ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠤᠨ᠎ᠠ
2025-12-31

  ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠥᠨ᠃ ᠤᠷᠲᠤ ᠤᠳᠠᠭᠠᠨ ᠲᠡᠦᠬᠡᠨ ᠶᠠᠪᠤᠴᠠ᠎ᠳᠤ᠂ ᠦᠨᠳᠦᠰᠦᠲᠡᠨ᠎ᠨᠦᠭᠦᠳ ᠥᠷᠭᠡᠨ ᠠᠭᠤᠳᠠᠮ ᠬᠢᠯᠢ ᠬᠢᠵᠠᠭᠠᠷ᠎ᠢ ᠬᠠᠮᠲᠤ᠎ᠪᠠᠷ ᠨᠡᠭᠡᠭᠡᠵᠦ᠍᠂ ᠥᠨᠢ ᠤᠳᠠᠭᠠᠨ ᠲᠡᠦᠬᠡ᠎ᠶ᠋ᠢ ᠬᠠᠮᠲᠤ᠎ᠪᠠᠷ ᠪᠢᠴᠢᠭ᠌ᠯᠡᠵᠦ᠍᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠴᠦ᠍᠂ ᠠᠭᠤᠤ ᠶᠡᠭᠡ ᠵᠣᠷᠢᠭ ᠰᠠᠨᠠᠭ᠎ᠠ᠎ᠶ᠋ᠢ ᠬᠠᠮᠲᠤ᠎ᠪᠠᠷ ᠪᠤᠢᠵᠢᠭᠤᠯᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠲᠤᠮᠱᠢᠭ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠤᠢ ᠪᠣᠯᠭᠠᠪᠠ᠃ ᠱᠢᠨ᠎ᠡ ᠠᠶᠠᠨ ᠵᠠᠮ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠲᠤᠳᠭᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠠᠤᠭ᠎ᠠ ᠬᠦᠴᠦᠨ᠎ᠢ ᠨᠢᠭ᠍ᠲᠠᠷᠠᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃

  ᠲᠡᠦᠬᠡ᠎ᠶ᠋ᠢᠨ ᠦᠨᠳᠦᠰᠦ ᠰᠠᠭᠤᠷᠢ᠎ᠳᠤ ᠰᠠᠭᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠰᠣᠶᠣᠯ᠎ᠤᠨ ᠮᠡᠳᠡᠷᠡᠮᠵᠢ᠎ᠶ᠋ᠢ ᠭᠦᠨᠵᠡᠭᠡᠢᠷᠡᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠤ ᠤᠯᠠᠨ ᠡᠱᠢᠲᠦ ᠨᠢᠭᠡ ᠴᠤᠭ᠍ᠴᠠᠵᠢᠭ᠍ᠰᠠᠨ ᠪᠠᠢᠷᠢᠱᠢᠯ ᠪᠣᠯ ᠪᠢᠳᠡᠨ᠎ᠳᠤ ᠦᠯᠡᠳᠡᠭᠡᠵᠦ᠍ ᠥᠭ᠌ᠭᠦᠭ᠌ᠰᠡᠨ ᠡᠯᠪᠡᠭ ᠪᠠᠶᠠᠯᠢᠭ ᠥᠪ ᠬᠥᠷᠥᠩᠭᠡ ᠮᠥᠨ᠂ ᠪᠠᠰᠠ ᠴᠤ᠌ ᠪᠣᠳᠠᠲᠤ ᠠᠬᠤᠢ᠎ᠶ᠋ᠢᠨ ᠵᠢᠷᠤᠭ᠍ᠯᠠᠯ ᠮᠥᠨ᠃ ᠲᠠᠪᠤᠨ ᠮᠢᠩᠭ᠎ᠠ ᠭᠠᠷᠤᠢ ᠵᠢᠯ᠎ᠤᠨ ᠡᠮᠦᠨ᠎ᠡ᠂ ᠳᠤᠮᠳᠠᠳᠤ᠎ᠶ᠋ᠢᠨ ᠡᠬᠡ ᠭᠠᠵᠠᠷ ᠳᠡᠭᠡᠷ᠎ᠡ ᠳᠠᠷᠤᠢ ᠡᠷᠲᠡ ᠦᠶ᠎ᠡ᠎ᠶ᠋ᠢᠨ ᠪᠣᠯᠪᠠᠰᠤᠨ᠎ᠢ ᠪᠤᠢᠵᠢᠭᠤᠯᠵᠤ᠂ ᠬᠠᠳᠤᠨ ᠭᠤᠣᠯ᠎ᠤᠨ ᠰᠠᠪᠠ ᠭᠠᠵᠠᠷ᠂ ᠬᠥᠬᠡᠮᠥ᠋ᠷᠡᠨ᠎ᠤ ᠰᠠᠪᠠ ᠭᠠᠵᠠᠷ ᠵᠡᠷᠭᠡ ᠭᠠᠵᠠᠷ᠎ᠤᠨ ᠡᠪᠦᠭᠡ ᠳᠡᠭᠡᠳᠦᠰ ᠠᠵᠤ ᠠᠬᠤᠢ᠎ᠶ᠋ᠢᠨ ᠶᠠᠪᠤᠯᠴᠠᠭ᠎ᠠ᠂ ᠰᠣᠶᠣᠯ᠎ᠤᠨ ᠰᠣᠯᠢᠯᠴᠠᠭ᠎ᠠ᠎ᠪᠠᠷ ᠳᠠᠮᠵᠢᠨ᠂ ᠠᠯᠬᠤᠮ ᠠᠯᠬᠤᠮ᠎ᠢᠶᠠᠷ 《ᠲᠠᠨ᠎ᠤ ᠳᠣᠲᠣᠷ᠎ᠠ ᠪᠢ ᠪᠠᠢᠨ᠎ᠠ᠂ ᠮᠢᠨᠤ ᠳᠤᠲᠤᠷ᠎ᠠ ᠴᠢ ᠪᠠᠢ᠌ᠨ᠎ᠠ》 ᠦᠨᠳᠦᠰᠦᠲᠡᠨ᠎ᠤ ᠠᠭᠤᠰᠤᠯᠴᠠᠯ᠎ᠤᠨ ᠪᠠᠢᠳᠠᠯ᠎ᠢ ᠪᠦᠷᠢᠯᠳᠦᠭᠦᠯᠵᠡᠢ᠃ ᠵᠤᠤ ᠵᠢᠶᠦ᠋ᠨ ᠮᠣᠷᠳᠠᠭᠰᠠᠨ ᠰᠣᠶᠣᠯ᠎ᠤᠨ ᠰᠤᠳᠠᠰᠤ᠎ᠠᠴᠠ ᠸᠧᠨ ᠴᠧᠩ ᠭᠦᠩᠵᠦ᠍᠎ᠶ᠋ᠢᠨ ᠲᠥᠪᠡᠳ᠎ᠲᠤ ᠤᠷᠤᠭ᠍ᠰᠠᠨ ᠦᠨᠳᠦᠰᠦᠲᠡᠨ᠎ᠤ ᠨᠥᠬᠦᠷᠯᠡᠯ ᠬᠦᠷᠲᠡᠯ᠎ᠡ᠂ ᠯᠢᠶᠠᠩᠵᠸᠤ ᠵᠢᠨ ᠴᠢᠭᠤᠯᠭᠠᠨ᠎ᠤ ᠤᠶᠤᠨ ᠤᠬᠠᠭᠠᠨ᠎ᠤ ᠰᠣᠩᠭᠣᠯᠲᠠ᠎ᠠᠴᠠ ᠣᠢᠷ᠎ᠠ ᠦᠶ᠎ᠡ᠎ᠡᠴᠡ ᠨᠠᠰᠢᠬᠢ ᠦᠨᠳᠦᠰᠦᠲᠡᠨ᠎ᠨᠦᠭᠦᠳ᠎ᠦᠨ ᠠᠷᠠᠳ ᠲᠦᠮᠡᠨ ᠭᠠᠳᠠᠭᠠᠳᠤ᠎ᠶᠢᠨ ᠳᠣᠷᠣᠮᠵᠢᠯᠠᠯ᠎ᠢ ᠬᠠᠮᠲᠤᠪᠠᠷ ᠡᠰᠡᠷᠭᠦᠴᠡᠵᠦ᠂ ᠤᠯᠤᠰ᠎ᠤᠨ ᠵᠣᠪᠠᠯᠠᠩ᠎ᠢ ᠬᠠᠮᠲᠤᠪᠠᠷ ᠲᠤᠭᠤᠯᠤᠭᠰᠠᠨ ᠬᠤᠪᠢᠰᠬᠠᠯ᠎ᠤᠨ ᠠᠤᠭ᠎ᠠ ᠠᠵᠢᠯᠯᠠᠭ᠎ᠠ ᠬᠦᠷᠲᠡᠯ᠎ᠡ᠂ ᠡᠳᠡᠭᠡᠷ ᠲᠡᠦᠬᠡᠨ ᠦᠯᠢᠬᠡᠷ ᠨᠢ ᠳᠤᠮᠳᠠᠳᠤ᠎ᠶᠢᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠲᠠᠰᠤᠷᠠᠯᠳᠡ ᠦᠭᠡᠢ ᠪᠡᠬᠢᠵᠢᠭᠰᠡᠨ ᠬᠠᠮᠲᠤ᠎ᠶᠢᠨ ᠴᠣᠭᠴᠠ᠎ᠶᠢᠨ ᠬᠠᠮᠲᠤ᠎ᠶᠢᠨ ᠲᠠᠨᠢᠯᠲᠠ᠎ᠶᠢ ᠠᠮᠢᠳᠤᠯᠢᠭ᠋᠎ᠢᠶᠠᠷ ᠲᠠᠢᠯᠪᠤᠷᠢᠯᠠᠵᠠᠢ᠃ ᠲᠡᠦᠬᠡ ᠪᠣᠯ ᠬᠠᠮᠤᠭ᠎ᠤᠨ ᠰᠠᠢᠨ ᠰᠤᠷᠬᠤ ᠪᠢᠴᠢᠭ ᠮᠥᠨ᠂ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡ᠎ᠳᠤ ᠠᠭᠤᠯᠤᠭ᠍ᠳᠠᠵᠤ ᠪᠠᠢᠭ᠎ᠠ 《ᠲᠠᠪᠤᠨ ᠬᠠᠮᠲᠤ》 ᠎ᠶ᠋ᠢ ᠭᠦᠨᠵᠡᠭᠡᠢ ᠠᠭᠤᠳᠠᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠭᠦᠨ ᠵᠤᠵᠠᠭᠠᠨ ᠲᠡᠦᠬᠡ᠎ᠶ᠋ᠢᠨ ᠲᠤᠯᠭᠠᠭᠤᠷᠢᠯᠠᠯ ᠬᠠᠩᠭᠠᠵᠤ ᠴᠢᠳᠠᠨ᠎ᠠ᠃ ᠵᠢᠱ᠌ᠢᠶᠡᠯᠡᠪᠡᠯ᠂ ᠬᠤᠩᠱᠠᠨ ᠰᠣᠶᠣᠯ᠎ᠨᠢ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠤᠷᠢᠳᠤᠬᠢ ᠬᠥᠮᠥᠰ᠎ᠤᠨ 《ᠳᠤᠮᠳᠠᠳᠤ᠎ᠶ᠋ᠢᠨ ᠠᠩᠬᠠᠨ᠎ᠤ ᠯᠤᠤ》 ᠎ᠶ᠋ᠢ ᠰᠡᠢᠯᠦᠭ᠌ᠰᠡᠨ ᠣᠶᠤᠨ ᠤᠬᠠᠭᠠᠨ ᠪᠠ ᠢᠲᠡᠭᠡᠯ ᠪᠢᠱᠢᠷᠡᠯ᠎ᠢ ᠠᠴᠢᠶᠠᠯᠠᠭ᠍ᠰᠠᠨ᠎ᠢᠶᠠᠷ ᠪᠠᠷᠠᠬᠤ ᠦᠭᠡᠢ᠂ ᠪᠠᠰᠠ 《ᠮᠠᠨᠳᠠᠯ ᠰᠦᠮ᠎ᠡ᠎ᠶᠢᠨ ᠪᠣᠯᠠᠰᠢ》 ᠎ᠶᠢᠨ ᠶᠣᠰᠣᠯᠠᠯ᠎ᠤᠨ ᠪᠠᠷᠢᠯᠭ᠎ᠠ᠎ᠶ᠋ᠢ ᠨᠡᠭᠡᠭᠡᠬᠦ᠌ ᠠᠤᠭ᠎ᠠ ᠶᠡᠭᠡ ᠪᠠᠢᠷᠢᠱᠢᠯ᠎ᠢ ᠢᠯᠡᠷᠡᠭᠦᠯᠬᠦ᠌᠎ᠶ᠋ᠢᠨ ᠬᠠᠮᠲᠤ ᠪᠠᠷᠠᠭᠤᠨ ᠯᠢᠶᠣᠤᠾᠧ ᠭᠤᠣᠯ᠎ᠤᠨ ᠰᠠᠪᠠ ᠭᠠᠵᠠᠷ᠎ᠤᠨ ᠨᠡᠢᠭᠡᠮ᠎ᠤᠨ ᠪᠤᠳᠤᠯᠢᠶᠠᠨᠲᠤ ᠠᠬᠢᠴᠠ᠎ᠶ᠋ᠢᠨ ᠪᠣᠯᠪᠠᠰᠤᠨ᠎ᠤ ᠦᠷ᠎ᠤᠨ ᠲᠤᠶᠠᠭ᠎ᠠ᠎ᠶ᠋ᠢ ᠭᠡᠷᠡᠴᠢᠯᠡᠭ᠌ᠰᠡᠨ ᠪᠠᠢᠨ᠎ᠠ᠃ ᠡᠲᠡᠭᠡᠷ ᠬᠡᠳᠦᠨ ᠮᠢᠩᠭᠠᠨ ᠵᠢᠯ ᠠᠯᠤᠰᠯᠠᠭ᠍ᠰᠠᠨ ᠰᠣᠶᠣᠯ᠎ᠤᠨ ᠲᠡᠮᠳᠡᠭ ᠪᠠ ᠲᠡᠦᠬᠡ᠎ᠶ᠋ᠢᠨ ᠳᠤᠷᠠᠰᠤᠮᠵᠢ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠶ᠋ᠢᠨ ᠭᠦᠨ ᠵᠤᠵᠠᠭᠠᠨ ᠦᠨᠳᠦᠰᠦ ᠰᠠᠭᠤᠷᠢ ᠮᠥᠨ᠃

  ᠴᠠᠭ ᠦᠶ᠎ᠡ᠎ᠶ᠋ᠢᠨ ᠠᠭᠤᠯᠬᠤᠨ᠎ᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠢᠯᠡᠳᠭᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠦᠨ᠎ᠡ᠃ ᠶᠡᠷᠦᠩᠬᠡᠢ ᠱᠦᠵᠢ ᠰᠢ᠎ᠶ᠋ᠢᠨ ᠫᠢᠩ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠦᠯᠢᠭᠡᠷ᠎ᠢ 《ᠪᠣᠳᠠᠲᠠᠢ ᠲᠦᠷᠦᠭ᠌ᠳᠡᠯ᠎ᠲᠠᠢ ᠪᠦᠲᠦᠮᠵᠢᠲᠡᠢ》 ᠰᠠᠢᠲᠤᠷ ᠶᠠᠷᠢᠬᠤ ᠬᠡᠷᠡᠭ᠌ᠲᠡᠢ ᠭᠡᠵᠡᠢ᠃ 《ᠬᠡᠯᠪᠡᠷᠢ᠎ᠲᠠᠢ》 ᠭᠡᠳᠡᠭ ᠪᠣᠯ ᠪᠣᠳᠠᠲᠤ ᠪᠣᠳᠠᠰ᠎ᠤᠨ ᠪᠣᠳᠠᠲᠤ ᠦᠵᠡᠮᠵᠢ᠎ᠪᠠᠷ ᠳᠠᠮᠵᠢᠭᠤᠯᠤᠨ ᠬᠡᠢᠰᠪᠦᠷᠢ ᠰᠠᠭᠤᠭ᠍ᠳᠠᠯ᠎ᠢ ᠪᠤᠳᠠᠲᠠᠢᠵᠢᠭᠤᠯᠤᠨ᠎ᠠ; 《ᠲᠥᠷᠥᠭ᠌ᠳᠡᠯ᠎ᠲᠠᠢ》 ᠭᠡᠳᠡᠭ ᠪᠣᠯ ᠰᠡᠳᠭᠢᠯᠭᠡ᠎ᠪᠠᠷ᠎ᠢᠶᠠᠨ ᠬᠥᠮᠦᠨ᠎ᠢ ᠳᠣᠭ᠍ᠳᠣᠯᠤᠭᠤᠯᠵᠤ᠂ ᠶᠣᠰᠣ᠎ᠪᠠᠷ ᠬᠥᠮᠦᠨ᠎ᠢ ᠪᠢᠱᠢᠷᠡᠭᠦᠯᠵᠦ᠍᠂ ᠬᠠᠮᠲᠤ᠎ᠶ᠋ᠢᠨ ᠰᠡᠳᠭᠢᠯ᠎ᠢᠶᠠᠷ ᠤᠴᠢᠷ ᠶᠠᠪᠤᠳᠠᠯ᠎ᠢ ᠲᠣᠭᠠᠴᠢᠬᠤ᠎ᠪᠠᠷ ᠳᠠᠮᠵᠢᠭᠤᠯᠤᠨ ᠬᠠᠮᠲᠤ᠎ᠶ᠋ᠢᠨ ᠮᠡᠳᠡᠷᠡᠮᠵᠢ᠎ᠶ᠋ᠢ ᠬᠦᠭᠵᠢᠭᠡᠨ᠎ᠡ; 《ᠪᠦᠲᠦᠮᠵᠢᠲᠡᠶ》 ᠭᠡᠳᠡᠭ ᠪᠣᠯ ᠤᠯᠠᠨ ᠡᠱᠢᠴᠢᠯᠡᠭ᠌ᠰᠡᠨ ᠳᠠᠮᠵᠢᠭᠤᠯᠭ᠎ᠠ᠎ᠶ᠋ᠢᠨ ᠵᠢᠭ᠍ᠰᠠᠭᠠᠯ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠦᠯᠢᠭᠡᠷ᠎ᠢ ᠨᠡᠩ ᠥᠷᠭᠡᠨ ᠳᠡᠯᠭᠡᠷ ᠬᠦᠯᠢᠶᠡᠨ ᠠᠪᠤᠭ᠍ᠴᠢᠳ᠎ᠲᠤ ᠬᠥᠨᠳᠡᠭ᠌ᠰᠡᠨ ᠶᠠᠪᠤᠳᠠᠯ ᠪᠣᠯᠤᠨ᠎ᠠ᠃ ᠡᠭᠦᠨ᠎ᠤ ᠬᠠᠮᠲᠤ᠌᠂ ᠨᠡᠢᠲᠡᠯᠢᠭ ᠴᠢᠨᠠᠷ ᠬᠢᠭᠡᠳ ᠵᠥᠷᠢᠶᠡᠲᠦ ᠴᠢᠨᠠᠷ᠎ᠤᠨ ᠬᠠᠷᠢᠴᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠬᠢᠭᠡᠳ ᠦᠨᠳᠦᠰᠦᠲᠡᠨ᠎ᠨᠦᠭᠦᠳ᠎ᠤᠨ ᠤᠬᠠᠮᠰᠠᠷ᠎ᠤᠨ ᠬᠠᠷᠢᠴᠠᠭ᠎ᠠ᠂ ᠳᠤᠮᠳᠠᠳᠤ᠎ᠶ᠋ᠢᠨ ᠰᠣᠶᠣᠯ ᠬᠢᠭᠡᠳ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠂ ᠪᠣᠳᠠᠰ ᠬᠢᠭᠡᠳ ᠤᠶᠤᠨ ᠰᠠᠨᠠᠭᠠᠨ᠎ᠤ ᠬᠠᠷᠢᠴᠠᠭ᠎ᠠ᠎ᠶ᠋ᠢ ᠵᠥᠪ᠎ᠢᠶᠠᠷ ᠡᠵᠡᠮᠱᠢᠬᠦ᠌ ᠬᠡᠷᠡᠭ᠌ᠲᠡᠢ᠃ ᠲᠦᠷᠪᠡᠨ ᠬᠤᠣᠰ ᠬᠠᠷᠢᠴᠠᠭ᠎ᠠ᠎ᠶ᠋ᠢ ᠵᠥᠪ᠎ᠢᠶᠠᠷ ᠱᠢᠢᠳᠪᠦᠷᠢᠯᠡᠪᠡᠯ ᠰᠠᠶᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠡᠩ ᠪᠦᠲᠦᠮᠵᠢᠲᠡᠢ ᠪᠠᠲᠤ ᠪᠠᠬᠢ ᠪᠣᠯᠭᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠡᠬᠡ ᠤᠯᠤᠰ᠎ᠤᠨ ᠨᠢᠭᠡᠳᠦᠯ᠂ ᠤᠯᠤᠰ᠎ᠤᠨ ᠠᠮᠤᠷ ᠲᠦᠪᠱᠢᠨ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠦᠨᠳᠦᠰᠦᠲᠡᠨ᠎ᠨᠦᠭᠦᠳ᠎ᠤᠨ ᠬᠥᠮᠦᠰ᠎ᠤᠨ ᠰᠡᠳᠭᠢᠯ᠎ᠢ ᠨᠢᠭ᠍ᠲᠠᠷᠠᠭᠤᠯᠤᠨ᠂ ᠵᠣᠷᠢᠭ ᠰᠠᠨᠠᠭ᠎ᠠ᠎ᠶ᠋ᠢ ᠠᠭᠤᠰᠤᠯᠴᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠬᠠᠮᠲᠤ᠎ᠪᠠᠷ ᠴᠢᠷᠮᠠᠢᠨ ᠲᠡᠮᠡᠴᠡᠵᠦ᠍ ᠴᠢᠳᠠᠨ᠎ᠠ᠃

  ᠦᠢᠯᠡᠳᠦᠯᠭᠡ᠎ᠶ᠋ᠢᠨ ᠠᠷᠭ᠎ᠠ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠠᠮᠢᠳᠤᠷᠠᠯ᠎ᠳᠤ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠵᠠᠩᠭᠢᠯᠠᠭ᠎ᠠ᠎ᠨᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ᠎ᠳᠤ ᠪᠠᠢᠨ᠎ᠠ᠃ ᠨᠢᠭᠡ ᠲᠠᠯ᠎ᠠ᠎ᠪᠠᠷ᠂ ᠦᠨᠳᠦᠰᠦᠲᠡᠨ᠎ᠨᠦᠭᠦᠳ ᠣᠷᠣᠨ ᠵᠠᠢ᠂ ᠰᠣᠶᠣᠯ᠂ ᠠᠵᠤ ᠠᠬᠤᠶ᠂ ᠨᠡᠢᠭᠡᠮ᠂ ᠰᠡᠳᠭᠢᠴᠡ ᠵᠡᠷᠭᠡ ᠪᠦᠬᠦ᠌ ᠲᠠᠯ᠎ᠠ᠎ᠪᠠᠷ ᠱᠢᠭᠢᠳᠬᠦ᠌᠎ᠶ᠋ᠢ ᠠᠬᠢᠭᠤᠯᠤᠨ᠎ᠠ᠃ ᠵᠢᠱ᠌ᠢᠶᠡᠯᠡᠪᠡᠯ᠂ ᠣᠷᠣᠨ ᠪᠦᠰᠡ᠎ᠶ᠋ᠢᠨ ᠬᠠᠮᠵᠢᠯᠴᠠᠭ᠎ᠠ᠂ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠤᠨ ᠠᠷᠠᠯᠵᠢᠶ᠎ᠠ᠂ ᠬᠥᠮᠦᠨ ᠠᠮᠠ᠎ᠶ᠋ᠢᠨ ᠱᠢᠯᠵᠢᠯᠲᠡ ᠵᠡᠷᠭᠡ ᠠᠷᠭ᠎ᠠ ᠮᠠᠶᠢᠭ᠎ᠢᠶᠠᠷ ᠳᠠᠮᠵᠢᠵᠤ᠂ ᠠᠵᠤ ᠠᠬᠤᠢ᠎ᠶ᠋ᠢᠨ ᠬᠠᠷᠢᠯᠴᠠᠨ ᠨᠦᠬᠦᠪᠦᠷᠢᠯᠡᠬᠦ᠌ ᠴᠢᠨᠠᠷ ᠬᠢᠭᠡᠳ ᠨᠡᠢᠭᠡᠮ᠎ᠤᠨ ᠬᠠᠷᠢᠯᠴᠠᠨ ᠬᠦᠳᠡᠯᠦᠯᠴᠡᠬᠦ᠌ ᠴᠢᠨᠠᠷ᠎ᠢ ᠴᠢᠩᠭᠠᠳᠭᠠᠨ᠎ᠠ; ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌᠎ᠪᠠᠷ ᠳᠠᠮᠵᠢᠭᠤᠯᠤᠨ᠂ ᠬᠠᠷᠢᠯᠴᠠᠨ ᠱᠢᠭᠢᠳᠭᠡᠭ᠌ᠰᠡᠨ ᠮᠠᠶᠢᠭ᠎ᠤᠨ ᠨᠡᠢᠭᠡᠮ ᠲᠣᠭᠤᠷᠢᠭ᠎ᠢ ᠪᠠᠢᠭᠤᠯᠵᠤ᠂ ᠭᠠᠵᠠᠷ ᠣᠷᠣᠨ ᠬᠢᠭᠡᠳ ᠰᠣᠶᠣᠯ᠎ᠤᠨ ᠵᠠᠪᠰᠠᠷᠳᠠᠯ᠎ᠢ ᠡᠪᠳᠡᠨ᠎ᠡ᠃ ᠨᠦᠬᠦᠭᠡ ᠲᠠᠯ᠎ᠠ᠎ᠪᠠᠷ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠶ᠋ᠢ ᠨᠡᠢᠭᠡᠮ᠎ᠤᠨ ᠵᠠᠰᠠᠯᠲᠠ ᠪᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠠᠭᠤᠰᠤᠯᠴᠠᠭᠤᠯᠬᠤ ᠬᠡᠷᠡᠭ᠌ᠲᠡᠢ᠃ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠪᠤᠴᠠ᠎ᠳᠤ᠂ ᠡᠯ᠎ᠡ ᠵᠦᠢᠯ᠎ᠤᠨ ᠥᠭᠡᠷᠡᠴᠢᠯᠡᠯᠲᠡ ᠬᠥᠭ᠌ᠵᠢᠯᠲᠡ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠤᠯᠪᠣᠭ᠍ᠳᠠᠯ᠎ᠢ ᠣᠯᠭᠤᠬᠤ᠎ᠶ᠋ᠢ ᠴᠢᠬᠤᠯᠠᠴᠢᠯᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌ ᠳᠤᠮᠳᠠ ᠬᠦᠷᠲᠡᠮᠵᠢ᠎ᠶ᠋ᠢᠨ ᠲᠥᠷᠥᠭ᠌ᠳᠡᠯ᠂ ᠵᠣᠯ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠤ ᠲᠥᠷᠥᠭ᠌ᠳᠡᠯ᠎ᠢ ᠨᠡᠮᠡᠭ᠌ᠳᠡᠭᠦᠯᠦᠨ᠎ᠡ᠃

  ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠲᠡᠦᠬᠡ᠎ᠶ᠋ᠢᠨ ᠭᠦᠨ ᠵᠤᠵᠠᠭᠠᠨ ᠰᠡᠩᠬᠡᠷᠡᠭᠦᠯᠦᠯ ᠮᠥᠨ᠂ ᠴᠠᠭ ᠦᠶ᠎ᠡ᠎ᠶ᠋ᠢᠨ ᠴᠢᠩᠭ᠎ᠠ ᠤᠷᠢᠶᠠᠯᠠᠭ᠎ᠠ ᠮᠥᠨ᠂ ᠨᠡᠩ ᠴᠤ᠌ ᠢᠷᠡᠭᠡᠳᠦᠢ ᠲᠡᠢᠰᠢ ᠤᠷᠤᠭ᠍ᠰᠢᠯᠠᠬᠤ ᠦᠨᠳᠦᠰᠦᠨ ᠴᠢᠭ᠌ᠯᠡᠯ ᠮᠥᠨ᠃ ᠱᠢᠨ᠎ᠡ ᠠᠶᠠᠨ ᠵᠠᠮ᠎ᠳᠤ᠂ ᠪᠢᠳᠡ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ 《ᠲᠠᠪᠤᠨ ᠬᠠᠮᠲᠦ᠎ᠶᠢᠨ ᠲᠠᠨᠢᠯᠲᠠ》 ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠤᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠨᠠᠷᠢᠨ ᠨᠢᠮᠪᠠᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠶ᠋ᠢ ᠡᠳᠦᠷ ᠳᠤᠳᠤᠮ᠎ᠤᠨ ᠠᠮᠢᠳᠤᠷᠠᠯ᠎ᠤᠨ ᠡᠯ᠎ᠡ ᠲᠠᠯ᠎ᠠ᠎ᠳᠤ ᠠᠶᠠᠨᠳᠠᠭᠠᠨ ᠠᠭᠤᠰᠤᠯᠴᠠᠭᠤᠯᠬᠤ ᠬᠡᠷᠡᠭ᠌ᠲᠡᠢ᠃ ᠭᠠᠭ᠍ᠴᠠ ᠬᠦ᠌ ᠡᠢᠮᠦ᠍ ᠪᠠᠢᠪᠠᠯ ᠰᠠᠶᠢ 《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠲᠤᠮᠱᠢᠭ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ》 ᠣᠢᠯᠠᠭᠠᠭ᠍ᠳᠠᠬᠤᠨ᠎ᠢ ᠬᠥᠮᠦᠰ᠎ᠤᠨ ᠰᠡᠳᠭᠢᠯ᠎ᠳᠤ ᠭᠦᠨ ᠬᠠᠳᠠᠩᠱᠢᠭᠤᠯᠵᠤ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ᠌ ᠰᠦᠷ ᠳᠠᠯᠠᠢᠴᠠᠲᠠᠢ ᠬᠦᠴᠦᠨ᠎ᠢ ᠦᠨᠡᠨ ᠬᠦ᠌ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠡᠷᠡᠯᠬᠡᠭ᠌ᠯᠡᠨ ᠤᠷᠤᠭ᠍ᠰᠢᠯᠠᠬᠤ ᠠᠶᠠᠨ᠎ᠤ ᠴᠤ᠋ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢ ᠡᠪᠳᠡᠷᠡᠰᠢ ᠦᠭᠡᠢ ᠪᠠᠲᠤ ᠪᠠᠬᠢ ᠪᠣᠯᠭᠠᠵᠤ ᠴᠢᠳᠠᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ