70 ᠵᠢᠯ ᠡᠷᠡᠮᠡᠬᠡᠢᠯᠡᠨ ᠤᠷᠤᠭ᠍ᠰᠢᠯᠠᠵᠤ᠂ ᠲᠡᠭᠷᠢ ᠠᠭᠤᠯᠠ᠎ᠶᠢᠨ ᠡᠮᠦᠨ᠎ᠡ ᠤᠮᠠᠷᠠᠳᠤ ᠱᠢᠨ᠎ᠡ ᠳᠦᠷᠰᠦ ᠪᠠᠢᠳᠠᠯ᠎ᠲᠠᠢ ᠪᠣᠯᠪᠠ᠃ ᠲᠡᠭᠷᠢ ᠠᠭᠤᠯᠠ᠎ᠶᠢᠨ ᠡᠮᠦᠨ᠎ᠡ ᠤᠮᠠᠷ᠎ᠠ ᠵᠢᠷᠤᠭ ᠮᠡᠲᠦ ᠠᠯᠲᠠᠨ ᠨᠠᠮᠤᠷ᠎ᠤᠨ ᠤᠯᠠᠷᠢᠯ᠎ᠳᠤ᠂ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠲᠥᠪ᠎ᠤᠨ ᠲᠥᠯᠥᠭᠡᠯᠡᠭ᠌ᠴᠢᠳ᠎ᠤᠨ ᠪᠦᠯᠬᠦᠮ᠎ᠢ ᠳᠠᠭᠠᠭᠤᠯᠤᠨ ᠦᠷᠦᠮᠴᠢ᠎ᠳᠦ ᠬᠦᠷᠴᠦ᠂ ᠪᠡᠯᠭᠡᠯᠡᠬᠦ᠌ ᠶᠡᠭᠡ ᠬᠤᠷᠠᠯ᠎ᠳᠤ ᠣᠷᠤᠯᠴᠠᠵᠦ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤ᠎ᠪᠠᠷ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠪᠡ᠃
ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠪᠣᠯᠤᠭ᠍ᠰᠠᠨ᠎ᠤ᠋ ᠬᠤᠪᠢ᠎ᠳᠤ᠂ ᠲᠥᠪ᠎ᠦᠨ ᠲᠦᠯᠦᠭᠡᠯᠡᠭᠴᠢᠳ᠎ᠦᠨ ᠪᠦᠯᠬᠦᠮ ᠰᠢᠨᠵᠢᠶᠠᠩ᠎ᠳᠤ ᠬᠦᠷᠴᠦ᠍ ᠰᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢ᠌ᠭᠤᠯᠤᠭᠳᠠᠭᠰᠠᠨ ᠪᠡᠯᠭᠡᠯᠡᠬᠦ᠌ ᠠᠵᠢᠯᠯᠠᠭ᠎ᠠ᠎ᠳᠤ ᠠᠩᠬ᠎ᠠ ᠤᠳᠠᠭ᠎ᠠ ᠣᠷᠣᠯᠴᠠᠵᠤ᠂ ᠨᠠᠮ᠎ᠤᠨ ᠲᠥᠪ ᠬᠣᠷᠢᠶ᠎ᠠ ᠰᠢᠨᠵᠢᠶᠠᠩ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠰᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠳᠣᠲᠣᠨᠣ ᠬᠠᠯᠠᠮᠵᠢᠯᠠᠵᠤ ᠪᠠᠢᠬᠤ᠎ᠪᠠᠨ ᠭᠦᠢᠴᠡᠳ ᠢᠯᠡᠷᠡᠭᠦᠯᠪᠡ᠃
70 ᠵᠢᠯ᠎ᠤᠨ ᠡᠮᠦᠨ᠎ᠡ᠂ ᠨᠠᠮ᠎ᠤᠨ ᠲᠥᠪ ᠬᠤᠷᠢᠶᠠᠨ᠎ᠤ ᠳᠣᠲᠣᠨᠣ ᠬᠠᠯᠠᠮᠵᠢᠯᠠᠯ ᠪᠠ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢᠨ ᠭᠡᠷᠡᠯ ᠰᠠᠴᠤᠷᠠᠩᠭᠤᠶ ᠲᠤᠶᠠᠭ᠎ᠠ ᠳᠣᠣᠷ᠎ᠠ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ᠎ᠢᠶᠠᠷ ᠵᠠᠷᠯᠠᠵᠤ᠂ ᠱᠢᠨᠵᠢᠶᠠᠩ᠎ᠢ ᠨᠠᠢᠷᠠᠮᠳᠠᠯ᠎ᠢᠶᠠᠷ ᠴᠢᠯᠥᠭᠡᠯᠡᠭ᠌ᠰᠡᠨ ᠰᠠᠭᠤᠷᠢᠨ ᠳᠡᠭᠡᠷ᠎ᠡ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠲᠡᠦᠬᠡᠨ ᠠᠬᠢᠴᠠ᠎ᠶ᠋ᠢ ᠤᠯᠠᠮ ᠨᠢᠭᠡ ᠠᠯᠬᠤᠮ ᠡᠬᠢᠯᠡᠭᠦᠯᠪᠡ᠃
70 ᠵᠢᠯ᠎ᠤᠨ ᠲᠤᠷᠰᠢ ᠢᠯᠠᠩᠭᠤᠶ᠎ᠠ ᠱᠢᠨ᠎ᠡ ᠴᠠᠭ ᠦᠶ᠎ᠡ᠎ᠠᠴᠠ ᠨᠠᠭᠠᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠡᠷᠬᠡ ᠮᠡᠳᠡᠵᠦ᠍ ᠡᠵᠡᠨ ᠰᠠᠭᠤᠵᠤ᠂ ᠨᠡᠢᠭᠡᠮ ᠵᠢᠷᠤᠮᠲᠤ ᠬᠤᠪᠢᠰᠭᠠᠯ᠂ ᠪᠦᠳᠦᠭᠡᠨ ᠪᠠᠢᠭᠤᠯᠤᠯᠲᠠ ᠪᠠ ᠥᠭᠡᠷᠡᠴᠢᠯᠡᠯᠲᠡ ᠨᠡᠬᠡᠬᠡᠯᠳᠡ᠎ᠶ᠋ᠢᠨ ᠠᠭᠤᠤ ᠶᠡᠭᠡ ᠢᠯᠠᠯᠲᠠ᠎ᠶ᠋ᠢ ᠲᠠᠰᠤᠷᠠᠯᠳᠠ ᠦᠭᠡᠢ ᠲᠡᠮᠡᠴᠡᠨ ᠤᠯᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠱᠢᠨᠵᠢᠶᠠᠩ᠎ᠤᠨ ᠠᠵᠢᠯ᠎ᠢ ᠨᠠᠮ ᠪᠣᠯᠤᠨ ᠤᠯᠤᠰ᠎ᠤᠨ ᠠᠵᠢᠯ᠎ᠤᠨ ᠪᠦᠬᠦ᠌ ᠲᠠᠯ᠎ᠠ᠎ᠶ᠋ᠢᠨ ᠴᠢᠬᠤᠯᠠ ᠪᠠᠢᠷᠢᠨ᠎ᠳᠤ ᠲᠠᠯᠪᠢᠵᠤ᠂ ᠱᠢᠨᠵᠢᠶᠠᠩ᠎ᠢ ᠵᠠᠰᠠᠬᠤ ᠵᠢᠮ᠎ᠡ ᠶᠣᠰᠣᠨ᠎ᠤ ᠲᠤᠬᠠᠢ ᠲᠠᠨᠢᠯᠲᠠ ᠪᠠ ᠡᠵᠡᠮᠳᠡᠯ᠎ᠢᠶᠠᠨ ᠲᠠᠰᠤᠷᠠᠯᠳᠠ ᠦᠭᠡᠢ ᠭᠦᠨᠵᠡᠭᠡᠢᠷᠡᠭᠦᠯᠪᠡ᠃ 2014 ᠤᠨ᠂ 2020 ᠣᠨ᠎ᠳᠤ ᠤᠷᠢᠳ ᠬᠤᠵᠢᠳ ᠬᠤᠶᠠᠳᠤᠭᠠᠷ ᠤᠳᠠᠭ᠎ᠠ᠂ ᠭᠤᠷᠪᠠᠳᠤᠭᠠᠷ ᠤᠳᠠᠭ᠎ᠠ᠎ᠶ᠋ᠢᠨ ᠲᠥᠪ᠎ᠤᠨ ᠱᠢᠨᠵᠢᠶᠠᠩ᠎ᠤᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ 2014 ᠣᠨ᠂ 2022 ᠣᠨ᠂ 2023 ᠣᠨ᠎ᠳᠤ ᠶᠡᠷᠦᠩᠬᠡᠢ ᠱᠦᠵᠢ ᠰᠢ᠎ᠶ᠋ᠢᠨ ᠫᠢᠩ ᠭᠤᠷᠪᠠ ᠤᠳᠠᠭ᠎ᠠ ᠪᠡᠶ᠎ᠡ᠎ᠪᠠᠷ᠎ᠢᠶᠠᠨ ᠱᠢᠨᠵᠢᠶᠠᠩ᠎ᠳᠤ ᠱᠢᠨᠵᠢᠯᠡᠨ ᠪᠠᠢᠴᠠᠭᠠᠵᠤ᠂ ᠨᠡᠢᠭᠡᠮ᠎ᠤᠨ ᠲᠣᠭ᠍ᠲᠠᠭᠤᠨ ᠪᠠ ᠥᠨᠢ ᠤᠳᠠᠭᠠᠨ ᠠᠮᠤᠷ ᠲᠦᠪᠱᠢᠨ ᠪᠠᠢᠬᠤ ᠶᠡᠷᠦᠩᠬᠡᠢ ᠬᠠᠷᠠᠯᠲᠠ᠎ᠶ᠋ᠢ ᠲᠣᠳᠣᠷᠬᠠᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢ ᠲᠣᠭ᠍ᠲᠠᠭᠠᠵᠤ᠂ ᠱᠢᠨᠵᠢᠶᠠᠩ᠎ᠤᠨ ᠡᠯ᠎ᠡ ᠵᠦᠢᠯ᠎ᠤᠨ ᠦᠢᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠵᠤ᠂ ᠱᠢᠨᠵᠢᠶᠠᠩ ᠪᠦᠬᠦ᠌ ᠤᠯᠤᠰ᠎ᠲᠠᠢ ᠬᠠᠮᠲᠤ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠠᠬᠢᠭᠤᠯᠵᠤ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠢ ᠲᠠᠰᠤᠷᠠᠯᠳᠠ ᠦᠭᠡᠢ ᠪᠠᠬᠢᠵᠢᠭᠦᠯᠦᠨ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠣᠮᠤᠭ ᠲᠡᠭᠦᠯᠳᠡᠷ ᠠᠯᠬᠤᠭ᠎ᠠ᠎ᠪᠠᠷ ᠵᠠᠮᠨᠠᠨ᠎ᠠ᠃
ᠨᠠᠷᠢᠨ ᠪᠣᠳᠠᠲᠠᠢ ᠳ᠋ᠡᠢ᠌ᠲ᠋ᠠ᠎ᠠᠴᠠ ᠦᠵᠡᠪᠡᠯ᠂ ᠱᠢᠨᠵᠢᠶᠠᠩ᠎ᠤᠨ ᠣᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠤᠨ ᠲᠤᠷᠰᠢ᠂ ᠲᠩᠷᠢ ᠠᠭᠤᠯᠠ᠎ᠶ᠋ᠢᠨ ᠡᠮᠦᠨ᠎ᠡ ᠤᠮᠠᠷᠠᠳᠤ ᠡᠭᠦᠰᠦᠭ᠌ᠰᠡᠨ ᠲᠩᠷᠢ ᠭᠠᠵᠠᠷ᠎ᠢ ᠳᠣᠩᠰᠣᠯᠭᠠᠭ᠍ᠰᠠᠨ ᠲᠡᠦᠬᠡ᠎ᠶ᠋ᠢᠨ ᠯᠤᠲᠤ ᠶᠡᠭᠡ ᠬᠤᠪᠢᠷᠠᠯᠲᠠ᠄ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ 1955 ᠣᠨ᠎ᠳᠤ 12.3 ᠳ᠋ᠦᠩᠱᠢᠭᠤᠷ ᠲᠥᠭᠦᠷᠢᠭ ᠪᠠᠢᠭ᠍ᠰᠠᠨ᠎ᠠᠴᠠ᠎ᠪᠠᠨ 2024 ᠣᠨ᠎ᠳᠤ 20534.08 ᠳ᠋ᠦᠩᠱᠢᠭᠤᠷ ᠲᠥᠭᠦᠷᠢᠭ ᠪᠣᠯᠵᠤ᠂ 203 ᠳᠠᠬᠢᠨ ᠨᠡᠮᠡᠭ᠌ᠳᠡᠪᠡ; ᠬᠤᠲᠠ ᠪᠠᠯᠭᠠᠰᠤᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 42820 ᠲᠥᠭᠦᠷᠢᠭ᠂ ᠬᠥᠳᠡᠭᠡ ᠲᠣᠰᠭᠤᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 19427 ᠲᠥᠭᠦᠷᠢᠭ; ᠵᠠᠰᠠᠮᠠᠯ ᠵᠠᠮ᠎ᠤᠨ ᠲᠡᠷᠭᠡ ᠨᠡᠪᠲᠡᠷᠡᠭ᠌ᠰᠡᠨ ᠵᠠᠢ 1955 ᠣᠨ᠎ᠳᠤ 8820 ᠺᠢᠯᠣᠮᠧᠲᠷ ᠪᠠᠢᠭ᠍ᠰᠠᠨ᠎ᠠᠴᠠ᠎ᠪᠠᠨ ᠨᠡᠮᠡᠭᠳᠡᠭᠡᠳ 2024 ᠣᠨ᠎ᠳᠤ 23.19 ᠲᠦᠮᠡᠨ ᠺᠢᠯᠣᠮᠧᠲᠷ ᠪᠣᠯᠵᠤ᠂ ᠲᠡᠮᠦᠷ ᠵᠠᠮ ᠦᠭᠡᠢ ᠪᠠᠢᠭ᠍ᠰᠠᠨ᠎ᠠᠴᠠ᠎ᠪᠠᠨ ᠪᠠᠢᠬᠤ ᠪᠤᠯᠤᠭᠰᠠᠨ᠂ 2025 ᠣᠨ᠎ᠳᠤ ᠪᠥᠬᠦ᠌ ᠣᠷᠳᠣᠨ᠎ᠢ 9234 ᠺᠢᠯᠣᠮᠧᠲᠷ᠎ᠲᠤ ᠬᠦᠷᠪᠡ; ᠬᠥᠮᠦᠨ ᠠᠮᠠ 1953 ᠣᠨ᠎ᠳᠤ 478.36 ᠲᠦᠮᠡ ᠪᠠᠢᠭ᠍ᠰᠠᠨ᠎ᠠᠴᠠ᠎ᠪᠠᠨ ᠨᠡᠮᠡᠭᠳᠡᠭᠡᠳ 2020 ᠣᠨ ᠪᠣᠯᠬᠤ᠎ᠳᠤ 2585.23 ᠲᠦᠮᠡᠨ ᠬᠦᠮᠦᠨ ᠪᠣᠯᠵᠤ᠂ ᠡᠭᠦᠨ᠎ᠳᠤ ᠴᠥᠭᠡᠨ ᠲᠣᠭᠠᠲᠤ ᠦᠨᠳᠦᠰᠦᠲᠡᠨ᠎ᠤ ᠬᠥᠮᠦᠨ ᠠᠮᠠ 1953 ᠣᠨ᠎ᠳᠤ 445.15 ᠲᠦᠮᠡᠨ ᠬᠥᠮᠦᠨ ᠪᠠᠢᠭ᠍ᠰᠠᠨ᠎ᠠᠴᠠ᠎ᠪᠠᠨ ᠨᠡᠮᠡᠭᠳᠡᠭᠡᠳ 2020 ᠣᠨ᠎ᠳᠤ 1493.22 ᠲᠦᠮᠡᠨ ᠬᠥᠮᠦᠨ ᠪᠣᠯᠪᠠ; ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ 1949 ᠣᠨ᠎ᠳᠤ 54 ᠪᠠᠢᠭ᠍ᠰᠠᠨ᠎ᠠᠴᠠ᠎ᠪᠠᠨ ᠨᠡᠮᠡᠭᠳᠡᠭᠡᠳ 2024 ᠣᠨ ᠳᠦ 19097 ᠪᠣᠯᠵᠤ᠂ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠠᠮᠢ ᠨᠠᠰᠤ᠎ᠨᠢ 30 ᠨᠠᠰᠤ᠎ᠠᠴᠠ ᠳᠡᠭᠡᠭᠰᠢᠯᠡᠭᠡᠳ 2024 ᠣᠨ᠎ᠤ ᠰᠡᠭᠦᠯᠴᠢ ᠪᠣᠯᠬᠤ᠎ᠳᠤ 77 ᠨᠠᠰᠤ ᠪᠣᠯᠵᠠᠢ; ᠲᠠᠺᠠᠯᠢᠮᠠᠺᠠᠨ ᠡᠯᠡᠰᠦᠨ ᠴᠦᠯ᠎ᠳᠤ 3046 ᠺᠢᠯᠣᠮᠧᠲᠷ 《ᠪᠣᠬᠢᠷᠲᠤᠯ ᠦᠭᠡᠢ ᠣᠷᠢᠶᠠᠯᠲᠠ》 ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠱᠢᠨ᠎ᠡ ᠭᠠᠢᠬᠠᠮᠱᠢᠭ᠎ᠢ ᠡᠭᠦᠳᠪᠡ ᠁ ᠪᠣᠳᠠᠲᠤ ᠬᠡᠷᠡᠭ ᠮᠠᠷᠭᠤᠰᠢ ᠦᠭᠡᠢ ᠬᠠᠷᠠᠭᠤᠯᠤᠭᠰᠠᠨ᠎ᠢᠶᠠᠷ᠂ ᠥᠨᠥᠳᠥᠷ᠎ᠦᠨ ᠰᠢᠨᠵᠢᠶᠠᠩ ᠪᠣᠯ ᠲᠡᠦᠬᠡᠨ ᠳᠡᠭᠡᠷᠡᠬᠢ ᠬᠠᠮᠤᠭ᠎ᠤᠨ ᠰᠠᠢᠨ ᠬᠥᠭᠵᠢᠯᠲᠡ ᠶ᠋ᠢᠨ ᠴᠠᠭ ᠦᠶ᠎ᠡ᠎ᠳᠦ ᠣᠷᠣᠰᠢᠵᠤ ᠪᠠᠢᠨ᠎ᠠ !
ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ 70 ᠵᠢᠯ᠎ᠤᠨ ᠲᠤᠷᠰᠢ ᠣᠯᠤᠭ᠍ᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ᠎ᠨᠢ᠂ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠲᠦᠱᠢᠭ᠌ᠯᠡᠵᠦ᠍ ᠪᠠᠢᠭ᠎ᠠ ᠶᠤᠮ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠡᠷᠡᠯᠬᠡᠭ᠌ᠯᠡᠨ ᠲᠡᠮᠡᠴᠡᠬᠦ᠌᠎ᠳᠤ ᠲᠦᠱᠢᠭ᠌ᠯᠡᠵᠦ᠍ ᠪᠠᠢᠭ᠎ᠠ ᠶᠤᠮ᠂ ᠡᠨᠡ᠎ᠨᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠴᠦᠲᠡᠶ ᠳᠡᠮᠵᠢᠯᠭᠡ᠎ᠳᠤ ᠲᠦᠱᠢᠭ᠌ᠯᠡᠵᠦ᠍᠂ ᠨᠠᠮ᠎ᠤᠨ ᠤᠳᠤᠷᠢᠳᠤᠯᠭ᠎ᠠ ᠪᠣᠯᠤᠨ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠤᠨ ᠬᠦᠴᠦᠷᠬᠡᠭ ᠶᠡᠭᠡ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ ᠪᠦᠷᠢᠨ ᠵᠥᠪ ᠭᠡᠳᠡᠭ᠎ᠢ ᠭᠦᠢᠴᠡᠳ ᠭᠡᠷᠡᠴᠢᠯᠡᠪᠡ᠃
ᠶᠡᠷᠦᠩᠬᠡᠶ ᠱᠦᠵᠢ ᠰᠢ᠎ᠶᠢᠨ ᠫᠢᠩ᠄《ᠦᠨᠳᠦᠰᠦᠲᠡᠨ᠎ᠨᠦᠭᠦᠳ᠎ᠤᠨ ᠠᠷᠠᠳ ᠲᠦᠮᠡᠨ ᠴᠥᠮ ᠬᠠᠮᠲᠤ᠎ᠶᠢᠨ ᠭᠡᠷ ᠣᠷᠣᠨ᠎ᠲᠠᠢ᠂ ᠳᠠᠷᠤᠶ ᠳᠤᠮᠳᠠᠳᠤ ᠤᠯᠤᠰ ᠪᠣᠯᠤᠨ᠎ᠠ; ᠴᠥᠮ ᠬᠠᠮᠲᠤ᠎ᠶᠢᠨ ᠪᠡᠶ᠎ᠡ ᠭᠠᠷᠤᠯ᠎ᠲᠠᠢ᠂ ᠳᠤᠮᠳᠠᠳᠤ᠎ᠶᠢᠨ ᠦᠨᠳᠦᠰᠦᠲᠡᠨ ᠮᠥᠨ; ᠴᠥᠮ ᠬᠠᠮᠲᠤ᠎ᠶᠢᠨ ᠨᠡᠷ᠎ᠡ᠎ᠲᠠᠢ᠂ ᠳᠠᠷᠤᠶ ᠳᠤᠮᠳᠠᠳᠤ ᠤᠯᠤᠰ᠎ᠤᠨ ᠬᠥᠮᠦᠨ ᠪᠣᠯᠤᠨ᠎ᠠ; ᠴᠥᠮ ᠬᠠᠮᠲᠤ᠎ᠶᠢᠨ ᠬᠦᠰᠡᠯ ᠵᠡᠭᠦᠳᠦ᠍᠎ᠲᠠᠢ᠂ ᠳᠠᠷᠤᠶ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠶᠠᠪᠤᠳᠠᠯ ᠮᠥᠨ》ᠭᠡᠪᠡ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠰᠢᠨᠵᠢᠶᠠᠩ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ ᠴᠤ᠌ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠣᠭᠰᠤᠪᠠ᠃ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ ᠢ ᠢᠮᠠᠭ᠍ᠲᠠ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂《ᠬᠣᠶᠠᠷ᠎ᠢ ᠲᠣᠭ᠍ᠲᠠᠭᠠᠬ᠍ᠰᠠᠨ》᠎ᠤ᠋ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠭᠠᠵᠤ᠂《ᠳᠥᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨᠵᠢᠶᠠᠩ᠎ᠤᠨ ᠤᠯᠤᠰ᠎ᠤᠨ ᠪᠦᠬᠦ᠌ ᠲᠠᠯ᠎ᠠ᠎ᠳᠠᠬᠢ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠱᠢᠨᠵᠢᠶᠠᠩ᠎ᠤᠨ ᠠᠵᠢᠯ᠎ᠤᠨ ᠶᠡᠷᠦᠩᠬᠡᠶ ᠬᠠᠷᠠᠯᠲᠠ᠎ᠶ᠋ᠢ ᠴᠢᠩᠭ᠎ᠠ ᠠᠳᠭᠤᠵᠤ᠂ ᠬᠠᠤᠯᠢ ᠶᠣᠰᠣᠭᠠᠷ ᠱᠢᠨᠵᠢᠶᠠᠩ᠎ᠢ ᠵᠠᠰᠠᠬᠤ᠂ ᠪᠦᠯᠬᠦᠮᠳᠡᠨ ᠱᠢᠨᠵᠢᠶᠠᠩ᠎ᠢ ᠲᠣᠭ᠍ᠲᠠᠪᠤᠷᠢᠵᠢᠭᠤᠯᠬᠤ᠂ ᠰᠣᠶᠣᠯ᠎ᠢᠶᠠᠷ ᠱᠢᠨᠵᠢᠶᠠᠩ᠎ᠢ ᠬᠥᠭ᠌ᠵᠢᠭᠦᠯᠬᠦ᠂ ᠠᠷᠠᠳ᠎ᠢ ᠪᠠᠶᠠᠵᠢᠭᠤᠯᠤᠨ ᠱᠢᠨᠵᠢᠶᠠᠩ᠎ᠢ ᠬᠥᠭ᠌ᠵᠢᠭᠦᠯᠬᠦ᠂ ᠤᠷᠳᠤ ᠬᠤᠭᠤᠴᠠᠭ᠎ᠠ᠎ᠪᠠᠷ ᠱᠢᠨᠵᠢᠶᠠᠩ᠎ᠢ ᠪᠠᠢᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠦᠨᠡᠨ ᠬᠦ᠌ ᠠᠬᠢᠭᠤᠯᠵᠤ᠂ ᠪᠦᠯᠬᠦᠮᠳᠡᠯ᠎ᠲᠠᠢ ᠡᠶ᠎ᠡ ᠵᠣᠬᠢᠴᠠᠩᠭᠤᠢ᠂ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ᠂ ᠪᠣᠯᠪᠠᠰᠤᠨ ᠲᠠᠪᠱᠢᠩᠭᠤᠢ᠂ ᠠᠮᠢ ᠠᠬᠤᠢ ᠰᠠᠢᠨ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠱᠢᠨᠵᠢᠶᠠᠩ᠎ᠢ ᠴᠢᠷᠮᠠᠢᠨ ᠪᠠᠢᠭᠤᠯᠬᠤ ᠬᠡᠷᠡᠭ᠌ᠲᠡᠢ ᠭᠡᠵᠦ ᠵᠢᠭ᠋ᠠᠵᠤ ᠭᠠᠷᠭ᠋ᠠᠵᠠᠢ᠃
ᠪᠢᠳᠡ ᠰᠢ ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠤᠷᠤᠭ᠍ᠰᠢᠯᠠᠵᠤ᠂ ᠵᠣᠷᠢᠭ᠍ᠲᠠᠢ᠎ᠪᠠᠷ ᠤᠷᠤᠭ᠍ᠰᠢᠯᠠᠨ ᠲᠠᠪᠱᠢᠵᠤ᠂ ᠪᠣᠳᠠᠲᠠᠢ ᠠᠵᠢᠯᠯᠠᠨ ᠲᠡᠮᠡᠴᠡᠵᠦ᠍᠂ ᠡᠬᠡ ᠤᠯᠤᠰ᠎ᠤᠨ ᠱᠢᠨᠵᠢᠶᠠᠩ᠎ᠢ ᠤᠯᠠᠮ᠎ᠠᠴᠠ ᠤᠯᠠᠮ ᠰᠠᠢᠨ ᠰᠠᠢᠬᠠᠨ ᠪᠣᠯᠭᠠᠨ ᠪᠦᠲᠦᠭᠡᠨ ᠪᠠᠢᠭᠤᠯᠤᠶ᠎ᠠ!