ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ᠎ᠶ᠋ᠢ ᠶᠡᠭᠡ ᠳᠡᠭᠡᠳᠦ ᠰᠤᠷᠭᠠᠭᠤᠯᠢ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠭᠠᠨ᠎ᠠ
2025-08-12

  ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠡᠭᠦᠷᠭᠡ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠳᠠᠷᠤᠮᠠᠯᠯᠠᠨ ᠲᠠᠷᠬᠠᠭᠠᠭ᠍ᠰᠠᠨ 《ᠰᠤᠷᠭᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ᠎ᠶ᠋ᠢᠨ ᠬᠥᠲᠥᠯᠪᠦᠷᠢ (2024-2035 ᠣᠨ)》 ᠎ᠳᠤ 《ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠴᠢᠩᠭᠠᠳᠭᠠᠬᠤ》᠎ᠶ᠋ᠢ ᠳᠤᠷᠠᠳᠪᠠ᠃ ᠶᠡᠭᠡ ᠳᠡᠭᠡᠳᠦ ᠰᠤᠷᠭᠠᠭᠤᠯᠢ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠴᠢᠬᠤᠯᠠ ᠶᠡᠭᠡ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠨ᠎ᠠ᠂ ᠡᠷᠬᠡᠪᠰᠢ 《ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠬᠡᠷᠬᠢᠨ ᠬᠥᠮᠦᠵᠢᠭᠦᠯᠬᠦ᠂ ᠬᠡᠨ᠎ᠤ ᠲᠥᠯᠥᠭᠡ ᠬᠥᠮᠦᠨ᠎ᠢ ᠬᠥᠮᠦᠵᠢᠭᠦᠯᠬᠦ᠌》 ᠦᠨᠳᠦᠰᠦᠨ ᠠᠰᠠᠭᠤᠳᠠᠯ᠎ᠳᠤ ᠰᠠᠭᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠴᠢᠳᠠᠪᠤᠷᠢᠲᠠᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠪᠠᠢᠩᠭᠤᠵᠢᠭ᠍ᠰᠠᠨ᠂ ᠤᠷᠳᠤ ᠬᠤᠭᠤᠴᠠᠭᠠᠨ᠎ᠤ ᠪᠦᠲᠦᠮᠵᠢᠲᠡᠢ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠱᠢᠨ᠎ᠡ ᠪᠠᠢᠷᠢᠱᠢᠯ᠎ᠢ ᠪᠤᠢ ᠪᠣᠯᠭᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠶᠡᠭᠡ ᠡᠭᠦᠷᠭᠡ᠎ᠶ᠋ᠢ ᠡᠭᠦᠷᠭᠡᠯᠡᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌ ᠬᠡᠷᠡᠭ᠌ᠲᠡᠢ᠃

  ᠶᠡᠭᠡ ᠳᠡᠭᠡᠳᠦ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠬᠥᠮᠦᠵᠢᠯ᠎ᠢ ᠴᠢᠩᠭᠠᠳᠭᠠᠬᠤ᠎ᠨᠢ ᠴᠢᠬᠤᠯᠠ ᠠᠴᠢ ᠬᠤᠯᠪᠣᠭ᠍ᠳᠠᠯ᠎ᠲᠠᠢ ᠶᠤᠮ᠃

  ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ ᠴᠠᠭ ᠦᠶ᠎ᠡ᠎ᠶ᠋ᠢᠨ ᠱᠠᠭᠠᠷᠳᠠᠯᠭ᠎ᠠ᠃ ᠶᠡᠭᠡ ᠳᠡᠭᠡᠳᠦ ᠰᠤᠷᠭᠠᠭᠤᠯᠢ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠳᠤ ᠡᠷᠬᠡᠪᠰᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌᠎ᠶ᠋ᠢ ᠴᠥᠬᠦᠷᠡᠰᠢ ᠦᠭᠡᠢ ᠪᠠᠷᠢᠮᠲᠠᠯᠠᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠭᠤᠣᠯ ᠠᠭᠤᠯᠭ᠎ᠠ ᠪᠣᠯᠤᠨ᠎ᠠ᠂ ᠮᠥᠨᠴᠦ᠍ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠶᠡᠭᠡ ᠳᠡᠭᠡᠳᠦ ᠰᠤᠷᠭᠠᠭᠤᠯᠢ᠎ᠶ᠋ᠢᠨ᠎ᠬᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠬᠥᠮᠦᠵᠢᠯ᠎ᠢ ᠴᠢᠩᠭᠠᠳᠭᠠᠵᠤ᠂ ᠵᠠᠯᠠᠭᠤ ᠰᠤᠷᠤᠭ᠍ᠴᠢᠳ᠎ᠲᠤ ᠭᠤᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠲᠡᠦᠬᠡ᠎ᠶ᠋ᠢᠨ ᠵᠠᠢᠯᠠᠰᠢ ᠦᠭᠡᠢ ᠴᠢᠨᠠᠷ᠂ ᠲᠦᠢᠯ᠎ᠤᠨ ᠴᠢᠬᠤᠯᠠ ᠴᠢᠨᠠᠷ ᠪᠠ ᠠᠬᠤᠢᠴᠢ ᠬᠠᠨᠳᠤᠯᠭᠠᠲᠤ ᠴᠢᠨᠠᠷ᠎ᠢ ᠭᠦᠨᠵᠡᠭᠡᠢ ᠲᠠᠨᠢᠭᠤᠯᠵᠤ᠂ ᠵᠠᠯᠠᠭᠤ ᠰᠤᠷᠤᠭ᠍ᠴᠢᠳ᠎ᠢ ᠬᠦᠳᠦᠯᠦᠨ ᠵᠢᠯᠣᠭᠤᠳᠴᠤ᠌ ᠪᠠᠢᠭᠠᠳ ᠨᠠᠮ᠎ᠤᠨ ᠱᠢᠨ᠎ᠡ᠎ᠶ᠋ᠢ ᠡᠭᠦᠳᠦᠭ᠌ᠰᠡᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯᠭᠠᠵᠤ᠂ ᠵᠠᠯᠠᠭᠤ ᠰᠤᠷᠤᠭ᠍ᠴᠢᠳ᠎ᠢ ᠬᠠᠪᠰᠤᠷᠤᠨ ᠠᠭᠤᠤ ᠶᠡᠭᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠮᠡᠳᠡᠷᠡᠮᠵᠢ᠎ᠶ᠋ᠢ ᠴᠢᠨᠠᠭ᠍ᠰᠢᠳᠠ ᠪᠠᠲᠤᠳᠭᠠᠵᠤ᠂ ᠮᠠᠷᠺᠰ᠎ᠤᠨ ᠦᠵᠡᠯ᠎ᠤᠨ ᠢᠲᠡᠭᠡᠯ ᠪᠢᠱᠢᠷᠡᠯ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠢᠲᠡᠭᠡᠯ ᠪᠢᠱᠢᠷᠡᠯ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠢᠲᠡᠭᠡᠯ ᠵᠣᠷᠢᠭ᠎ᠢ᠎ᠨᠢ ᠤᠯᠠᠮ ᠴᠢᠨᠠᠭ᠍ᠰᠢᠳᠠ ᠪᠠᠲᠤᠳᠭᠠᠬᠤ᠎ᠳᠤ ᠠᠱᠢᠭ᠍ᠲᠠᠢ ᠶᠤᠮ᠃

  《ᠳᠦᠷᠪᠡ᠎ᠳᠦ ᠦᠢ᠍ᠯᠡᠴᠢᠯᠡᠬᠦ》᠎ᠶᠢᠨ ᠴᠢᠭᠯᠡᠯ ᠢ᠋ ᠲᠣᠭᠲᠠᠭᠠᠬᠤ᠎ᠳᠤ ᠪᠠᠢᠪᠠᠰᠤ ᠵᠣᠬᠢᠬᠤ ᠠᠭᠤᠯᠭ᠎ᠠ ᠶ᠋ᠢ ᠲᠣᠭᠲᠠᠭᠠᠬᠤ ᠬᠡᠷᠡᠭᠲᠡᠢ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ᠌᠎ᠨᠢ ᠤᠯᠤᠰ᠎ᠤᠨ ᠬᠥᠭ᠌ᠵᠢᠯᠲᠡ᠎ᠳᠤ ᠬᠤᠯᠪᠣᠭ᠍ᠳᠠᠵᠤ᠂ ᠦᠨᠳᠦᠰᠦᠲᠡᠨ᠎ᠤ ᠢᠷᠡᠭᠡᠳᠦᠶ᠎ᠳᠤ ᠬᠤᠯᠪᠣᠭ᠍ᠳᠠᠵᠤ ᠪᠠᠢᠳᠠᠭ᠃ ᠮᠠᠨ᠎ᠤ ᠤᠯᠤᠰ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠥᠵᠢᠯ᠎ᠤᠨ ᠬᠥᠭ᠌ᠵᠢᠯᠲᠡ᠎ᠶ᠋ᠢᠨ ᠴᠢᠭ᠌ᠯᠡᠯ᠎ᠨᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠪᠣᠳᠠᠲᠤ ᠬᠠᠷᠠᠯᠲᠠ ᠪᠣᠯᠣᠨ ᠢᠷᠡᠭᠡᠳᠦᠢ᠎ᠶ᠋ᠢᠨ ᠴᠢᠭ᠌ᠯᠡᠯ᠎ᠲᠠᠢ ᠨᠢᠭ᠍ᠲᠠ ᠬᠤᠯᠪᠣᠭᠠᠯᠠᠵᠤ᠂ ᠠᠷᠠᠳ ᠲᠦᠮᠡᠨ᠎ᠳᠤ ᠦᠢᠯᠡᠴᠢᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠳᠤ ᠦᠢᠯᠡᠴᠢᠯᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠢ ᠪᠠᠬᠢᠵᠢᠭᠦᠯᠦᠨ ᠬᠥᠭ᠌ᠵᠢᠭᠦᠯᠬᠦ᠌᠎ᠳᠤ ᠦᠢᠯᠡᠴᠢᠯᠡᠵᠦ᠍᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠦᠢ᠍ᠯᠡᠴᠢᠯᠡᠬᠦ (ᠳᠠᠷᠤᠢ 《ᠳᠥᠷᠪᠡ ᠎ᠳᠦ ᠦᠢᠯᠡᠴᠢᠯᠡᠬᠦ᠌》) ᠬᠡᠷᠡᠭ᠌ᠲᠡᠢ᠃  ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠬᠠᠮᠠᠭᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠂ ᠡᠷᠬᠡ ᠲᠡᠭ᠌ᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭ᠍ᠰᠠᠨ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠂ ᠨᠠᠮ᠎ᠤᠨ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠶᠡᠭᠡ ᠳᠡᠭᠡᠳᠦ ᠰᠤᠷᠭᠠᠭᠤᠯᠢ ᠪᠣᠯ ᠦᠨᠳᠦᠰᠦᠲᠡᠨ᠎ᠨᠦᠭᠦᠳ᠎ᠤᠨ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠴᠢᠩᠭᠠᠳᠭᠠᠬᠤ᠎ᠪᠠᠷ ᠳᠠᠮᠵᠢᠭᠤᠯᠤᠨ᠂ ᠵᠠᠯᠠᠭᠤ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠵᠤ᠂ ᠲᠣᠰ ᠪᠡᠶ᠎ᠡ᠎ᠶ᠋ᠢᠨ ᠢᠷᠡᠭᠡᠳᠦᠢ ᠬᠤᠪᠢ ᠵᠠᠶᠠᠭ᠎ᠠ᠎ᠪᠠᠨ ᠤᠯᠤᠰ ᠪᠠ ᠦᠨᠳᠦᠰᠦᠲᠡᠨ᠎ᠤ ᠢᠷᠡᠭᠡᠳᠦᠶ᠎ᠶ᠋ᠢᠨ ᠬᠤᠪᠢ ᠵᠠᠶᠠᠭ᠎ᠠ᠎ᠲᠠᠢ ᠨᠢᠭ᠍ᠲᠠ ᠤᠶᠠᠯᠳᠤᠭᠤᠯᠵᠤ᠂ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠬᠠᠮᠲᠤ᠎ᠪᠠᠷ ᠡᠬᠡ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠳᠠᠪᠱᠢᠯᠲᠠ᠂ ᠰᠣᠶᠣᠯ᠎ᠤᠨ ᠴᠡᠴᠡᠭ᠌ᠯᠡᠯ᠂ ᠠᠵᠤ ᠠᠬᠤᠶ᠎ᠶ᠋ᠢᠨ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍᠂ 《ᠳᠥᠷᠪᠡ᠎ᠳᠦ ᠦᠶ᠋ᠯᠡᠴᠢᠯᠡᠬᠦ᠌》 ᠎ᠶ᠋ᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠶᠡᠭᠡ ᠳᠡᠭᠡᠳᠦ ᠰᠤᠷᠭᠠᠭᠤᠯᠢ᠎ᠶ᠋ᠢ ᠰᠠᠢᠲᠤᠷ ᠡᠷᠬᠢᠯᠡᠬᠦ᠌᠎ᠶ᠋ᠢᠨ ᠪᠠᠢᠪᠠᠰᠤ ᠵᠣᠬᠢᠬᠤ ᠠᠭᠤᠯᠭ᠎ᠠ ᠪᠣᠯᠤᠨ᠎ᠠ᠃

  ᠶᠡᠭᠡ ᠳᠡᠭᠡᠳᠦ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠤᠨ ᠦᠢᠯᠡᠳᠦᠯᠭᠡ᠎ᠶ᠋ᠢᠨ ᠠᠷᠭ᠎ᠠ ᠵᠠᠮ᠎ᠢ ᠴᠢᠩᠭ᠋ᠠᠳᠬᠠᠨ᠎ᠠ

  ᠤᠨᠤᠯ᠎ᠤᠨ ᠰᠤᠷᠤᠯᠴᠠᠯᠭ᠎ᠠ᠎ᠶ᠋ᠢ ᠴᠢᠩᠭᠠᠳᠭᠠᠵᠤ᠂ ᠦᠵᠡᠯ ᠰᠠᠨᠠᠭᠠᠨ᠎ᠤ ᠰᠠᠭᠤᠷᠢ᠎ᠶ᠋ᠢ ᠴᠢᠩᠭᠠᠳᠭᠠᠨ᠎ᠠ᠃ ᠬᠥᠮᠥᠨ᠎ᠢ ᠬᠥᠮᠥᠵᠢᠭᠦᠯᠬᠦ᠎ᠳᠦ ᠥᠪᠡᠷ᠎ᠢ᠎ᠪᠡᠨ ᠤᠷᠢᠳᠠᠪᠠᠷ ᠬᠥᠮᠥᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠎ᠨᠤᠭᠤᠳ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠬᠤ᠎ᠶ᠋ᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠭᠤᠤᠯ ᠡᠭᠦᠷᠭᠡ᠎ᠶ᠋ᠢᠨ ᠨᠢᠭᠡ ᠪᠣᠯᠭᠠᠵᠤ᠂ ᠨᠠᠮ᠎ᠤᠨ ᠬᠤᠷᠢᠶᠠᠨ᠎ᠤ ᠣᠨᠣᠯ ᠰᠤᠷᠤᠯᠴᠠᠬᠤ ᠭᠤᠤᠯ ᠳᠤᠭᠤᠢᠯᠠᠩ᠂ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷ ᠵᠡᠷᠭᠡ ᠴᠢᠬᠤᠯᠠ ᠠᠭᠤᠯᠭ᠎ᠠ᠎ᠳᠤ ᠣᠷᠣᠭᠤᠯᠵᠤ᠂ ᠲᠤᠰᠭᠠᠶ ᠰᠡᠳᠦᠪ᠎ᠢᠶᠠᠷ ᠰᠤᠷᠤᠯᠴᠠᠬᠤ᠂ ᠪᠣᠯᠪᠠᠰᠤᠷᠠᠭᠤᠯᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠎ᠶ᠋ᠢ ᠠᠬᠢᠭᠤᠯᠵᠤ᠂ ᠨᠠᠮ᠎ᠤᠨ ᠦᠨᠳᠦᠰᠦᠲᠡᠨ᠎ᠤ ᠣᠨᠣᠯ ᠲᠥᠷᠥ᠎ᠶ᠋ᠢᠨ ᠪᠣᠳᠣᠯᠭ᠎ᠠ᠎ᠶ᠋ᠢ ᠪᠠᠭ᠍ᠰᠢ᠎ᠶ᠋ᠢᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠬᠤ ᠬᠡᠷᠡᠭ᠌ᠲᠡᠶ᠃ ᠶᠡᠭᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠠᠵᠢᠯᠳᠠᠨ᠎ᠤ ᠲᠥᠯᠥᠭᠡᠯᠡᠭ᠌ᠴᠢᠳ᠎ᠤᠨ ᠶᠡᠭᠡ ᠬᠤᠷᠠᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠰᠤᠷᠤᠭ᠍ᠴᠢᠳ᠎ᠤᠨ ᠡᠪᠯᠡᠯ ᠵᠡᠷᠭᠡ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠬᠥᠭᠦᠷᠭᠡ ᠬᠤᠯᠪᠣᠭᠠᠰᠤ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠰᠤᠷᠤᠯᠴᠠᠯᠭ᠎ᠠ᠎ᠶ᠋ᠢᠨ ᠬᠦᠴᠦᠷᠬᠡᠭ ᠤᠯᠤᠰ》 ᠎ᠤᠨ ᠲᠠᠪᠴᠠᠩ᠂ ᠬᠤᠪᠢᠰᠭᠠᠯ᠎ᠤᠨ ᠰᠣᠶᠣᠯ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠵᠡᠷᠭᠡ ᠠᠴᠢᠶᠠᠯᠠᠪᠤᠷᠢ᠎ᠳᠤ ᠲᠦᠱᠢᠭ᠌ᠯᠡᠨ᠂ ᠵᠢᠪᠦᠮᠡᠯ ᠮᠠᠶᠢᠭ᠎ᠤᠨ᠂ ᠬᠠᠷᠢᠯᠴᠠᠨ ᠬᠥᠳᠡᠯᠦᠯᠴᠡᠬᠦ᠌ ᠮᠠᠶᠢᠭ᠎ᠤᠨ ᠰᠤᠷᠤᠯᠴᠠᠯᠭ᠎ᠠ᠎ᠶ᠋ᠢ ᠥᠷᠨᠢᠭᠦᠯᠦᠨ᠎ᠡ᠃ ᠨᠠᠮ᠎ᠤᠨ ᠲᠡᠦᠬᠡ᠂ ᠱᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠦᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠨ᠎ᠠ᠃ ᠨᠡᠢᠭᠡᠮ ᠵᠢᠷᠤᠮ᠎ᠤᠨ ᠭᠤᠣᠯᠯᠠᠭ᠍ᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭᠠᠵᠤ᠂ ᠤᠯᠤᠰ᠎ᠢᠶᠠᠨ ᠬᠠᠢᠷᠠᠯᠠᠬᠤ ᠦᠵᠡᠯ᠂ ᠨᠡᠢᠲᠡᠴᠢ ᠦᠵᠡᠯ᠂ ᠨᠡᠢᠭᠡᠮ ᠵᠢᠷᠤᠮ᠎ᠤᠨ ᠬᠥᠮᠦᠵᠢᠯ᠎ᠢ ᠭᠦᠨᠵᠡᠭᠡᠢᠷᠡᠭᠦᠯᠵᠦ᠍᠂ ᠪᠠᠭ᠍ᠰᠢ ᠰᠤᠷᠤᠭ᠍ᠴᠢᠳ᠎ᠢ ᠬᠦᠳᠦᠯᠦᠨ ᠵᠢᠯᠣᠭᠤᠳᠴᠤ᠌ ᠪᠠᠢᠭᠠᠳ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠤᠢ ᠪᠣᠯᠭᠠᠬᠤ ᠬᠡᠷᠡᠭ᠌ᠲᠡᠢ᠃

  ᠰᠤᠳᠤᠯᠤᠨ ᠲᠠᠢᠯᠪᠤᠷᠢᠯᠠᠬᠤ᠎ᠶ᠋ᠢ ᠭᠦᠨᠵᠡᠭᠡᠢᠷᠡᠭᠦᠯᠵᠦ᠍᠂ ᠡᠷᠳᠡᠮ ᠱᠢᠨᠵᠢᠯᠡᠭᠡᠨ᠎ᠤ ᠲᠤᠯᠭᠠᠭᠤᠷᠢᠯᠠᠯ ᠬᠠᠩᠭᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠭᠠᠨ᠎ᠤ ᠰᠣᠯᠪᠢᠴᠠᠭ᠍ᠰᠠᠨ ᠱᠢᠨᠵᠢᠯᠡᠭᠡᠨ᠎ᠤ ᠲᠤᠷᠱᠢᠯᠲᠠ᠎ᠶ᠋ᠢᠨ ᠴᠡᠭ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠰᠤᠷᠭᠠᠭᠤᠯᠢ᠎ᠶ᠋ᠢᠨ ᠣᠨᠴᠠᠯᠢᠭ ᠪᠠ ᠱᠢᠨᠵᠢᠯᠡᠭᠡᠨ᠎ᠤ ᠰᠠᠯᠠᠭ᠎ᠠ᠎ᠶ᠋ᠢᠨ ᠳᠠᠪᠠᠭᠤᠯᠢᠭ᠎ᠲᠤ ᠰᠠᠭᠤᠷᠢᠯᠠᠨ᠂ ᠡᠯ᠎ᠡ ᠱᠢᠨᠵᠢᠯᠡᠭᠡᠨ᠎ᠤ ᠲᠤᠰᠭᠠᠶ ᠮᠡᠷᠭᠡᠵᠢᠯᠲᠡᠨ ᠡᠷᠳᠡᠮᠲᠡᠳ᠎ᠤᠨ ᠲᠠᠩ ᠭᠠᠭ᠍ᠴᠠ ᠱᠢᠨᠵᠢᠯᠡᠭᠡᠨ᠎ᠤ ᠮᠡᠳᠡᠯᠭᠡ᠎ᠶ᠋ᠢᠨ ᠬᠢᠵᠠᠭᠠᠷᠯᠠᠯ᠎ᠢ ᠡᠪᠳᠡᠬᠦ᠌᠎ᠶ᠋ᠢ ᠵᠣᠷᠢᠭ᠍ᠵᠢᠭᠤᠯᠵᠤ᠂ ᠮᠠᠷᠺᠰ᠎ᠤᠨ ᠦᠵᠡᠯ᠎ᠤᠨ ᠤᠨᠤᠯ᠂ ᠭᠦᠨ ᠤᠬᠠᠭᠠᠨ᠂ ᠲᠡᠦᠬᠡ᠎ᠶ᠋ᠢᠨ ᠤᠬᠠᠭᠠᠨ᠂ ᠦᠨᠳᠦᠰᠦᠲᠡᠨ᠎ᠤ ᠤᠬᠠᠭᠠᠨ᠂ ᠨᠡᠢᠭᠡᠮ᠎ᠤᠨ ᠤᠬᠠᠭᠠᠨ ᠵᠡᠷᠭᠡ ᠣᠯᠠᠨ ᠱᠢᠨᠵᠢᠯᠡᠭᠡᠨ᠎ᠤ ᠰᠠᠯᠠᠭ᠎ᠠ᠎ᠶ᠋ᠢᠨ ᠣᠨᠣᠯ᠂ ᠠᠷᠭ᠎ᠠ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠠᠵᠢᠯ᠎ᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠣᠨᠣᠯ᠎ᠤᠨ ᠱᠢᠰᠲ᠋ᠧᠮ᠎ᠢ ᠪᠠᠢᠭᠤᠯᠬᠤ᠎ᠳᠤ ᠨᠠᠩ ᠪᠠᠲᠤ ᠪᠠᠬᠢ ᠱᠢᠨᠵᠢᠯᠡᠭᠡᠨ᠎ᠤ ᠰᠠᠯᠠᠭ᠎ᠠ ᠪᠠ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃ ᠵᠥᠪ ᠴᠢᠭ᠌ᠯᠡᠯ᠎ᠢ ᠡᠵᠡᠮᠳᠡᠵᠦ᠍᠂ ᠲᠠᠪᠴᠠᠩ ᠪᠠᠢᠭᠤᠯᠵᠤ᠂ ᠠᠵᠠ ᠲᠣᠬᠢᠶᠠᠯ᠎ᠢ ᠡᠭᠦᠳᠴᠦ᠍᠂ ᠡᠯ᠎ᠡ ᠱᠠᠲᠤᠨ᠎ᠤ ᠡᠯ᠎ᠡ ᠲᠦᠷᠦᠯ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠢ ᠰᠠᠢᠲᠤᠷ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠳᠡᠮᠵᠢᠯᠭᠡ᠎ᠶ᠋ᠢ ᠴᠢᠩᠭᠠᠳᠭᠠᠵᠤ᠂ ᠱᠢᠷᠢᠰ ᠭᠤᠣᠯ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ᠶᠠᠷᠢᠶᠠᠨ᠎ᠤ ᠲᠠᠪᠴᠠᠩ ᠵᠡᠷᠭᠡ ᠡᠷᠳᠡᠮ ᠱᠢᠨᠵᠢᠯᠡᠭᠡᠨ᠎ᠤ ᠠᠵᠢᠯᠯᠠᠭ᠎ᠠ᠎ᠶ᠋ᠢ ᠥᠷᠨᠢᠭᠦᠯᠵᠦ᠍᠂ ᠲᠤᠰᠭᠠᠢ ᠮᠡᠷᠭᠡᠵᠢᠯᠲᠡᠨ ᠡᠷᠳᠡᠮᠲᠡᠳ᠎ᠤᠨ ᠳᠤᠮᠳᠠᠳᠤ ᠤᠯᠤᠰ᠎ᠤᠨ ᠲᠡᠦᠬᠡ᠎ᠳᠤ ᠰᠠᠭᠤᠷᠢᠯᠠᠭ᠍ᠰᠠᠨ᠂ ᠳᠤᠮᠳᠠᠳᠤ ᠤᠯᠤᠰ᠎ᠤᠨ ᠦᠢᠯᠡᠳᠦᠯᠭᠡ᠎ᠶ᠋ᠢ ᠲᠠᠢᠯᠪᠤᠷᠢᠯᠠᠭ᠍ᠰᠠᠨ᠂ ᠳᠤᠮᠳᠠᠳᠤ ᠤᠯᠤᠰ᠎ᠤᠨ ᠠᠰᠠᠭᠤᠳᠠᠯ᠎ᠳᠤ ᠬᠠᠷᠢᠭᠤᠯᠲᠠ ᠥᠭ᠌ᠭᠦᠭ᠌ᠰᠡᠨ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠤᠨᠤᠯ᠎ᠤᠨ ᠦᠷ᠎ᠡ ᠪᠦᠲᠦᠭᠡᠯ ᠭᠠᠷᠭᠠᠬᠤ᠎ᠶ᠋ᠢ ᠵᠣᠷᠢᠭ᠍ᠵᠢᠭᠤᠯᠵᠤ᠂ ᠳᠤᠮᠳᠠᠳᠤ ᠤᠯᠤᠰ᠎ᠤᠨ ᠪᠡᠶ᠎ᠡ᠎ᠪᠠᠨ ᠳᠠᠭᠠᠭᠠᠭ᠍ᠰᠠᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠲᠡᠦᠬᠡᠨ ᠮᠠᠲ᠋ᠧᠷᠢᠶᠠᠯ᠎ᠤᠨ ᠱᠢᠰᠲ᠋ᠧᠮ᠂ ᠦᠭᠡ ᠶᠠᠷᠢᠶᠠᠨ᠎ᠤ ᠱᠢᠰᠲ᠋ᠧᠮ᠂ ᠤᠨᠤᠯ᠎ᠤᠨ ᠱᠢᠰᠲ᠋ᠧᠮ᠎ᠢ ᠲᠦᠷᠭᠡᠨ ᠪᠦᠷᠢᠯᠳᠦᠭᠦᠯᠬᠦ᠌ ᠬᠡᠷᠡᠭ᠌ᠲᠡᠢ᠃

  ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠢ ᠰᠠᠢᠲᠤᠷ ᠠᠳᠭᠤᠵᠤ᠂ ᠪᠦᠬᠦ᠌ ᠣᠷᠣᠨ ᠪᠦᠰᠡ᠎ᠪᠠᠷ ᠬᠥᠮᠦᠨ᠎ᠢ ᠬᠥᠮᠦᠵᠢᠭᠦᠯᠬᠦ᠌᠎ᠶ᠋ᠢ ᠠᠬᠢᠭᠤᠯᠤᠨ᠎ᠠ᠃ 《ᠭᠤᠷᠪᠠᠨ ᠪᠦᠷᠢᠨ ᠬᠥᠮᠦᠨ᠎ᠢ ᠬᠥᠮᠦᠵᠢᠭᠦᠯᠬᠦ᠌》 ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠂ ᠨᠡᠢᠭᠡᠮ᠎ᠤᠨ ᠦᠢᠯᠡᠳᠦᠯᠭᠡ᠂ ᠰᠤᠷᠭᠠᠭᠤᠯᠢ᠎ᠶ᠋ᠢᠨ ᠬᠦᠷᠢᠶᠡᠨ᠎ᠤ ᠰᠣᠶᠣᠯ᠎ᠤᠨ ᠪᠠᠢᠭᠤᠯᠤᠯᠲᠠ ᠵᠡᠷᠭᠡ ᠭᠤᠭ᠍ᠴᠤᠭ᠎ᠠ᠎ᠳᠤ ᠠᠭᠤᠰᠤᠯᠴᠠᠭᠤᠯᠵᠤ᠂ ᠶᠡᠭᠡ ᠳᠡᠭᠡᠳᠦ ᠰᠤᠷᠭᠠᠭᠤᠯᠢ᠎ᠶ᠋ᠢᠨ ᠣᠨᠴᠠᠯᠢᠭ᠎ᠲᠠᠢ 《ᠶᠡᠭᠡ ᠦᠵᠡᠯ ᠰᠠᠨᠠᠭ᠎ᠠ ᠤᠯᠤᠰ ᠲᠦᠷᠦ᠍》 ᠎ᠶ᠋ᠢᠨ ᠪᠠᠢᠷᠢᠱᠢᠯ᠎ᠢ ᠪᠦᠷᠢᠯᠳᠦᠭᠦᠯᠦᠨ᠎ᠡ᠃ 《ᠲᠠᠪᠤᠨ ᠬᠥᠮᠦᠵᠢᠯ᠎ᠢ ᠵᠡᠷᠭᠡ᠎ᠪᠠᠷ ᠠᠳᠭᠤᠬᠤ》 ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠣᠢᠯᠠᠭᠠᠭ᠍ᠳᠠᠬᠤᠨ᠎ᠢ ᠠᠭᠤᠰᠤᠯᠴᠠᠭᠤᠯᠵᠤ᠂ ᠰᠤᠷᠤᠭ᠍ᠴᠢᠳ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃ ᠰᠤᠷᠭᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠦᠨᠳᠦᠰᠦᠲᠡᠨ᠎ᠤ ᠭᠠᠵᠠᠷ ᠣᠷᠣᠨ᠎ᠳᠤ ᠦᠢᠯᠡᠳᠦᠯᠭᠡ᠎ᠶ᠋ᠢᠨ ᠰᠠᠭᠤᠷᠢᠨ ᠭᠠᠵᠠᠷ ᠪᠠᠢᠭᠤᠯᠵᠤ᠂ ᠵᠠᠯᠠᠭᠤ ᠰᠤᠷᠤᠭ᠍ᠴᠢᠳ᠎ᠢ ᠵᠣᠬᠢᠶᠠᠨ ᠪᠠᠢᠭᠤᠯᠤᠨ ᠤᠯᠤᠰ᠎ᠤᠨ ᠪᠠᠢᠳᠠᠯ᠎ᠢ ᠰᠤᠳᠤᠯᠤᠨ ᠰᠤᠷᠤᠯᠴᠠᠬᠤ᠂ ᠬᠡᠭᠡᠷ᠎ᠡ ᠲᠠᠯ᠎ᠠ᠎ᠶ᠋ᠢ ᠪᠠᠢᠴᠠᠭᠠᠬᠤ᠂ ᠰᠠᠢᠨ ᠳᠤᠷ᠎ᠠ᠎ᠶ᠋ᠢᠨ ᠦᠢᠯᠡᠴᠢᠯᠡᠭᠡ ᠬᠢᠬᠦ᠌ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠠᠮᠢᠳᠤᠯᠢᠭ ᠦᠢᠯᠡᠳᠦᠯᠭᠡ ᠪᠠ ᠠᠭᠤᠤ ᠶᠡᠭᠡ ᠠᠮᠵᠢᠯᠲᠠ᠎ᠶ᠋ᠢ ᠪᠡᠶᠡᠴᠢᠯᠡᠨ ᠣᠢᠯᠠᠭᠠᠭᠤᠯᠵᠤ᠂ ᠦᠢᠯᠡᠳᠦᠯᠭᠡ᠎ᠶ᠋ᠢᠨ ᠳᠤᠮᠳᠠ ᠰᠤᠷᠭᠠᠨ ᠬᠥᠮᠦᠵᠢᠯ ᠬᠦᠷᠲᠡᠵᠦ᠍᠂ ᠡᠷᠳᠡᠮ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠤᠪᠢ ᠨᠡᠮᠡᠷᠢ ᠦᠵᠡᠭᠦᠯᠵᠦ᠍᠂ ᠬᠦᠰᠡᠯᠡᠩ᠎ᠲᠠᠢ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ᠎ᠶ᠋ᠢ ᠠᠮᠰᠠᠵᠤ ᠳᠡᠢᠯᠬᠦ᠂ ᠴᠢᠷᠮᠠᠢᠨ ᠲᠡᠮᠡᠴᠡᠬᠦ᠌ ᠱᠢᠨ᠎ᠡ ᠴᠠᠭ ᠦᠶ᠎ᠡ᠎ᠶ᠋ᠢᠨ ᠰᠠᠢᠨ ᠵᠠᠯᠠᠭᠤᠴᠤᠳ ᠪᠣᠯᠬᠤ᠎ᠪᠠᠷ ᠵᠣᠷᠢᠭ ᠱᠢᠭᠤᠳᠴᠤ᠌᠂ ᠵᠠᠯᠠᠭᠤ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠪᠠᠢᠭᠠᠳ ᠡᠬᠡ ᠤᠯᠤᠰ᠎ᠲᠠᠭᠠᠨ ᠬᠦᠴᠦ᠍᠎ᠪᠠᠨ ᠡᠷᠭᠦᠵᠦ᠍᠂ ᠪᠠᠷᠠᠭᠤᠨ ᠣᠷᠣᠨ᠎ᠳᠤ ᠭᠠᠪᠢᠶ᠎ᠠ ᠪᠠᠢᠭᠤᠯᠵᠤ᠂ ᠦᠨᠳᠦᠰᠦᠨ ᠱᠠᠲᠤᠨ᠎ᠳᠤ ᠦᠨᠳᠦᠰᠦᠯᠡᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ 《ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 ᠬᠢᠭᠡᠳ 《ᠬᠢᠴᠢᠶᠡᠯ᠎ᠤᠨ ᠦᠵᠡᠯ ᠰᠠᠨᠠᠭ᠎ᠠ ᠤᠯᠤᠰ ᠲᠥᠷᠥ᠍》 ᠎ᠶ᠋ᠢᠨ ᠬᠠᠮᠵᠢᠯᠴᠠᠬᠤ ᠱᠢᠰᠲ᠋ᠧᠮᠵᠢ᠎ᠳᠤ ᠣᠷᠣᠭᠤᠯᠵᠤ᠂ ᠨᠡᠢᠭᠡᠮ᠎ᠤᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠦᠨᠳᠦᠰᠦᠲᠡᠨ᠎ᠤ ᠰᠤᠳᠤᠯᠭᠠᠨ᠎ᠤ ᠬᠦᠷᠢᠶᠡᠨ᠎ᠳᠠᠬᠢ ᠲᠤᠰᠭᠠᠶ ᠮᠡᠷᠭᠡᠵᠢᠯᠲᠡᠨ᠂ ᠦᠨᠳᠦᠰᠦᠲᠡᠨ᠎ᠤ ᠠᠵᠢᠯᠲᠠᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ ᠵᠡᠷᠭᠡ ᠬᠠᠮᠲᠤᠯᠢᠭ᠎ᠢ ᠤᠷᠢᠵᠤ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠤᠨ ᠲᠠᠢᠯᠤᠮᠵᠢ ᠬᠢᠬᠦ᠂ ᠰᠣᠯᠢᠯᠴᠠᠬᠤ ᠵᠡᠷᠭᠡ ᠠᠵᠢᠯᠯᠠᠭ᠎ᠠ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠤᠨ ᠬᠡᠯᠪᠡᠷᠢ᠎ᠶ᠋ᠢ ᠪᠠᠶᠠᠯᠢᠭ᠍ᠵᠢᠭᠤᠯᠤᠨ ᠪᠠᠬᠢᠵᠢᠭᠦᠯᠵᠦ᠍᠂ ᠰᠤᠷᠭᠠᠨ ᠬᠥᠮᠦᠵᠢᠯ᠎ᠤᠨ ᠨᠡᠢᠯᠡᠮᠡᠯ ᠬᠦᠴᠦᠨ᠎ᠢ ᠪᠦᠷᠢᠯᠳᠦᠭᠦᠯᠦᠨ᠎ᠡ᠃

  ᠰᠦᠯᠵᠢᠶᠡᠨ᠎ᠤ ᠣᠷᠣᠨ ᠵᠠᠶ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠮᠦᠨ ᠬᠥᠮᠦᠵᠢᠭᠦᠯᠬᠦ᠌ ᠵᠢᠭ᠍ᠰᠠᠭᠠᠯ᠎ᠤᠨ ᠭᠠᠵᠠᠷ᠎ᠢ ᠥᠷᠭᠡᠳᠭᠡᠨ᠎ᠡ᠃ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ ᠪᠠ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠤ ᠭᠠᠳᠠᠭᠤᠷᠬᠢ᠎ᠶᠢ ᠠᠭᠤᠰᠤᠯᠴᠠᠭᠤᠯᠤᠭ᠍ᠰᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠦᠯᠵᠢᠶᠡᠨ᠎ᠤ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠮᠦᠵᠢᠯ᠎ᠤᠨ ᠣᠨᠴᠠᠯᠢᠭ᠍ᠲᠤ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ᠂ ᠵᠠᠯᠠᠭᠤ ᠰᠤᠷᠤᠭ᠍ᠴᠢᠳ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠮᠰᠠᠷ᠂ ᠪᠣᠯᠪᠠᠰᠤᠨ᠎ᠤ ᠬᠡᠪ ᠪᠣᠯᠪᠠᠰᠤᠷᠠᠯ᠂ ᠦᠢᠯᠡ ᠠᠵᠢᠯᠯᠠᠭᠠᠨ᠎ᠤ ᠳᠠᠳᠭᠠᠯ ᠵᠡᠷᠭᠡ ᠬᠥᠮᠦᠵᠢᠯ᠎ᠢ ᠴᠢᠩᠭᠠᠳᠭᠠᠵᠤ᠂ ᠵᠠᠯᠠᠭᠤ ᠰᠤᠷᠤᠭ᠍ᠴᠢᠳ᠎ᠤᠨ ᠡᠷᠡᠭᠦᠯ᠎ᠢᠶᠠᠷ ᠦᠰᠦᠨ ᠪᠤᠢᠵᠢᠬᠤ᠎ᠳᠤ ᠠᠱᠢᠭ᠍ᠲᠠᠶ ᠰᠦᠯᠵᠢᠶᠡᠨ᠎ᠤ ᠣᠷᠣᠨ ᠵᠠᠶ ᠪᠠ ᠬᠥᠮᠦᠨ ᠬᠥᠮᠦᠵᠢᠭᠦᠯᠬᠦ᠌ ᠠᠮᠢ ᠠᠬᠤᠶ᠎ᠶ᠋ᠢ ᠪᠣᠶ ᠪᠣᠯᠭᠠᠨ᠎ᠠ᠃ 《ᠢᠨᠲ᠋ᠧᠷ ᠰᠦᠯᠵᠢᠶ᠎ᠡ + ᠦᠨᠳᠦᠰᠦᠲᠡᠨ᠎ᠤ ᠪᠦᠯᠬᠦᠮᠳᠡᠯ》 ᠎ᠤᠨ ᠠᠵᠢᠯ᠎ᠤᠨ ᠵᠠᠭ᠍ᠪᠤᠷ᠎ᠢ ᠪᠠᠢᠭᠤᠯᠵᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶ᠋ᠢ ᠪᠠᠬᠢᠵᠢᠭᠦᠯᠦᠨ ᠪᠤᠵᠠᠭᠠᠢᠷᠠᠭᠤᠯᠵᠤ᠂ ᠢᠨᠲ᠋ᠧᠷ ᠰᠦᠯᠵᠢᠶ᠎ᠡ᠎ᠶ᠋ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠬᠤ ᠬᠠᠮᠤᠭ᠎ᠤᠨ ᠶᠡᠭᠡ ᠨᠡᠮᠡᠭ᠌ᠳᠡᠯ ᠪᠣᠯᠭᠠᠨ᠎ᠠ᠃ ᠪᠠᠭ᠍ᠰᠢ ᠰᠤᠷᠤᠭ᠍ᠴᠢᠳ᠎ᠤᠨ ᠣᠬᠤᠷ ᠸᠢᠳᠢᠣ᠋᠂ ᠺᠠᠷᠲ᠋ᠣᠨ ᠵᠢᠷᠤᠭ ᠵᠡᠷᠭᠡ ᠰᠦᠯᠵᠢᠶᠡᠨ᠎ᠤ ᠰᠣᠶᠣᠯ᠎ᠤᠨ ᠪᠦᠲᠦᠭᠡᠭ᠌ᠳᠡᠬᠦᠨ᠎ᠢ ᠵᠣᠬᠢᠶᠠᠨ ᠪᠦᠲᠦᠭᠡᠬᠦ᠌᠎ᠶ᠋ᠢ ᠵᠣᠷᠢᠭ᠍ᠵᠢᠭᠤᠯᠵᠤ᠂ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠯᠢᠭᠡᠷ᠎ᠢ ᠰᠠᠢᠲᠤᠷ ᠶᠠᠷᠢᠬᠤ ᠬᠡᠷᠡᠭ᠌ᠲᠡᠢ᠃ ᠰᠤᠷᠭᠠᠭᠤᠯᠢ᠎ᠶ᠋ᠢᠨ ᠲᠡᠦᠬᠡ᠂ ᠬᠤᠪᠢᠰᠭᠠᠯ᠎ᠤᠨ ᠰᠣᠶᠣᠯ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠳ᠋ᠢᠬᠢᠲ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠬᠠᠮᠲᠤ᠎ᠪᠠᠷ ᠡᠳ᠋ᠯᠡᠬᠦ᠌ ᠲᠠᠪᠴᠠᠩ᠎ᠢ ᠪᠠᠢᠭᠤᠯᠤᠨ᠂ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠪᠡᠶᠡᠯᠡᠭᠦᠯᠦᠨ᠎ᠡ᠃ 《ᠡᠭᠦᠯᠡᠨ ᠵᠢᠭᠤᠯᠴᠢᠯᠠᠯ᠎ᠤᠨ ᠦᠨᠳᠦᠰᠦᠲᠡᠨ᠎ᠤ ᠭᠠᠵᠠᠷ ᠣᠷᠣᠨ》᠂ 《ᠡᠭᠦᠯᠡᠨ ᠰᠣᠶᠣᠯ᠎ᠤᠨ ᠨᠠᠢᠷ》 ᠵᠡᠷᠭᠡ ᠰᠦᠯᠵᠢᠶᠡᠨ ᠳᠡᠭᠡᠷᠡᠬᠢ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠣᠯᠠᠨ ᠦᠨᠳᠦᠰᠦᠲᠡᠨ ᠬᠠᠮᠲᠤ᠎ᠪᠠᠷ ᠰᠠᠭᠤᠷᠢᠱᠢᠭ᠍ᠰᠠᠨ ᠣᠯᠠᠨ ᠰᠣᠶᠣᠯ᠎ᠤᠨ ᠠᠭᠤᠰᠤᠯᠴᠠᠯ᠎ᠤᠨ ᠠᠮᠢᠳᠤᠯᠢᠭ ᠪᠠᠢᠳᠠᠯ᠎ᠢ ᠳᠡᠯᠭᠡᠨ ᠦᠵᠡᠭᠦᠯᠦᠨ᠎ᠡ᠃ ᠨᠡᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ᠎ᠤᠨ ᠲᠠᠪᠴᠠᠩ᠎ᠢ ᠠᠱᠢᠭ᠍ᠯᠠᠨ᠂ ᠰᠦᠯᠵᠢᠶᠡᠨ ᠳᠡᠭᠡᠷ᠎ᠡ ᠬᠠᠷᠢᠯᠴᠠᠨ ᠦᠢᠯᠡᠳᠦᠯᠴᠡᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ᠂ ᠦᠨᠳᠦᠰᠦᠲᠡᠨ᠎ᠨᠦᠭᠦᠳ᠎ᠤᠨ ᠪᠠᠭ᠍ᠰᠢ ᠰᠤᠷᠤᠭ᠍ᠴᠢᠳ᠎ᠢ ᠤᠷᠢᠵᠤ ᠠᠮᠢᠳᠤᠷᠠᠯ᠎ᠤᠨ ᠥᠩᠭᠡᠷᠡᠯᠲᠡ᠂ ᠰᠣᠶᠣᠯ᠎ᠤᠨ ᠵᠠᠩ ᠳᠠᠳᠭᠠᠯ᠎ᠢ ᠬᠤᠪᠢᠶᠠᠯᠴᠠᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ