠡᠬᠦ᠌᠎ᠶ᠋ᠢ ᠪᠠᠷᠢᠮᠲᠠᠯᠠᠵᠤ᠂ ᠪᠦᠯᠬᠦᠮᠳᠡᠨ ᠶᠠᠫᠣᠨ᠎ᠢ ᠡᠰᠡᠷᠭᠦᠴᠡᠬᠦ᠌ ᠲᠠᠢᠨ᠎ᠤ ᠶᠡᠭᠡ ᠲᠠᠯ᠎ᠠ᠎ᠶ᠋ᠢ ᠬᠠᠮᠠᠭᠠᠯᠠᠪᠠ᠃ ᠳᠣᠮᠲᠠᠲᠤ ᠤᠯᠤᠰ᠎ᠤᠨ ᠠᠷᠠᠣᠠ ᠲᠦᠮᠡᠨ᠎ᠤ ᠶᠠᠫᠥᠠ᠎ᠢ ᠡᠰᠠᠷᠭᠦᠴᠠᠭᠦ᠌ ᠲᠠᠢ᠌ᠠ᠎ᠤ ᠢᠯᠠᠯᠲᠠ ᠪᠤᠯ ᠳᠣᠮᠲᠠᠲᠤ ᠤᠯᠤᠰ᠎ᠤᠨ ᠡᠪ ᠬᠠᠮᠲᠤ ᠨᠠᠮ᠎ᠤᠨ ᠭᠣᠣᠯ ᠪᠤᠯᠬᠤ ᠣᠢ᠌ᠯᠠᠲᠣᠯ ᠪᠤᠯᠬᠤ ᠠᠭᠣᠤ ᠶᠠᠭᠡ ᠢᠯᠠᠯᠲᠠ ᠮᠦᠨ᠃

  ᠤᠯᠤᠰ᠎ᠢᠶᠠᠨ ᠬᠠᠢᠷᠠᠯᠠᠬᠤ ᠦᠵᠡᠯ᠎ᠤᠨ ᠵᠣᠷᠢᠭ᠍ᠵᠢᠭᠤᠯᠤᠯ ᠳᠣᠣᠷ᠎ᠠ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠠᠳᠠᠭᠠᠳᠤ᠎ᠶ᠋ᠢᠨ ᠲᠤᠷᠤᠮᠵᠢᠯᠠᠯ᠎ᠢ ᠬᠠᠮᠲᠤ᠎ᠪᠠᠷ ᠡᠰᠡᠷᠭᠦᠴᠡᠵᠦ᠍᠂ ᠤᠯᠤᠰ᠎ᠤᠨ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠶᠠᠫᠣᠨ᠎ᠢ ᠡᠰᠡᠷᠭᠦᠴᠡᠬᠦ᠌ ᠳᠠᠢᠨ᠎ᠳᠤ ᠢᠳᠡᠪᠬᠢᠲᠡᠢ ᠣᠷᠣᠯᠴᠠᠭ᠍ᠰᠠᠨ ᠪᠥᠭᠡᠳ ᠯᠤᠲᠤ ᠶᠡᠭᠡ ᠦᠷᠡᠭ᠌ᠳᠡᠯ ᠭᠠᠷᠭᠠᠭ᠍ᠰᠠᠨ ᠪᠠᠢᠨ᠎ᠠ᠃ ᠡᠬᠡ ᠣᠷᠣᠨᠴᠢ ᠦᠵᠡᠯ ᠪᠣᠯ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭᠠᠨ᠎ᠤ ᠭᠤᠣᠯ ᠴᠥᠮ᠎ᠡ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠨᠢᠭᠡ ᠰᠡᠳᠭᠢᠯ ᠨᠢᠭᠡ ᠵᠣᠷᠢᠭ᠂ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠬᠤ ᠤᠶᠤᠨ ᠰᠠᠨᠠᠭᠠᠨ᠎ᠤ ᠬᠤᠯᠪᠣᠭᠠᠰᠤ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠦᠨᠳᠦᠰᠦᠲᠡᠨ᠎ᠤ ᠲᠤᠰᠠᠭᠠᠷ ᠲᠣᠭ᠍ᠲᠠᠨᠢᠯ ᠪᠠ ᠦᠨᠳᠦᠰᠦᠲᠡᠨ᠎ᠤ ᠨᠡᠷ᠎ᠡ ᠬᠦᠨᠳᠦ᠍᠎ᠶ᠋ᠢ ᠬᠠᠮᠠᠭᠠᠯᠠᠵᠤ᠂ ᠲᠡᠦᠬᠡ᠎ᠶ᠋ᠢᠨ ᠤᠷᠤᠰᠭᠠᠯ ᠳᠤᠮᠳᠠ ᠡᠷᠡᠯᠬᠡᠭ᠌ᠯᠡᠨ ᠤᠷᠤᠭ᠍ᠰᠢᠯᠠᠬᠤ᠎ᠶ᠋ᠢ ᠵᠣᠷᠢᠭ᠍ᠵᠢᠭᠤᠯᠬᠤ ᠬᠡᠷᠡᠭ᠌ᠳᠠᠢ᠃ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠬᠦ᠌ ᠲᠡᠮᠡᠴᠡᠯ᠎ᠳᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠄ ᠠᠭᠤᠤ ᠶᠡᠭᠡ ᠡᠬᠡ ᠤᠯᠤᠰ ᠪᠣᠯ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠭᠡᠷ ᠣᠷᠣᠨ ᠮᠥᠨ᠂ ᠭᠠᠭ᠍ᠴᠠ ᠬᠦ᠌ ᠤᠯᠤᠰ᠎ᠤᠨ ᠡᠷᠬᠡ ᠮᠡᠳᠡᠯ ᠨᠢᠭᠡᠳᠦᠯ ᠪᠠ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢ ᠭᠦᠨᠵᠡᠭᠡᠢ ᠣᠢᠯᠠᠭᠠᠵᠤ ᠴᠢᠳᠠᠨ᠎ᠠ᠂ ᠦᠨᠳᠦᠰᠦᠲᠡᠨ᠎ᠨᠦᠭᠦᠳ ᠰᠠᠶᠢ ᠵᠢᠩᠬᠢᠨᠢ ᠡᠷᠬᠡ ᠲᠡᠭ᠌ᠰᠢ ᠪᠠᠢᠬᠤ ᠪᠠ ᠬᠥᠭ᠌ᠵᠢᠨ ᠳᠠᠪᠱᠢᠬᠤ᠎ᠶ᠋ᠢ ᠪᠡᠶᠡᠯᠡᠭᠦᠯᠵᠦ᠍ ᠴᠢᠳᠠᠨ᠎ᠠ᠂ ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠠᠭ᠍ᠴᠠ ᠬᠦ᠌ ᠨᠡᠩ ᠨᠢᠭ᠍ᠲᠠᠷᠠᠨ ᠪᠦᠯᠬᠦᠮᠳᠡᠵᠦ᠍ ᠬᠤᠯᠪᠣᠭᠠᠯᠠᠪᠠᠯ ᠰᠠᠶᠢ ᠤᠯᠤᠰ ᠣᠷᠣᠨ᠎ᠤ ᠡᠷᠬᠡ ᠮᠡᠳᠡᠯ᠎ᠤᠨ ᠨᠢᠭᠡᠳᠦᠯ᠂ ᠨᠤᠲᠤᠭ ᠳᠡᠪᠢᠰᠭᠡᠷ᠎ᠤᠨ ᠪᠦᠷᠢᠨ ᠪᠦᠲᠦᠨ ᠪᠠᠢᠬᠤ᠎ᠶ᠋ᠢ ᠬᠠᠮᠠᠭᠠᠯᠠᠬᠤ ᠪᠠ ᠤᠯᠤᠰ ᠣᠷᠣᠨ ᠴᠡᠴᠡᠭ᠌ᠯᠡᠨ ᠬᠥᠭ᠌ᠵᠢᠵᠦ᠍ ᠪᠠᠶᠠᠵᠢᠨ ᠬᠦᠴᠦᠷᠬᠡᠭ᠌ᠵᠢᠵᠦ᠍ ᠴᠢᠳᠠᠨ᠎ᠠ᠃ ᠠᠯᠢ ᠡᠷᠲᠡ ᠶᠠᠫᠤᠨ᠎ᠤ ᠴᠡᠷᠢᠭ᠎ᠲᠤ ᠲᠦᠷᠢᠮᠡᠬᠡᠢᠯᠡᠭ᠌ᠳᠡᠵᠦ᠍ ᠪᠠᠢᠭ᠍ᠰᠠᠨ ᠵᠡᠭᠦᠨ ᠬᠤᠢᠲᠤ᠎ᠶ᠋ᠢᠨ ᠭᠤᠷᠪᠠᠨ ᠮᠤᠵᠢ᠎ᠳᠤ ᠬᠢᠲᠠᠳ᠂ ᠮᠠᠨᠵᠤ᠂ ᠰᠣᠯᠣᠩᠭᠤᠰ᠂ ᠡᠸᠡᠩᠬᠢ᠂ ᠣᠷᠴᠣᠨ᠂ ᠳᠠᠭᠤᠷ ᠵᠡᠷᠭᠡ ᠦᠨᠳᠦᠰᠦᠲᠡᠨ᠎ᠢᠶᠠᠷ ᠪᠦᠷᠢᠯᠳᠦᠭ᠌ᠰᠡᠨ ᠵᠡᠭᠦᠨ ᠬᠤᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠤᠯᠪᠣᠭᠠᠲᠤ ᠴᠡᠷᠢᠭ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠣᠷᠣᠨ᠎ᠢ ᠨᠡᠭᠡᠭᠡᠵᠦ᠍᠂ ᠳᠤᠮᠳᠠᠳᠤ᠎ᠶ᠋ᠢ ᠲᠦᠷᠢᠮᠡᠬᠡᠢᠯᠡᠬᠦ᠌ ᠶᠡᠭᠡ ᠬᠡᠮᠵᠢᠶᠡᠨ᠎ᠤ ᠴᠡᠷᠢᠭ᠎ᠤᠨ ᠬᠦᠴᠦᠨ᠎ᠢ ᠬᠢᠵᠠᠭᠠᠷᠯᠠᠵᠠᠶ᠃ ᠬᠣᠲᠣᠩ ᠠᠷᠠᠳ᠎ᠤ᠋ᠨ ᠰᠠᠯᠪᠤᠷᠢ ᠠᠩᠭᠢ ᠤᠮᠠᠷᠠᠲᠤ ᠣᠷᠣᠨ᠎ᠤ᠋ ᠲᠠᠯ᠎ᠠ ᠭᠠᠵᠠᠷ᠎ᠲᠤ᠌ ᠤᠳᠠᠭ᠎ᠠ ᠳᠠᠷᠠᠭᠠᠯᠠᠨ ᠲᠡᠢᠨ᠎ᠦ᠌ ᠭᠠᠪᠢᠶ᠎ᠠ ᠪᠠᠢᠭᠤᠯᠵᠤ ᠶᠠᠫᠣᠨ᠎ᠤ᠋ ᠲᠦᠷᠢᠮᠡᠬᠡᠢᠯᠡᠯ᠎ᠦ᠋ᠨ ᠴᠡᠷᠢᠭ᠎ᠲᠦ᠍ ᠬᠦᠨᠳᠦ ᠴᠣᠬᠢᠯᠲᠠ ᠥᠭ᠌ᠪᠡ᠃ ᠳᠠᠢᠰᠤᠨ᠎ᠤ᠋ ᠡᠵᠡᠯᠡᠵᠦ᠍ ᠪᠠᠢᠭ᠎ᠠ ᠣᠷᠣᠨ᠎ᠤ᠋ ᠦᠨᠳᠦᠰᠦᠲᠡᠨ᠎ᠨᠦ᠍ᠭᠦᠳ᠎ᠦ᠋ᠨ ᠣᠯᠠᠨ ᠲᠦᠮᠡᠨ ᠶᠠᠫᠣᠨ᠎ᠢ᠋ ᠡᠰᠡᠷᠭᠦᠴᠡᠵᠦ᠍ ᠤᠯᠤᠰ᠎ᠢᠶᠡᠨ ᠠᠪᠤᠷᠠᠬᠤ ᠠᠵᠢᠯ᠎ᠳ᠋ᠤ ᠣᠷᠣᠯᠴᠠᠭ᠍ᠰᠠᠨ ᠪᠠᠢᠨ᠎ᠠ᠃ ᠥᠪᠥᠷ ᠮᠣᠩᠭᠣᠯ᠎ᠤ᠋ᠨ ᠳᠠᠯᠠᠨ ᠬᠠᠷ᠎ᠠ ᠠᠭᠤᠯᠠ᠎ᠶᠢᠨ ᠮᠣᠷᠢᠲᠤ ᠴᠡᠷᠢᠭ᠎ᠦ᠋ᠨ ᠠᠩᠭᠢ ᠨᠠᠢ᠍ᠮᠠᠳᠤᠭᠠᠷ ᠵᠠᠮ᠎ᠤ᠋ᠨ ᠴᠡᠷᠢᠭ᠎ᠲᠡᠢ ᠢᠳᠡᠪᠬᠢᠲᠡᠢ ᠬᠠᠮᠵᠢᠯᠴᠠᠨ ᠶᠠᠫᠣᠨ ᠴᠡᠷᠢᠭ᠎ᠦ᠋ᠨ ᠰᠠᠭᠤᠷᠢᠨ ᠭᠠᠵᠠᠷ᠎ᠲᠤ᠌ ᠴᠣᠬᠢᠯᠲᠠ ᠥᠭ᠌ᠴᠦ᠂ ᠭᠣᠸᠩᠰᠢ᠎ᠶᠢᠨ ᠵᠤᠸᠠᠩ᠂ ᠶᠣᠣ ᠵᠡᠷᠭᠡ ᠴᠥᠭᠡᠨ ᠲᠣᠭᠠᠲᠤ ᠦᠨᠳᠦᠰᠦᠲᠡᠨ᠎ᠦ᠌ ᠵᠠᠯᠠᠭᠤᠴᠤᠳ ᠢᠳᠡᠪᠬᠢᠲᠡᠢ᠎ᠪᠡᠷ ᠴᠡᠷᠢᠭ᠎ᠲᠦ᠍ ᠣᠷᠣᠵᠤ᠂ ᠪᠠᠷᠠᠭᠤᠨ ᠡᠮᠦᠨᠡᠲᠦ᠍᠎ᠶᠢᠨ ᠡᠯ᠎ᠡ ᠦᠨᠳᠦᠰᠦᠲᠡᠨ᠎ᠦ᠌ ᠠᠷᠠᠳ ᠲᠦᠮᠡᠨ ᠴᠢᠰᠤ᠎ᠪᠠᠨ ᠤᠷᠤᠰᠭᠠᠵᠤ ᠶᠦᠨᠨᠠᠨ᠎ᠠᠴᠠ ᠪᠢᠷᠮᠠ ᠬᠦᠷᠬᠦ ᠵᠠᠰᠠᠮᠠᠯ ᠵᠠᠮ ᠵᠡᠷᠭᠡ ᠶᠠᠫᠣᠨ᠎ᠢ᠋ ᠡᠰᠡᠷᠭᠦᠴᠡᠬᠦ᠌ ᠲᠡᠢᠨ᠎ᠦ᠌ ᠱᠤᠭᠤᠮ᠎ᠢ᠋ ᠨᠡᠭᠡᠭᠡᠵᠡᠢ᠃ ᠪᠠᠷᠠᠭᠤᠨ ᠬᠣᠢᠲᠤ ᠣᠷᠣᠨ ᠵᠡᠷᠭᠡ ᠶᠡᠬᠡ ᠠᠷᠤ ᠲᠠᠯ᠎ᠠ᠎ᠶᠢᠨ ᠦᠨᠳᠦᠰᠦᠲᠡᠨ᠎ᠨᠦ᠍ᠭᠦᠳ᠎ᠦ᠋ᠨ ᠣᠯᠠᠨ ᠲᠦᠮᠡᠨ ᠶᠠᠫᠣᠨ᠎ᠢ᠋ ᠡᠰᠡᠷᠭᠦᠴᠡᠬᠦ᠌ ᠲᠡᠢᠨ᠎ᠢ᠋ ᠬᠦᠴᠦᠯᠡᠨ ᠳᠡᠮᠵᠢᠭᠰᠡᠨ ᠪᠠᠢᠨ᠎ᠠ᠃ ᠱᠢᠨᠵᠢᠶᠠᠩ᠎ᠤᠨ ᠡᠯ᠎ᠡ ᠦᠨᠳᠦᠰᠦᠲᠡᠨ᠎ᠦ ᠠᠷᠠᠳ ᠲᠦᠮᠡᠨ ᠱᠢᠨ᠎ᠡ 《ᠰᠢᠨᠵᠢᠶᠠᠩ ᠨᠡᠷᠡᠮᠵᠢᠲᠦ》 ᠨᠢᠰᠭᠡᠯ᠎ᠢᠶᠡᠷ ᠡᠮᠦᠨ᠎ᠡ ᠹᠷᠣᠨᠲ᠎ᠢ ᠳᠠᠮᠵᠢᠵᠤ᠂ ᠫᠠᠮᠢᠷ ᠥᠨᠳᠥᠷᠯᠢᠭ᠎ᠦᠨ ᠲᠡᠮᠡᠭᠡᠨ ᠠᠩᠭᠢ ᠪᠣᠯᠣᠨ ᠶᠦᠨᠨᠠᠨ ᠭᠦᠢ᠍ᠵᠸᠤ ᠰᠧᠴᠤᠸᠠᠨ᠎ᠤ  ᠯᠠᠭᠤᠰᠠ ᠮᠣᠷᠢᠨ ᠠᠩᠭᠢ ᠵᠦᠭᠡᠭᠡᠪᠦᠷᠢ᠎ᠶ᠋ᠢᠨ ᠨᠢᠭᠡᠳᠦᠭᠡᠷ ᠹᠷᠣᠨᠲ᠎ᠲᠤ ᠬᠦᠷᠴᠦ᠍᠂ ᠡᠯ᠎ᠡ ᠲᠥᠷᠥᠯ᠎ᠦᠨ ᠬᠤᠳᠠᠯᠳᠤᠭᠠᠨ᠎ᠤ ᠪᠦᠯᠬᠦᠮ ᠵᠣᠭᠣᠰ᠎ᠲᠠᠢ ᠪᠣᠯ ᠵᠣᠭᠣᠰ᠎ᠢᠶᠠᠨ ᠭᠠᠷᠭᠠᠵᠤ᠂ ᠬᠦᠴᠦᠨ᠎ᠲᠠᠢ ᠪᠣᠯ ᠬᠦᠴᠦᠨ᠎ᠢᠶᠡᠨ ᠭᠠᠷᠭ᠋ᠠᠭᠰᠠᠨ ᠪᠠᠢ᠌ᠨ᠎ᠠ᠃ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠷᠭᠢᠰ ᠳᠠᠢᠰᠤᠨ᠎ᠢ ᠬᠠᠮᠲᠤ᠎ᠪᠠᠷ ᠬᠣᠷᠣᠰᠤᠨ ᠵᠠᠨᠤᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠠᠭᠤᠯᠠ ᠤᠰᠤ᠎ᠶᠢ ᠳᠣᠩᠰᠣᠯᠭᠠᠭᠰᠠᠨ ᠡᠬᠡ ᠣᠷᠣᠨᠴᠢ ᠦᠵᠡᠯ᠎ᠦᠨ ᠪᠠᠭᠠᠲᠤᠷᠯᠢᠭ᠋ ᠳᠠᠭᠤᠤ᠎ᠶᠢ ᠴᠢᠪᠬᠠᠳᠠᠪᠠ᠃

  ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ ᠡᠳᠦᠷ᠎ᠡᠴᠡ ᠡᠬᠢᠯᠡᠨ ᠦᠨᠳᠦᠰᠦᠲᠡᠨ᠎ᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠦᠨᠳᠦᠰᠦᠲᠡᠨ᠎ᠨᠦᠭᠦᠳ᠎ᠦᠨ ᠬᠠᠮᠲᠤ᠎ᠶᠢᠨ ᠶᠠᠫᠣᠨ᠎ᠢ ᠡᠰᠡᠷᠭᠦᠴᠡᠬᠦ᠌᠎ᠶᠢ ᠪᠠᠭ᠍ᠲᠠᠭᠠᠭ᠍ᠰᠠᠨ ᠲᠤᠷᠰᠢᠯᠭ᠎ᠠ᠎ᠪᠠᠨ ᠳ᠋ᠦᠩᠨᠡᠵᠦ᠍᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠢᠶᠠᠷ ᠳᠤᠮᠳᠠᠳᠤ ᠤᠯᠤᠰ᠎ᠤᠨ ᠦᠨᠳᠦᠰᠦᠲᠡᠨ᠎ᠦ ᠠᠰᠠᠭᠤᠳᠠᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠦᠨᠳᠦᠰᠦᠲᠡᠨ᠎ᠦ ᠠᠰᠠᠭᠤᠳᠠᠯ᠎ᠢᠶᠠᠷ ᠰᠢᠢ᠍ᠳᠪᠦᠷᠢᠯᠡᠬᠦ ᠵᠥᠪ ᠵᠠᠮ᠎ᠢᠶᠠᠷ ᠵᠠᠮᠨᠠᠪᠠ᠃ ᠶᠠᠫᠣᠨ᠎ᠢ ᠡᠰᠡᠷᠭᠦᠴᠡᠬᠦ᠌ ᠲᠠᠢᠨ᠎ᠤ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠰᠠᠭᠤᠷᠢᠨ ᠭᠠᠵᠠᠷ᠎ᠲᠤ ᠦᠨᠳᠦᠰᠦᠲᠡᠨ᠎ᠤ ᠡᠷᠬᠡ ᠲᠡᠭ᠌ᠰᠢ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ ᠥᠪᠥᠷ ᠮᠣᠩᠭᠤᠯ᠂ ᠨᠢᠩᠱᠢᠶᠠ ᠵᠡᠷᠭᠡ ᠭᠠᠵᠠᠷ᠎ᠲᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠦᠢᠯᠡᠳᠦᠯᠭᠡ᠎ᠶ᠋ᠢ ᠠᠩᠬ᠎ᠠ ᠠᠯᠬᠤᠮ ᠬᠠᠢᠨ ᠰᠦᠪᠡᠭ᠌ᠴᠢᠯᠡᠭ᠌ᠰᠡᠨ ᠪᠠᠢᠨ᠎ᠠ᠃ ᠦᠨᠳᠦᠰᠦᠲᠡᠨ ᠨᠦᠭᠦᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠡᠵᠡᠷᠬᠡᠭ᠌ ᠲᠦᠷᠢᠮᠡᠬᠡᠢ᠍ᠲᠡᠨ᠎ᠦ ᠬᠦᠴᠦᠨ᠎ᠦ ᠳᠡᠮᠵᠢᠯᠭᠡ ᠳᠣᠣᠷ᠎ᠠ ᠦᠢᠯᠡᠳᠦᠭ᠌ᠰᠡᠨ ᠬᠠᠭᠠᠴᠠᠭᠤᠯᠬᠤ ᠠᠵᠢᠯᠯᠠᠭ᠎ᠠ᠎ᠳᠤ ᠡᠷᠡᠰ ᠱᠢᠭᠤᠷᠬᠠᠢ ᠲᠡᠮᠡᠴᠡᠯ ᠬᠢᠵᠦ᠍᠂ ᠡᠴᠦᠰ᠎ᠲᠡᠭᠡᠨ ᠶᠠᠫᠣᠨ᠎ᠤ ᠴᠡᠷᠢᠭ᠌ᠯᠡᠬᠦ᠌ ᠦᠵᠡᠯ᠎ᠦᠨ ᠺᠣᠯᠣᠨᠢᠴᠢᠯᠠᠯ᠎ᠤᠨ ᠳᠤᠮᠳᠠᠳᠤ ᠤᠯᠤᠰ᠎ᠤᠨ ᠪᠣᠳᠣᠯᠭ᠎ᠠ᠎ᠶ᠋ᠢ ᠲᠣᠢ᠌ᠯᠪᠤᠷᠢᠲᠠᠢ ᠪᠤᠲᠠ ᠨᠢᠷᠭᠡᠵᠦ᠍᠂ ᠤᠯᠤᠰ ᠣᠷᠣᠨ᠎ᠤ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢ᠌ᠬᠤ᠎ᠶ᠋ᠢ ᠬᠦᠴᠦᠲᠡᠢ ᠬᠠᠮᠠᠭᠠᠯᠠᠭ᠍ᠰᠠᠨ ᠪᠠᠢ᠌ᠨ᠎ᠠ᠃ 1947 ᠣᠨ᠎ᠤ 5 ᠳ᠋ᠤᠭ᠋ᠠᠷ ᠰᠠᠷ᠎ᠠ᠎ᠶ᠋ᠢᠨ 1 ᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠢᠭᠤᠯᠤᠭ᠍ᠳᠠᠭ᠍ᠰᠠᠨ᠎ᠢ ᠵᠢᠩᠬᠢᠨᠢ᠎ᠪᠠᠷ ᠲᠤᠩᠬᠠᠭ᠍ᠯᠠᠪᠠ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠᠢᠭᠤᠯᠤᠭ᠍ᠳᠠᠭ᠍ᠰᠠᠨ ᠠᠩᠬᠠᠳᠠᠭ᠍ᠴᠢ ᠮᠤᠵᠢ᠎ᠶ᠋ᠢᠨ ᠱᠠᠲᠤᠨ᠎ᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠨᠤᠲᠤᠭ ᠮᠥᠨ᠃ ᠡᠨᠡ ᠬᠦ᠌ ᠠᠮᠵᠢᠯᠳᠠᠳᠠᠢ ᠤᠢ᠍ᠢᠯᠡᠳᠤᠯᠬᠡ᠎ᠨᠢ ᠶᠠᠫᠤᠨ᠎ᠢ ᠡᠰᠡᠷᠬᠦᠴᠡᠬᠦ᠌ ᠲᠠᠢᠨ᠎ᠤ ᠬᠤᠭᠤᠴᠠᠭᠠᠨ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ ᠦᠪᠤᠷ ᠮᠤᠩᠭᠤᠯ᠎ᠤᠨ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠢ ᠳᠠᠭᠠᠭᠤᠯᠤᠨ ᠱᠢᠨ᠎ᠠ᠎ᠶ᠋ᠢ ᠡᠬᠦᠳᠴᠤ᠌ ᠬᠠᠢᠨ ᠰᠦᠪᠡᠭ᠌ᠴᠢᠯᠡᠭ᠌ᠰᠡᠨ᠎ᠢᠶᠠᠷ ᠪᠠᠷᠠᠬᠤ ᠦᠬᠡᠢ᠂ ᠪᠠᠰᠠ ᠱᠢᠨ᠎ᠠ ᠲᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠠᠷᠠᠭ᠎ᠠ ᠨᠠᠮ᠎ᠤᠨ ᠦᠨᠳᠤᠰᠤᠳᠠᠨ᠎ᠤ ᠲᠦᠷᠤ᠎ᠶ᠋ᠢᠨ ᠪᠤᠳᠤᠯᠭ᠎ᠠ᠎ᠶ᠋ᠢ ᠲᠤᠬ᠍ᠳᠠᠭᠠᠬᠤ᠂ ᠦᠨᠳᠤᠰᠤᠳᠠᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠢ ᠲᠤᠭ᠍ᠳᠠᠭᠠᠬᠤ᠎ᠳᠤ ᠰᠠᠭᠤᠷᠢ ᠲᠠᠯᠪᠢᠵᠤ ᠦᠭ᠌ᠴᠠᠢ᠃ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠱᠢᠨ᠎ᠡ ᠳᠤᠮᠳᠠᠳᠤ ᠤᠯᠤᠰ᠎ᠢ ᠬᠠᠮᠲᠤ᠎ᠪᠠᠷ ᠴᠣᠭ᠍ᠴᠠᠯᠠᠨ ᠪᠠᠢᠭᠤᠯᠵᠤ᠂ ᠦᠨᠳᠦᠰᠦᠲᠡᠨ᠎ᠨᠦᠭᠦᠳ᠎ᠤᠨ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠬᠠᠷᠢᠴᠠᠭ᠎ᠠ᠎ᠶ᠋ᠢ ᠬᠥᠭ᠌ᠵᠢᠭᠦᠯᠬᠦ᠌ ᠱᠢᠨ᠎ᠡ ᠴᠠᠭ ᠦᠶ᠎ᠡ᠎ᠶ᠋ᠢ ᠨᠡᠭᠡᠭᠡᠪᠡ᠃

  ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ᠌ ᠳᠠᠢᠨ ᠢᠯᠠᠯᠲᠠ ᠤᠯᠤᠭᠰᠠᠨ 80 ᠵᠢᠯ᠎ᠦᠨ ᠲᠤᠷᠰᠢ᠂ ᠳᠤᠮᠳᠠᠳᠤ ᠤᠯᠤᠰ᠎ᠲᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠥᠯᠬᠥᠮᠳᠡᠭᠦᠯᠦᠨ ᠳᠠᠭᠠᠭᠤᠯᠵᠤ᠂ ᠨᠡᠢᠭᠡᠮ ᠵᠢᠷᠤᠮᠲᠤ ᠬᠤᠪᠢᠰᠭᠠᠯ᠂ ᠪᠥᠲᠥᠭᠡᠨ ᠪᠠᠢᠭᠤᠯᠤᠯᠲᠠ ᠥᠭᠡᠷᠡᠴᠢᠯᠡᠯᠲᠡ ᠨᠡᠭᠡᠭᠡᠯᠲᠡ ᠪᠣᠯᠣᠨ ᠨᠡᠢᠭᠡᠮ ᠵᠢᠷᠤᠮ᠎ᠤᠨ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠠᠭᠤᠤ ᠶᠡᠬᠡ ᠠᠮᠵᠢᠯᠲᠠ᠎ᠶ᠋ᠢ ᠡᠭᠦᠳᠴᠡᠶ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠲᠡᠮᠡᠴᠡᠯ ᠬᠢᠵᠦ᠍᠂ ᠠᠭᠤᠤ ᠶᠡᠭᠡ ᠢᠨᠵᠧᠨᠧᠷᠢᠩ᠎ᠢ ᠪᠦᠳᠦᠭᠡᠨ ᠪᠠᠢᠭᠤᠯᠵᠤ᠂ ᠠᠭᠤᠤ ᠶᠡᠭᠡ ᠦᠢᠯᠡᠰ᠎ᠢ ᠠᠬᠢᠭᠤᠯᠵᠤ᠂ ᠠᠭᠤᠤ ᠶᠡᠭᠡ ᠬᠦᠰᠡᠯ ᠵᠡᠭᠦᠳᠦ᠍᠎ᠶ᠋ᠢ ᠪᠡᠶᠡᠯᠡᠭᠦᠯᠵᠦ᠍᠂ ᠨᠠᠮ ᠪᠣᠯᠤᠨ ᠤᠯᠤᠰ᠎ᠤᠨ ᠦᠢᠯᠡᠰ᠎ᠤᠨ ᠪᠦᠬᠦ᠌ ᠲᠠᠯ᠎ᠠ᠎ᠶ᠋ᠢᠨ᠂ ᠡᠭᠦᠳᠦᠯᠲᠡ᠎ᠶ᠋ᠢᠨ ᠴᠢᠨᠠᠷᠲᠠᠢ ᠲᠡᠦᠬᠡ᠎ᠶ᠋ᠢᠨ ᠠᠮᠵᠢᠯᠲᠠ ᠤᠯᠬᠤ᠎ᠶ᠋ᠢ ᠠᠬᠢᠭᠤᠯᠵᠤ᠂ ᠭᠦᠨ ᠳᠠᠪᠬᠤᠷᠭ᠎ᠠ᠎ᠶ᠋ᠢᠨ᠂ ᠦᠨᠳᠦᠰᠦᠨ ᠴᠢᠨᠠᠷᠲᠠᠢ ᠲᠡᠦᠬᠡ᠎ᠶ᠋ᠢᠨ ᠬᠤᠪᠢᠰᠤᠯᠲᠠ ᠭᠠᠷᠪᠠ᠃  80 ᠵᠢᠯ᠎ᠤᠨ ᠲᠤᠷᠰᠢ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠠᠴᠠ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠢᠷᠠᠵᠤ ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠤᠴᠠᠰᠢ ᠦᠭᠡᠢ ᠲᠡᠦᠬᠡᠨ ᠠᠬᠢᠴᠠ᠎ᠳᠤ ᠣᠷᠣᠵᠠᠢ᠃ 《ᠪᠤᠰᠴᠤ᠌ ᠵᠤᠬ᠍ᠰᠤᠭ᠍ᠰᠠᠠ》 ᠎ᠨᠢ ᠠᠳᠠᠯᠢ ᠪᠤᠰᠤ ᠲᠡᠦᠬᠡ᠎ᠶ᠋ᠢᠨ ᠬᠥᠭ᠌ᠵᠢᠯᠲᠡ᠎ᠶ᠋ᠢᠨ ᠱᠠᠲᠤᠨ᠎ᠳᠤ ᠪᠠᠢᠭ᠎ᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠠᠷᠠᠳᠴᠢᠯᠠᠯ ᠥᠭᠡᠷᠡᠴᠢᠯᠡᠯᠲᠡ ᠪᠠ ᠨᠡᠢᠭᠡᠮ ᠵᠢᠷᠤᠮ᠎ᠤᠨ ᠥᠭᠡᠷᠡᠴᠢᠯᠡᠯᠲᠡ᠎ᠪᠠᠷ ᠳᠠᠮᠵᠢᠭᠤᠯᠤᠨ ᠨᠡᠢᠭᠡᠮ ᠵᠢᠷᠤᠮ᠎ᠤᠨ ᠭᠡᠭᠡᠨ ᠰᠠᠷᠠᠭᠤᠯ ᠠᠯᠤᠰ ᠢᠷᠡᠭᠡᠳᠦᠢ᠎ᠳᠤ ᠣᠷᠣᠭᠤᠯᠵᠤ᠂ 《ᠡᠷᠬᠡ ᠴᠢᠯᠦᠭᠡ᠎ᠪᠡᠨ ᠣᠯᠣᠭᠰᠠᠨ ᠲᠠᠷᠢᠶᠠᠴᠢᠨ ᠳᠠᠭᠤᠤ᠎ᠪᠠᠨ ᠳᠠᠭᠤᠯᠠᠬᠤ 》 ᠭᠡᠳᠡᠭ ᠨᠢ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ᠎ᠦ 《 ᠴᠢᠯᠦᠭᠡᠯᠡᠯᠲᠡ 》᠎ᠶᠢᠨ ᠲᠤᠬᠠᠢ ᠭᠦᠨᠵᠡᠭᠡᠢ ᠲᠥᠷᠥᠭᠳᠡᠯ᠎ᠢ ᠢᠯᠡᠳᠬᠡᠵᠡᠢ; ᠺᠦᠷᠪᠠ ᠠᠪᠠᠭ᠎ᠠ ᠡᠯᠵᠢᠭᠡ ᠤᠨᠤᠵᠤ ᠪᠡᠭᠡᠵᠢᠩ᠎ᠳᠤ ᠣᠴᠢᠬᠤ᠂ ᠫᠦ ᠡᠯ ᠦᠨᠳᠦᠰᠦᠲᠡᠨ᠎ᠤ ᠪᠦᠯᠬᠦᠮᠳᠡᠯ᠎ᠤᠨ ᠲᠠᠩᠭᠠᠷᠢᠭ᠎ᠤᠨ ᠦᠭᠡᠰ ᠵᠡᠷᠭᠡ ᠦᠯᠢᠭᠡᠷ᠎ᠨᠢ ᠬᠢᠯᠢ ᠬᠢᠵᠠᠭᠠᠷ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠨᠡᠢᠭᠡᠮ ᠵᠢᠷᠤᠮ᠎ᠤᠨ ᠪᠠᠢᠭᠤᠯᠤᠯ᠎ᠳᠤ ᠴᠢᠩ ᠰᠡᠳᠭᠢᠯ᠎ᠠᠴᠠ᠎ᠪᠠᠨ ᠬᠦᠷᠢᠶᠡᠯᠡᠵᠦ᠍ ᠪᠠᠢᠬᠤ᠎ᠪᠠᠨ ᠢᠯᠡᠳᠭᠡᠪᠡ᠃ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠦ ᠳᠠᠷᠠᠭ᠎ᠠ ᠦᠨᠳᠦᠰᠦᠲᠡᠨ᠎ᠦ ᠭᠠᠵᠠᠷ ᠣᠷᠣᠨ ᠨᠢ ᠪᠦᠬᠦ᠌ ᠤᠯᠤᠰ᠎ᠤᠨ ᠬᠠᠮᠲᠤ᠎ᠪᠠᠷ ᠬᠦᠭᠵᠢᠬᠦ 《ᠪᠠᠶᠠᠵᠢᠭ᠍ᠰᠠᠨ》 ᠠᠮᠵᠢᠯᠲᠠ ᠣᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠬᠤ》 ᠶ᠋ᠢ ᠭᠦᠢᠴᠡᠳ ᠲᠠᠨᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠭᠠᠵᠠᠷ ᠣᠷᠣᠨ᠎ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠵᠠᠮ ᠬᠠᠷᠢᠯᠴᠠᠭ᠎ᠠ ᠪᠣᠯᠤᠨ ᠨᠡᠢᠭᠡᠮ᠎ᠤᠨ ᠦᠢᠯᠡᠰ᠎ᠤᠨ ᠪᠥᠬᠦ᠌ ᠲᠠᠯ᠎ᠠ᠎ᠶ᠋ᠢᠨ ᠳᠠᠪᠱᠢᠯᠲᠠ᠎ᠶ᠋ᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠎ᠤ 《ᠬᠦᠴᠦᠷᠬᠡᠭ᠌ᠵᠢᠬᠦ᠌》 ᠣᠮᠤᠭ ᠲᠡᠭᠦᠯᠳᠡᠷ ᠠᠯᠬᠤᠭ᠎ᠠ᠎ᠶ᠋ᠢ ᠨᠠᠩ ᠴᠢᠩᠭ᠎ᠠ ᠮᠡᠳᠡᠷᠡᠭᠦᠯᠵᠦ᠍᠂ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠶ ᠬᠠᠮᠲᠤ᠎ᠶ᠋ᠢᠨ ᠲᠠᠨᠢᠯᠲᠠ ᠴᠦ᠍ ᠡᠳᠦᠷ ᠢᠷᠡᠬᠦᠶ᠎ᠡ ᠴᠢᠩᠭᠠᠷᠠᠪᠠ᠃

  ᠠᠭᠤᠤ ᠶᠡᠭᠡ ᠢᠯᠠᠯᠲᠠ᠎ᠠᠴᠠ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ᠎ᠳᠤ᠂ ᠲᠡᠦᠬᠡ᠎ᠶ᠋ᠢᠨ ᠠᠯᠬᠤᠭ᠎ᠠ ᠡᠭᠦᠷᠢᠳᠡ ᠤᠷᠤᠭ᠍ᠰᠢᠯᠠᠬᠤ ᠬᠡᠷᠡᠭ᠌ᠳᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠠᠫᠣᠨ᠎ᠢ ᠡᠰᠡᠷᠭᠦᠴᠡᠬᠦ᠌ ᠲᠠᠢᠨ᠎ᠤ ᠭᠠᠯ ᠳᠤᠮᠳᠠ ᠶᠠᠪᠤᠵᠤ ᠢᠷᠡᠭ᠌ᠰᠡᠨ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠬᠤᠪᠢ ᠵᠠᠶᠠᠭ᠎ᠠ᠎ᠲᠠᠢ ᠳᠤᠮᠳᠠᠳᠤ᠎ᠶ᠋ᠢᠨ ᠦᠨᠳᠦᠰᠦᠲᠡᠨ᠎ᠢᠶᠠᠨ ᠪᠠᠲᠤ ᠡᠵᠡᠮᠱᠢᠵᠦ᠍᠂ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠠᠭᠤᠤ ᠶᠡᠭᠡ ᠠᠶᠠᠨ ᠵᠠᠮ᠎ᠳᠤ 《ᠲᠠᠪᠤᠨ ᠬᠠᠮᠲᠤ᠎ᠶ᠋ᠢᠨ ᠲᠠᠨᠢᠯᠲᠠ》 ᠲᠠᠰᠤᠷᠠᠯᠲᠠ ᠦᠭᠡᠢ ᠴᠢᠩᠭᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠦᠵᠡᠯ  ᠰᠠᠨᠠᠭ᠋ᠠᠨ᠎ᠤ ᠰᠠᠭᠤᠷᠢ ᠲᠠᠰᠤᠷᠠᠯᠳᠠ ᠦᠭᠡᠢ ᠪᠠᠬᠢᠵᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠬᠦᠴᠦᠨ᠎ᠢ ᠨᠢᠭ᠍ᠲᠠᠷᠠᠭᠤᠯᠪᠠ᠃

   [ ᠱᠢᠣᠢ ᠫᠢᠩ  ᠵᠣᠬᠢᠶᠠᠭ᠍ᠴᠢ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ ᠶ᠋ᠢᠨ 《ᠲᠢᠶᠠᠨ ᡂᠢ ᠭᠠᠷᠮᠠᠭᠠᠢ ᠴᠢᠳᠠᠪᠤᠷᠢᠲᠠᠨ》᠎ᠤ ᠣᠨᠴᠠ ᠤᠷᠢᠭ᠍ᠰᠠᠨ ᠫᠷᠤᠹᠸᠰᠰᠤᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ  (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠫᠷᠤᠹᠧᠰᠰᠤᠷ ] 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ