ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠡᠭᠦᠷᠭᠡ ᠮᠥᠨ᠃ 2023 ᠣᠨ᠎ᠤ 6 ᠳ᠋ᠤᠭ᠋ᠠᠷ ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠬᠤ᠎ᠳᠠᠭᠠᠨ ᠠᠩᠬ᠎ᠠ ᠤᠳᠠᠭ᠎ᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠱᠤᠭᠤᠮ ᠮᠥᠨ᠂ ᠪᠠᠰᠠ ᠴᠤ᠌ ᠦᠨᠳᠦᠰᠦᠲᠡᠨ᠎ᠤ ᠣᠷᠣᠨ᠎ᠤ ᠡᠯ᠎ᠡ ᠵᠦᠢᠯ᠎ᠤᠨ ᠠᠵᠢᠯ᠎ᠤᠨ ᠭᠤᠣᠯ ᠱᠤᠭᠤᠮ ᠮᠥᠨ ᠭᠡᠵᠦ᠍ ᠳᠤᠷᠠᠳᠴᠠᠢ᠃ ᠱᠢᠨ᠎ᠡ ᠠᠶᠠᠨ ᠵᠠᠮ᠎ᠳᠤ᠂ ᠭᠠᠭ᠍ᠴᠠ ᠬᠦ᠌ ᠲᠠᠨᠢᠯᠲᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠳᠠᠪᠠᠭᠤᠯᠢᠭ ᠳᠤᠲᠠᠭᠤᠳᠠᠯ᠎ᠢᠶᠠᠨ ᠪᠤᠰᠤᠳᠴᠢ᠎ᠪᠠᠷ ᠵᠠᠳᠠᠯᠵᠤ᠂ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠢᠳᠡᠪᠬᠢᠲᠡᠢ ᠠᠭᠤᠰᠤᠯᠴᠠᠪᠠᠯ ᠰᠠᠶᠢ ᠡᠬᠡ ᠤᠯᠤᠰ᠎ᠤᠨ ᠤᠮᠠᠷᠠᠲᠤ᠎ᠶᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠨᠡᠩ ᠰᠠᠢᠲᠤᠷ ᠪᠢᠴᠢᠭ᠌ᠯᠡᠵᠦ᠍ ᠴᠢᠳᠠᠨ᠎ᠠ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠦᠨ᠎ᠡ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠣᠳᠣᠬᠢᠴᠢᠯᠠᠯᠲᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠶ᠋ᠢ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ ᠪᠣᠯᠭᠠᠵᠤ᠂ ᠴᠢᠬᠤᠯᠠ ᠶᠡᠭᠡ ᠠᠴᠢ ᠬᠤᠯᠪᠣᠭ᠍ᠳᠠᠯ᠎ᠢ ᠭᠦᠨᠵᠡᠭᠡᠢ ᠡᠵᠡᠮᠳᠡᠵᠦ᠍᠂ ᠡᠯ᠎ᠡ ᠵᠦᠢᠯ᠎ᠤᠨ ᠦᠢᠯᠡᠰ᠎ᠤᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠨᠢ ᠨᠠᠮ ᠪᠣᠯᠤᠨ ᠠᠷᠠᠳ ᠲᠦᠮᠡᠨ᠎ᠤ ᠦᠢᠯᠡᠰ᠎ᠤᠨ ᠲᠠᠯ᠎ᠠ ᠪᠦᠬᠦᠨ᠎ᠳᠤ ᠬᠤᠯᠪᠣᠭ᠍ᠳᠠᠨ᠎ᠠ᠃ ᠨᠠᠮ᠎ᠤᠨ ᠬᠤᠷᠢᠳᠤᠭᠠᠷ ᠶᠡᠭᠡ ᠬᠤᠷᠠᠯ᠎ᠠᠴᠠ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢ ᠳᠤᠷᠠᠳᠴᠤ᠌᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠢ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ ᠬᠢᠵᠦ᠍᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠃ ᠱᠢᠨ᠎ᠡ ᠪᠠᠢᠳᠠᠯ ᠱᠢᠨ᠎ᠡ ᠡᠭᠦᠷᠭᠡ᠎ᠶ᠋ᠢᠨ ᠡᠮᠦᠨ᠎ᠡ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠠᠵᠢᠯ ᠶᠠᠭ ᠲᠠᠩ ᠵᠦᠢᠯ᠎ᠤᠨ ᠱᠢᠪᠲᠤᠯᠤᠯᠲᠠ᠎ᠠᠴᠠ ᠱᠢᠰᠲ᠋ᠧᠮ᠎ᠲᠠᠢ ᠠᠬᠢᠭᠤᠯᠵᠤ ᠪᠠᠢᠨ᠎ᠠ᠂ ᠠᠭᠠᠵᠢᠮ᠎ᠢᠶᠠᠷ ᠤᠯᠠᠨ ᠲᠠᠯ᠎ᠠ᠂ ᠤᠯᠠᠨ ᠬᠦᠷᠢᠶ᠎ᠡ ᠴᠠᠷᠠᠭ᠎ᠠ᠎ᠳᠤ ᠬᠦᠷᠲᠡᠯ᠎ᠡ ᠭᠦᠨᠵᠡᠭᠡᠢᠷᠡᠵᠦ᠍ ᠪᠠᠢᠨ᠎ᠠ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠦᠴᠦᠷᠬᠡᠭ ᠶᠡᠭᠡ ᠬᠦᠴᠦᠨ᠎ᠢ ᠨᠢᠭ᠍ᠲᠠᠷᠠᠭᠤᠯᠬᠤ ᠦᠨᠳᠦᠰᠦᠨ ᠪᠠᠲᠤᠯᠠᠭ᠎ᠠ ᠮᠥᠨ᠃ ᠰᠢ᠎ᠶ᠋ᠢᠨ ᠫᠢᠩ᠎ᠤᠨ ᠰᠣᠶᠣᠯ ᠦᠵᠡᠯ ᠰᠠᠨᠠᠭᠠᠨ᠎ᠤ ᠠᠭᠤᠯᠤᠭ᠍ᠳᠠᠬᠤᠨ ᠮᠠᠰᠢ ᠪᠠᠶᠠᠯᠢᠭ ᠪᠠᠢᠵᠤ᠂ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠦᠳᠦᠭᠡᠨ ᠪᠠᠢᠭᠤᠯᠬᠤ》 ᠪᠣᠯ ᠲᠡᠭᠦᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ 《ᠲᠦᠷᠪᠡ᠎ᠶ᠋ᠢ ᠬᠠᠮᠲᠤᠳᠭᠠᠬᠤ》 ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠠᠬᠢ ᠪᠤᠢ ᠪᠣᠯᠭᠠᠬᠤ ᠶᠠᠪᠤᠳᠠᠯ ᠪᠣᠯᠤᠨ᠎ᠠ᠃ ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠣᠷᠴᠢᠨ ᠲᠣᠭᠤᠷᠢᠨ᠎ᠤ ᠡᠮᠦᠨ᠎ᠡ᠂ ᠭᠠᠭ᠍ᠴᠠ ᠬᠦ᠌ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠪᠠᠨ ᠨᠢᠭ᠍ᠲᠠᠷᠠᠭᠤᠯᠵᠤ ᠰᠦᠭ ᠰᠦᠨᠡᠰᠦ᠎ᠶ᠋ᠢ ᠱᠤᠭᠤᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ ᠰᠠᠶᠢ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠤᠭ᠎ᠠ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢ ᠡᠪᠳᠡᠷᠡᠰᠢ ᠦᠭᠡᠢ ᠪᠠᠢᠭᠤᠯᠵᠤ ᠴᠢᠳᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠤ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠳᠤ ᠡᠷᠬᠡᠪᠰᠢ ᠨᠡᠩ ᠬᠦᠴᠦᠯᠡᠨ ᠴᠢᠷᠮᠠᠢᠵᠤ᠂ ᠦᠵᠡᠯ ᠰᠠᠨᠠᠭ᠎ᠠ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠨᠢᠭ᠍ᠲᠠᠷᠠᠨ ᠪᠦᠯᠬᠦᠮᠳᠡᠵᠦ᠍᠂ ᠱᠢᠨ᠎ᠡ ᠠᠶᠠᠨ ᠵᠠᠮ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠶᠠᠪᠤᠴᠠ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠦ᠍ ᠭᠠᠷᠭᠠᠪᠠ᠃
ᠲᠤᠰ ᠪᠡᠶ᠎ᠡ᠎ᠶ᠋ᠢᠨ ᠳᠠᠪᠠᠭᠤᠯᠢᠭ ᠪᠠ ᠬᠦᠷᠦᠯᠴᠡᠬᠦ᠌ ᠦᠭᠡᠢ ᠲᠠᠯ᠎ᠠ᠎ᠪᠠᠨ ᠭᠦᠨᠵᠡᠭᠡᠢ ᠡᠵᠡᠮᠰᠢᠨ᠎ᠡ
ᠦᠪᠦᠷ ᠮᠤᠩᠭᠤᠯ ᠪᠤᠯ ᠨᠠᠮ᠎ᠤᠨ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠡᠢᠭᠤᠯᠤᠯᠢ ᠬᠠᠮᠤᠭ᠎ᠤᠨ ᠡᠷᠳᠡ ᠭᠡᠷᠡᠭ᠌ᠵᠢᠬᠦᠯᠵᠦ᠍ ᠪᠠᠢᠭ᠎ᠠ ᠭᠠᠵᠠᠷ ᠤᠷᠤᠨ ᠮᠦᠨ᠂ ᠦᠪᠦᠷ ᠮᠤᠩᠭᠤᠯ᠎ᠤᠨ ᠡᠯ᠎ᠠ ᠵᠦᠢᠯ᠎ᠤᠨ ᠠᠵᠢᠯ᠎ᠢ ᠰᠠᠢᠳᠤᠷ ᠬᠢᠵᠦ᠍᠂ ᠪᠦᠬᠦ᠌ ᠤᠯᠤᠰ᠂ ᠳᠡᠯᠡᠬᠡᠢ ᠨᠡᠢᠳᠡ᠎ᠳᠤ ᠴᠦᠮ ᠢᠳᠡᠪᠬᠢ ᠠᠴᠢ ᠬᠤᠯᠪᠤᠬ᠍ᠳᠠᠯ᠎ᠲᠠᠢ ᠶᠤᠮ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠰᠠᠢᠲᠤᠷ ᠡᠵᠡᠮᠳᠡᠨ ᠰᠠᠢᠲᠤᠷ ᠬᠡᠷᠡᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠢ ᠪᠠᠲᠤ ᠡᠵᠡᠮᠳᠡᠵᠦ᠍᠂ ᠲᠤᠰ ᠪᠡᠶ᠎ᠡ᠎ᠶ᠋ᠢᠨ ᠳᠠᠪᠠᠭᠤᠯᠢᠭ ᠳᠤᠲᠠᠭᠤᠳᠠᠯ᠎ᠢᠶᠠᠨ ᠣᠨᠣᠪᠴᠢᠲᠠᠢ ᠣᠯᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ ᠡᠨᠡ ᠬᠦ᠌ ᠶᠡᠭᠡ ᠶᠠᠪᠤᠳᠠᠯ᠎ᠢ ᠦᠨᠡᠨ ᠬᠦ᠌ ᠰᠠᠢᠲᠤᠷ ᠬᠢᠬᠦ᠌ ᠬᠡᠷᠡᠭ᠌ᠲᠡᠢ᠃
ᠥᠪᠥᠷ ᠮᠣᠩᠭᠤᠯ ᠣᠷᠣᠨ ᠪᠠᠢᠷᠢ᠎ᠶ᠋ᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠲᠠᠢ ᠪᠠᠢᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠠᠮ᠎ᠤᠨ ᠬᠤᠪᠢᠰᠭᠠᠯᠲᠤ ᠤᠳᠤᠮᠱᠢᠯ ᠪᠠ ᠶᠡᠭᠡ ᠲᠠᠯ᠎ᠠ᠎ᠶ᠋ᠢ ᠬᠠᠷᠠᠭᠠᠯᠵᠠᠬᠤ᠂ ᠬᠤᠪᠢ ᠨᠡᠮᠡᠷᠢ ᠦᠵᠡᠭᠦᠯᠬᠦ᠌᠎ᠶ᠋ᠢ ᠡᠷᠬᠢᠮᠯᠡᠬᠦ᠌ ᠱᠢᠯᠢᠳᠡᠭ ᠤᠯᠠᠮᠵᠢᠯᠠᠯ᠎ᠲᠠᠢ ᠶᠤᠮ᠃ ᠶᠡᠷᠦᠩᠬᠡᠶ ᠱᠦᠵᠢ ᠰᠢ᠎ᠶ᠋ᠢᠨ ᠫᠢᠩ ᠥᠪᠥᠷ ᠮᠣᠩᠭᠤᠯ᠎ᠢ ᠣᠨᠴᠠᠭᠠᠢ ᠬᠠᠯᠠᠮᠵᠢᠯᠠᠵᠤ᠂ ᠨᠠᠮ᠎ᠤᠨ ᠲᠥᠪ ᠬᠤᠷᠢᠶᠠᠨ᠎ᠳᠤ ᠬᠦᠷᠴᠦ᠍ ᠠᠵᠢᠯᠯᠠᠭ᠍ᠰᠠᠨ᠎ᠤ ᠳᠠᠷᠠᠭ᠎ᠠ᠂ 4 ᠤᠳᠠᠭ᠎ᠠ ᠥᠪᠥᠷ ᠮᠣᠩᠭᠤᠯ᠎ᠳᠤ ᠱᠢᠨᠵᠢᠯᠡᠨ ᠪᠠᠢᠴᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ 6 ᠤᠳᠠᠭ᠎ᠠ ᠣᠷᠣᠯᠴᠠᠵᠤ᠂ 10 ᠤᠳᠠᠭ᠎ᠠ ᠥᠪᠥᠷ ᠮᠣᠩᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠤᠯ᠎ᠤᠨ ᠬᠤᠯᠪᠣᠭ᠍ᠳᠠᠯ ᠪᠦᠬᠦᠢ ᠠᠵᠢᠯ᠎ᠤᠨ ᠲᠤᠬᠠᠶ ᠣᠯᠠᠨ ᠤᠳᠠᠭ᠎ᠠ ᠴᠢᠬᠤᠯᠠ ᠵᠢᠭᠠᠪᠤᠷᠢ ᠥᠭ᠌ᠪᠡ᠃ ᠨᠠᠮ᠎ᠤᠨ ᠲᠥᠪ ᠬᠤᠷᠢᠶᠠᠨ᠎ᠤ ᠬᠠᠯᠠᠮᠵᠢᠯᠠᠯ ᠳᠣᠤᠷ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》 ᠢ ᠨᠡᠢᠲᠡᠯᠡᠵᠦ᠍᠂ ᠳᠠᠬᠢᠨᠲᠠ ᠨᠠᠮ᠎ᠤᠨ ᠲᠥᠪ ᠬᠤᠷᠢᠶᠠᠨ᠎ᠤ ᠬᠠᠢᠷ᠎ᠠ ᠬᠠᠯᠠᠮᠵᠢ᠎ᠶ᠋ᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠬᠦᠷᠭᠡᠪᠡ᠃ ᠥᠪᠥᠷ ᠮᠣᠩᠭᠤᠯ᠎ᠤᠨ ᠳᠣᠲᠣᠷ᠎ᠠ ᠨᠠᠢ᠍ᠮᠠᠨ ᠮᠤᠵᠢ ᠣᠷᠣᠨ᠂ ᠭᠠᠳᠠᠭ᠍ᠰᠢ ᠣᠷᠣᠰ ᠪᠠ ᠮᠣᠩᠭᠤᠯ ᠤᠯᠤᠰ᠎ᠲᠠᠢ ᠵᠠᠯᠭᠠᠯᠳᠤᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠨᠢ ᠣᠯᠠᠨ᠎ᠠᠴᠠ ᠣᠨᠴᠠᠭᠠᠢ ᠪᠠᠢᠵᠤ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ᠂ ᠤᠯᠤᠰ᠎ᠤᠨ ᠪᠠᠷᠠᠭᠤᠨ ᠣᠷᠣᠨ᠎ᠤ ᠡᠬᠡ ᠬᠠᠭᠤᠷᠠᠶ ᠲᠡᠯᠡᠶ᠎ᠶ᠋ᠢᠨ ᠱᠢᠨ᠎ᠡ ᠨᠡᠪᠲᠡᠷᠡᠬᠦ᠌ ᠵᠠᠮ᠎ᠤᠨ ᠴᠢᠬᠤᠯᠠ ᠡᠭᠦᠳᠡ ᠡᠷᠦᠬᠡ ᠪᠣᠯᠤᠨ᠎ᠠ᠃ ᠡᠨᠡ ᠪᠣᠯ ᠭᠠᠳᠠᠭ᠍ᠰᠢ ᠨᠡᠭᠡᠭᠡᠯᠲᠡ ᠬᠢᠬᠦ᠌᠎ᠶ᠋ᠢ ᠲᠠᠰᠤᠷᠠᠯᠲᠠ ᠦᠭᠡᠢ ᠥᠷᠭᠡᠳᠭᠡᠬᠦ᠂ ᠣᠷᠣᠨ ᠪᠦᠰᠡ᠎ᠶ᠋ᠢᠨ ᠬᠠᠮᠵᠢᠯᠴᠠᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠭᠦᠨᠵᠡᠭᠡᠢ ᠠᠭᠤᠰᠤᠯᠴᠠᠬᠤ᠎ᠳᠤ ᠲᠤᠢᠯ᠎ᠤᠨ ᠠᠱᠢᠭ᠍ᠲᠠᠢ ᠶᠤᠮ᠃ ᠥᠪᠥᠷ ᠮᠣᠩᠭᠤᠯ ᠡᠯᠪᠡᠭ ᠪᠠᠶᠠᠯᠢᠭ ᠠᠮᠢ ᠠᠬᠤᠶ᠎ᠶ᠋ᠢᠨ ᠡᠬᠢ ᠪᠠᠶᠠᠯᠢᠭ᠂ ᠵᠢᠭᠤᠯᠴᠢᠯᠠᠯ᠎ᠤᠨ ᠰᠣᠶᠣᠯ᠎ᠤᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠎ᠶ᠋ᠢᠨ ᠡᠬᠢ ᠪᠠᠶᠠᠯᠢᠭ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠂ ᠴᠡᠪᠡᠷ ᠡᠨᠧᠷᠭᠢ ᠵᠡᠷᠭᠡ ᠪᠠᠢᠵᠤ᠂ ᠱᠢᠨ᠎ᠡ ᠬᠠᠭᠤᠴᠢᠨ ᠡᠨᠧᠷᠭᠢ᠎ᠶ᠋ᠢᠨ ᠶᠡᠷᠦᠩᠬᠡᠶ ᠬᠡᠮᠵᠢᠶᠡᠨ᠎ᠤ ᠳᠠᠪᠠᠭᠤᠯᠢᠭ ᠪᠠ ᠨᠡᠢᠯᠡᠮᠡᠯ ᠳᠠᠪᠠᠭᠤᠯᠢᠭ᠎ᠲᠠᠢ ᠪᠠᠢᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠶ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠵᠤ ᠦᠢᠯᠡᠰ᠎ᠤᠨ ᠠᠮᠤᠷ ᠲᠦᠪᠱᠢᠨ᠎ᠢ ᠪᠠᠲᠤᠯᠠᠬᠤ ᠡᠮᠦᠨ᠎ᠡ ᠹᠷᠣᠨᠲ᠎ᠤᠨ ᠵᠢᠭ᠍ᠰᠠᠭᠠᠯ᠎ᠤᠨ ᠭᠠᠵᠠᠷ ᠪᠣᠯᠤᠨ᠎ᠠ᠃ ᠡᠳᠡᠭᠡᠷ᠎ᠨᠢ ᠴᠦᠮ ᠦᠪᠦᠷ ᠮᠤᠩᠭᠤᠯ᠎ᠤᠨ ᠴᠢᠨᠠᠷ ᠰᠠᠢᠳᠠᠢ ᠬᠦᠭ᠌ᠵᠢᠯᠳᠡ᠎ᠶ᠋ᠢ ᠠᠬᠢᠭᠤᠯᠬᠤ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠵᠤᠯ ᠵᠢᠷᠭᠠᠯ᠎ᠤᠨ ᠵᠢᠭᠠᠯᠳᠠ ᠲᠤᠭ᠎ᠠ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌᠎ᠶ᠋ᠢᠨ ᠴᠢᠬᠤᠯᠠ ᠲᠤᠯᠭᠠᠭᠤᠷᠢᠯᠠᠯ ᠪᠤᠯᠬᠤ ᠶᠤᠮ᠃ ᠥᠪᠥᠷ ᠮᠣᠩᠭᠤᠯ ᠪᠣᠯ ᠦᠨᠳᠦᠰᠦᠲᠡᠨ᠎ᠤ ᠪᠦᠯᠬᠦᠮᠳᠡᠯ᠎ᠤᠨ ᠦᠯᠢᠭᠡᠷ ᠳᠠᠭᠤᠷᠢᠶᠠᠯ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠤᠯ᠎ᠳᠤ ᠣᠷᠣᠭᠤᠯᠬᠤ》᠂ 《ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢ ᠪᠠᠢᠭᠤᠯᠬᠤ》᠂ 《ᠬᠠᠮᠤᠭ᠎ᠤᠨ ᠰᠠᠢᠨ ᠮᠠᠯᠵᠢᠯ᠎ᠤᠨ ᠲᠠᠯᠠᠪᠠᠢ ᠨᠢ ᠰᠠᠨᠰᠠᠷ᠎ᠤᠨ ᠠᠶᠠᠯᠠᠯ᠎ᠤᠨ ᠲᠥᠯᠥᠭᠡ》 ᠪᠠ ᠤᠯᠤᠰ᠎ᠤᠨ ᠡᠨᠧᠷᠭᠢ᠎ᠶ᠋ᠢᠨ ᠬᠡᠷᠡᠭ᠌ᠴᠡᠭᠡ᠎ᠶ᠋ᠢ ᠪᠠᠲᠤᠯᠠᠬᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠬᠦ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠬᠢᠵᠢᠭᠦᠯᠬᠦ᠌ ᠵᠡᠷᠭᠡ ᠲᠡᠦᠬᠡ᠎ᠶ᠋ᠢᠨ ᠰᠠᠢᠬᠠᠨ ᠶᠠᠷᠢᠶ᠎ᠠ ᠪᠠ ᠪᠣᠳᠠᠲᠤ ᠦᠯᠢᠭᠡᠷ᠎ᠢ ᠪᠢᠴᠢᠭ᠌ᠯᠡᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷᠲᠠᠢ ᠶᠤᠮ᠃ ᠣᠳᠣᠬᠠᠨ᠎ᠳᠤ᠂ ᠥᠪᠥᠷ ᠮᠣᠩᠭᠤᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠤ ᠨᠠᠮ᠎ᠤᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠃ ᠡᠭᠦᠨ᠎ᠤ ᠬᠠᠮᠲᠤ᠌᠂ ᠥᠪᠥᠷ ᠮᠣᠩᠭᠤᠯ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠪᠠᠰᠠ ᠮᠠᠰᠢ ᠣᠯᠠᠨ ᠳᠤᠲᠠᠭᠤᠳᠠᠯ ᠪᠠ ᠬᠦᠷᠦᠯᠴᠡᠬᠦ᠌ ᠥᠬᠡᠶ ᠲᠠᠯ᠎ᠠ ᠣᠷᠣᠱᠢᠵᠤ ᠪᠠᠢᠨ᠎ᠠ᠃ ᠵᠢᠱ᠌ᠢᠶᠡᠯᠡᠪᠡᠯ᠂ ᠠᠵᠤ ᠦᠢᠯᠡᠰ᠎ᠤᠨ 《ᠳᠦᠷᠪᠡᠨ ᠤᠯᠠᠨ ᠳᠦᠷᠪᠡᠨ ᠴᠦᠬᠡᠨ》 ᠪᠠᠢᠬᠤ ᠠᠰᠠᠭᠤᠳᠠᠯ ᠲᠤᠪᠤᠢᠮ᠎ᠠ᠂ ᠤᠳᠤ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ ᠵᠦᠷᠢᠶ᠎ᠡ᠎ᠲᠠᠢ ᠪᠠᠢᠨ᠎ᠠ; ᠠᠮᠢ ᠠᠬᠤᠢ ᠬᠡᠪᠡᠷᠡᠭ᠂ ᠡᠬᠢ ᠪᠠᠶᠠᠯᠢᠭ᠎ᠢ ᠠᠱᠢᠬ᠍ᠯᠠᠬᠤ ᠲᠠᠯ᠎ᠠ᠎ᠪᠠᠷ ᠦᠷ᠎ᠡ ᠠᠱᠢᠭ᠎ᠢᠶᠠᠷ ᠳᠣᠣᠷ᠎ᠠ᠂ ᠬᠡᠯᠪᠡᠷᠢ᠎ᠪᠠᠨ ᠬᠤᠪᠢᠷᠠᠭᠤᠯᠤᠨ ᠬᠦᠭ᠌ᠵᠢᠬᠦᠯᠬᠦ᠌᠎ᠶ᠋ᠢ ᠰᠦᠪᠡᠭ᠌ᠴᠢᠯᠡᠭᠡᠳ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠎ᠲᠠᠢ ᠪᠤᠯᠤᠭᠠᠳᠤᠢ ᠪᠠᠢᠨ᠎ᠠ; ᠥᠨᠳᠥᠷ ᠬᠢᠷᠢ ᠲᠦᠪᠱᠢᠨ ᠪᠦᠬᠦᠢ ᠬᠡᠷᠡᠭ᠌ᠴᠡᠭᠡ᠎ᠶ᠋ᠢ ᠬᠠᠩᠭᠠᠭᠠᠳ ᠠᠵᠤ ᠠᠬᠤᠢ᠎ᠶ᠋ᠢᠨ ᠨᠡᠮᠡᠭ᠌ᠳᠡᠯ᠎ᠳᠤ ᠦᠵᠡᠭᠦᠯᠬᠦ᠌ ᠬᠡᠷᠡᠭ᠌ᠯᠡᠭᠡ᠎ᠪᠠᠷ ᠬᠢᠵᠠᠭᠠᠷ᠎ᠲᠠᠢ; ᠳᠡᠭᠡᠳᠦ ᠲᠡᠰ᠎ᠤᠨ ᠴᠢᠳᠠᠪᠤᠷᠢᠲᠠᠨ ᠳᠤᠲᠠᠭ᠍ᠳᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠬᠦᠷᠦᠯᠴᠡᠬᠦ᠌ ᠦᠭᠡᠢ᠂ ᠦᠨᠳᠦᠰᠦᠨ ᠱᠠᠲᠤᠨ᠎ᠤ ᠵᠠᠰᠠᠯᠲᠠ᠎ᠳᠤ ᠪᠠᠭᠤᠷᠠᠢ ᠭᠤᠭ᠍ᠴᠤᠭ᠎ᠠ ᠣᠷᠣᠱᠢᠵᠤ ᠪᠠᠢᠨ᠎ᠠ; ᠣᠷᠣᠨ ᠪᠦᠰᠡ᠎ᠶ᠋ᠢᠨ ᠬᠥᠭ᠌ᠵᠢᠯᠲᠡ ᠢᠯᠠᠩᠭᠤᠶ᠎ᠠ ᠱᠢᠶᠠᠨ᠎ᠤ ᠬᠡᠪᠴᠢᠶᠡᠨ᠎ᠤ ᠬᠥᠭ᠌ᠵᠢᠯᠲᠡ ᠲᠡᠩᠴᠡᠭᠦᠷᠢ ᠦᠭᠡᠢ ᠵᠡᠷᠭᠡ ᠪᠠᠢᠨ᠎ᠠ᠃
ᠤᠯᠤᠰ᠎ᠤᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠳᠤ ᠪᠦᠬᠦ᠌ ᠲᠠᠯ᠎ᠠ᠎ᠪᠠᠷ ᠭᠦᠨᠵᠡᠭᠡᠢ ᠠᠭᠤᠰᠤᠯᠴᠠᠨ᠎ᠠ
70 ᠭᠠᠷᠤᠢ ᠵᠢᠯ᠎ᠤᠨ ᠭᠦᠭ᠌ᠵᠢᠯᠳᠡ᠎ᠶ᠋ᠢᠨ ᠲᠡᠤᠭᠡᠨ ᠶᠠᠪᠤᠴᠠ᠎ᠳᠤ ᠨᠠᠮ᠎ᠤᠨ ᠲᠦᠪ ᠬᠤᠷᠢᠶ᠎ᠠ ᠦᠪᠤᠷ ᠮᠤᠩᠭᠤᠯ᠎ᠤᠨ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠢ ᠢᠮᠠᠬ᠍ᠳᠠ ᠰᠡᠳᠭᠢᠯ᠎ᠳᠡᠭᠡᠨ ᠪᠤᠳᠤᠬ᠍ᠰᠠᠭᠠᠷ ᠢᠷᠡᠵᠡᠢ᠃ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠤᠯᠤᠰ᠎ᠤᠨ ᠬᠥᠭ᠌ᠵᠢᠯᠲᠡ᠎ᠶ᠋ᠢᠨ ᠪᠥᠬᠦ᠌ ᠲᠠᠯ᠎ᠠ᠎ᠠᠴᠠ ᠡᠭᠦᠰᠴᠦ᠍᠂ ᠥᠪᠥᠷ ᠮᠣᠩᠭᠤᠯ᠎ᠤᠨ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠬᠢᠵᠦ᠍᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ》 ᠶ᠋ᠢ ᠵᠣᠷᠢᠭ᠍ᠵᠢᠭᠤᠯᠪᠠ᠃ ᠡᠨᠡ ᠪᠣᠯ ᠥᠪᠥᠷ ᠮᠣᠩᠭᠤᠯ᠎ᠤᠨ ᠱᠢᠨ᠎ᠡ ᠠᠶᠠᠨ ᠵᠠᠮ᠎ᠳᠠᠬᠢ ᠴᠢᠬᠤᠯᠠ ᠬᠠᠷᠢᠭᠤᠴᠠᠯᠭ᠎ᠠ ᠪᠣᠯᠬᠤ ᠪᠥᠭᠡᠳ ᠪᠠᠰᠠ ᠴᠤ᠌ ᠥᠪᠥᠷ ᠮᠣᠩᠭᠤᠯ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠬᠦᠴᠦᠯᠡᠬᠦ᠌ ᠴᠡᠭ ᠪᠣᠯᠤᠨ᠎ᠠ᠃
ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ ᠬᠡᠷᠡᠭ᠌ᠳᠠᠢ᠃ ᠶᠡᠷᠦᠩᠬᠡᠶ ᠱᠦᠵᠢ ᠰᠢ᠎ᠶ᠋ᠢᠨ ᠫᠢᠩ᠂ ᠡᠷᠬᠡᠪᠰᠢ ᠠᠷᠠᠳ ᠲᠦᠮᠡᠨ᠎ᠢ ᠳᠡᠭᠡᠳᠦᠯᠡᠬᠦ᠂ ᠠᠷᠠᠳ ᠲᠦᠮᠡᠨ᠎ᠳᠤ ᠨᠢᠭ᠍ᠲᠠ ᠲᠦᠱᠢᠭ᠌ᠯᠡᠬᠦ᠂ ᠠᠷᠠᠳ ᠲᠦᠮᠡᠨ᠎ᠳᠤ ᠲᠠᠰᠤᠷᠠᠯᠲᠠ ᠥᠬᠡᠶ ᠪᠤᠶᠠᠨ ᠦᠢᠯᠡᠳᠬᠦ᠂ ᠠᠷᠠᠳ ᠲᠦᠮᠡᠨ᠎ᠤ ᠳᠤᠮᠳᠠ ᠪᠠᠲᠤ ᠦᠨᠳᠦᠰᠦᠯᠡᠬᠦ᠌᠎ᠶ᠋ᠢ ᠪᠠᠷᠢᠮᠲᠠᠯᠠᠬᠤ ᠬᠡᠷᠡᠭ᠌ᠲᠡᠶ᠃ 2024 ᠣᠨ᠎ᠳᠤ᠂ ᠥᠪᠥᠷ ᠮᠣᠩᠭᠤᠯ 《ᠵᠢᠷᠭᠤᠭᠠᠨ ᠢᠨᠵᠧᠨᠧᠷᠢᠩ》 ᠤᠨ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ ᠤᠯᠬᠤ᠎ᠶ᠋ᠢ ᠠᠬᠢᠭᠤᠯᠵᠤ᠂ 《ᠬᠠᠢᠷ᠎ᠠ ᠬᠠᠯᠠᠮᠵᠢ᠎ᠶ᠋ᠢᠨ ᠢᠨᠵᠧᠨᠧᠷᠢᠩ》 ᠤᠨ ᠣᠨ᠎ᠤ ᠡᠭᠦᠷᠭᠡ᠎ᠶ᠋ᠢ ᠪᠦᠬᠦᠨ᠎ᠢ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠤᠨ 33 ᠵᠦᠢᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ᠍᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠪᠦᠬᠦᠨ᠎ᠢ ᠪᠥᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠳᠤ ᠬᠦᠷᠭᠡᠬᠦ᠌ ᠪᠤᠶᠤ ᠳᠠᠪᠠᠭᠤᠯᠤᠨ᠎ᠠ᠃ ᠱᠢᠨ᠎ᠡ ᠠᠶᠠᠨ ᠵᠠᠮ᠎ᠳᠤ᠂ ᠠᠷᠠᠳ ᠣᠯᠠᠨ᠎ᠳᠤ ᠨᠢᠭ᠍ᠲᠠ ᠲᠦᠱᠢᠭ᠌ᠯᠡᠨ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠭᠦᠢᠴᠡᠳ ᠰᠠᠢᠲᠤᠷ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠵᠦ᠍᠂ 《ᠨᠠᠮ᠎ᠤᠨ ᠠᠴᠢ ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭ᠋ᠠᠨ ᠤᠷᠤᠭᠰᠢᠯᠠᠬᠤ》 ᠣᠯᠠᠨ ᠲᠦᠮᠡᠨ᠎ᠤ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠭᠤᠲᠤᠮᠱᠢᠭ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠶ ᠮᠡᠳᠡᠷᠡᠮᠵᠢ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠨᠠᠮ᠎ᠤᠨ ᠲᠣᠭᠤᠷᠢᠨ᠎ᠳᠤ ᠨᠢᠭ᠍ᠲᠠᠷᠠᠨ ᠪᠦᠯᠬᠦᠮᠳᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠦᠢᠯᠡᠳᠦᠯᠭᠡ᠎ᠶ᠋ᠢᠨ ᠱᠢᠨ᠎ᠡ ᠱᠢᠪᠲᠤᠯᠤᠯᠲᠠ᠎ᠲᠠᠢ ᠪᠣᠯᠬᠤ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ᠃ 《ᠬᠤᠶᠠᠷ ᠶᠡᠭᠡ ᠶᠠᠪᠤᠳᠠᠯ》 ᠢ ᠬᠦᠴᠦ᠍᠎ᠪᠠᠨ ᠲᠥᠪᠯᠡᠷᠡᠭᠦᠯᠦᠨ ᠰᠠᠢᠲᠤᠷ ᠬᠢᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠬᠤ ᠬᠡᠷᠡᠭ᠌ᠲᠡᠢ᠃ 《ᠬᠤᠶᠠᠷ ᠶᠡᠭᠡ ᠶᠠᠪᠤᠳᠠᠯ》 ᠪᠣᠯ ᠥᠪᠥᠷ ᠮᠣᠩᠭᠤᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠲᠡᠢ ᠭᠠᠷᠳᠠᠴᠠ ᠮᠥᠨ᠂ ᠪᠠᠰᠠ ᠴᠤ᠌ ᠨᠠᠮ ᠪᠠ ᠤᠯᠤᠰ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠠᠭᠤᠰᠤᠯᠴᠠᠭᠤᠯᠬᠤ ᠪᠦᠲᠦᠮᠵᠢᠲᠡᠢ ᠠᠴᠢᠶᠠᠯᠠᠪᠤᠷᠢ ᠮᠥᠨ᠃ 2024 ᠣᠨ᠎ᠳᠤ᠂ ᠥᠪᠥᠷ ᠮᠣᠩᠭᠤᠯ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ 《ᠬᠤᠶᠠᠷ ᠶᠡᠭᠡ ᠶᠠᠪᠤᠳᠠᠯ》 ᠢ ᠰᠠᠢᠲᠤᠷ ᠬᠢᠵᠦ᠍᠂ ᠨᠢᠳᠦ ᠭᠢᠯᠠᠰᠤᠮ᠎ᠠ ᠬᠠᠷᠢᠭᠤᠯᠲᠠ᠎ᠶᠢᠨ ᠬᠠᠭᠤᠳᠠᠰᠤ᠎ᠶᠢ ᠭᠠᠷᠳᠠᠭᠤᠯᠪᠠ᠄ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠦᠷᠳᠡᠭ 2.6 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ ᠠᠵᠤ ᠦᠢᠯᠡᠳᠪᠦᠷᠢ᠎ᠶ᠋ᠢᠨ ᠨᠡᠮᠡᠭ᠌ᠳᠡᠯ ᠦᠷᠳᠡᠭ ᠲᠦᠮᠡᠨ ᠳ᠋ᠦᠩᠱᠢᠭᠤᠷ ᠲᠥᠭᠦᠷᠢᠭ᠎ᠤᠨ ᠪᠣᠭᠤᠮᠲᠠ᠎ᠶ᠋ᠢ ᠳᠠᠪᠠᠵᠤ᠂ ᠠᠮᠤ ᠪᠤᠳᠠᠭᠠᠨ᠎ᠤ ᠶᠡᠷᠦᠩᠬᠡᠢ ᠤᠨᠠᠯᠲᠠ 820.1 ᠳ᠋ᠦᠩᠱᠢᠭᠤᠷ ᠵᠢᠩ᠎ᠳᠤ ᠬᠦᠷᠴᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠪᠦᠬᠦ᠌ ᠤᠯᠤᠰ᠎ᠲᠤ ᠬᠠᠮᠤᠭ᠎ᠤᠨ ᠲᠦᠷᠦᠭᠦᠨ᠎ᠳᠤ ᠳ᠋ᠦᠩᠱᠢᠭᠤᠷ ᠲᠥᠭᠦᠷᠢᠭ᠎ᠢ ᠳᠠᠪᠠᠵᠤ᠂ 1.35 ᠳ᠋ᠦᠩᠱᠢᠭᠤᠷ ᠺᠢᠯᠣᠸᠠᠲ᠎ᠲᠤ ᠬᠦᠷᠴᠡᠢ᠃ ᠱᠢᠨ᠎ᠡ ᠠᠶᠠᠨ ᠵᠠᠮ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠣᠯ ᠱᠢᠵᠢᠮ᠎ᠢ ᠪᠦᠬᠦ᠌ ᠲᠠᠯ᠎ᠠ᠎ᠪᠠᠷ ᠪᠣᠳᠠᠲᠠᠢ ᠭᠦᠨᠵᠡᠭᠡᠢ ᠰᠠᠢᠲᠤᠷ ᠲᠤᠭᠤᠱᠢᠯᠠᠭᠤᠯᠵᠤ᠂ 《ᠳᠤᠯᠤᠭ᠎ᠠ᠎ᠶ᠋ᠢ ᠵᠢᠱ᠌ᠢᠶᠡᠴᠢ ᠪᠣᠯᠭᠠᠬᠤ》 ᠶ᠋ᠢ ᠤᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠳᠤ ᠠᠭᠤᠰᠤᠯᠴᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ᠌ ᠬᠠᠮᠲᠤ᠎ᠶ᠋ᠢᠨ ᠤᠬᠠᠮᠰᠠᠷ᠂ ᠡᠵᠡᠨ ᠬᠥᠮᠦᠨ᠎ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ ᠤᠬᠠᠮᠰᠠᠷ᠎ᠢ ᠪᠠᠲᠤ ᠪᠤᠢ ᠪᠣᠯᠭᠠᠬᠤ ᠬᠡᠷᠡᠭ᠌ᠲᠡᠢ᠃ ᠱᠢᠰᠲ᠋ᠧᠮ᠎ᠲᠠᠢ᠎ᠪᠠᠷ ᠠᠬᠢᠭᠤᠯᠬᠤ᠎ᠶ᠋ᠢ ᠪᠠᠷᠢᠮᠲᠠᠯᠠᠵᠤ᠂ 《ᠲᠠᠪᠤᠨ ᠶᠡᠭᠡ ᠡᠭᠦᠷᠭᠡ》 ᠶ᠋ᠢᠨ ᠱᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠎ᠢ ᠴᠢᠬᠤᠯᠠᠴᠢᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠣᠳᠣᠬᠢᠴᠢᠯᠠᠯᠲᠠ᠎ᠶ᠋ᠢᠨ ᠶᠠᠪᠤᠴᠠ᠎ᠳᠠᠬᠢ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠬᠤ ᠬᠡᠷᠡᠭ᠌ᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠠᠷᠢᠮᠲᠠᠯᠠᠵᠤ᠂ ᠠᠵᠢᠯ ᠬᠢᠵᠦ᠍ ᠦᠢᠯᠡᠰ ᠪᠤᠰᠭᠠᠬᠤ ᠰᠠᠢᠨ ᠰᠠᠢᠬᠠᠨ ᠠᠭᠤᠷ ᠠᠮᠢᠰᠭᠤᠯ᠎ᠢ ᠤᠯᠠᠮ ᠴᠢᠨᠠᠭ᠍ᠰᠢᠳᠠ ᠪᠦᠷᠢᠯᠳᠦᠭᠦᠯᠬᠦ᠌ ᠬᠡᠷᠡᠭ᠌ᠲᠡᠢ᠃ ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠤᠯᠤᠰ ᠲᠥᠷᠥ᠎ᠶ᠋ᠢᠨ ᠡᠭᠦᠷᠭᠡᠯᠡᠯ᠎ᠢ ᠳᠣᠪᠤᠢᠯᠭᠠᠨ᠂ 《ᠬᠤᠶᠠᠷ᠎ᠢ ᠲᠣᠭᠲᠠᠭ᠋ᠠᠭᠰᠠᠨ》 ᠱᠢᠢᠳᠪᠦᠷᠢᠯᠡᠭ᠌ᠴᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠤᠶᠠᠷ᠎ᠢ ᠬᠠᠮᠠᠭᠠᠯᠠᠬᠤ》 ᠶ᠋ᠢ ᠦᠢᠯᠡᠳᠦᠯᠭᠡᠵᠢᠭᠦᠯᠵᠦ᠍᠂ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠢᠮᠠᠭ᠍ᠲᠠ ᠵᠥᠪ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠨ᠎ᠠ᠃ ᠲᠥᠷᠥᠯ ᠬᠤᠪᠢᠶᠠᠨ ᠵᠢᠯᠣᠭᠤᠳᠴᠤ᠌᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ 《ᠭᠤᠷᠪᠠᠨ ᠣᠯᠠᠨ ᠭᠤᠷᠪᠠᠨ ᠴᠦᠬᠡᠨ ᠭᠤᠷᠪᠠᠨ ᠤᠳᠠᠭᠠᠨ》 ᠪᠠ 《ᠤᠳᠠᠭᠠᠨ ᠪᠦᠳᠦᠭᠦᠯᠢᠭ ᠬᠡᠢ᠌ᠰᠪᠦᠷᠢ》 ᠠᠰᠠᠭᠤᠳᠠᠯ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠵᠤ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠣᠯᠭᠠᠬᠤ᠎ᠶ᠋ᠢ ᠠᠬᠢᠭᠤᠯᠤᠨ᠎ᠠ; ᠮᠣᠩᠭᠤᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠦ᠎ᠶᠢᠨ ᠭᠤᠷᠪᠠᠨ ᠤᠷᠤᠨ᠎ᠤ ᠵᠣᠷᠢᠭ ᠰᠠᠨᠠᠭ᠎ᠠ》 ᠶ᠋ᠢ ᠶᠡᠭᠡ᠎ᠪᠠᠷ ᠪᠠᠳᠠᠷᠠᠭᠤᠯᠵᠤ᠂ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠬᠦ᠂ ᠬᠠᠷᠠᠮ ᠦᠭᠡᠢ ᠵᠣᠷᠢᠭᠤᠯᠬᠤ᠂ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠱᠢᠯᠢᠳᠡᠭ ᠵᠠᠩ ᠰᠤᠷᠲᠠᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃