ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠭᠠᠵᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠥᠷᠨᠢᠭᠦᠯᠬᠦ ᠬᠤᠷᠠᠯ ᠬᠤᠷᠠᠯᠳᠤᠭᠤᠯᠪᠠ
2025-03-17

  3 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠭᠠᠵᠠᠷ᠎ᠢ ᠵᠣᠬᠢᠶᠠᠨ ᠪᠠᠶ᠋ᠢᠭᠤᠯᠵᠤ ᠲᠢᠩᠬᠢᠮ᠎ᠤᠨ ᠠᠬᠠᠮᠠᠳ ᠺᠠᠳ᠋ᠷᠴᠤᠳ᠎ᠢ ᠵᠣᠬᠢᠶᠠᠨ ᠪᠠᠶ᠋ᠢᠭᠤᠯᠵᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢᠨ ᠬᠤᠷᠠᠯ᠎ᠢ ᠭᠦᠨᠵᠡᠭᠡᠢ ᠥᠷᠨᠢᠭᠦᠯᠵᠦ᠂ 2025 ᠣᠨ᠎ᠤ ᠠᠬᠠᠮᠠᠳ ᠺᠠᠳ᠋ᠷᠴᠤᠳ᠎ᠤᠨ ᠠᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃

   ᠬᠤᠷᠠᠯ ᠳᠡᠭᠡᠷ᠎ᠡ᠂ ᠲᠢᠩᠬᠢᠮ᠎ᠤᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠭᠠᠵᠠᠷ᠎ᠤᠨ ᠬᠠᠷᠢᠭᠤᠴᠠᠯᠭ᠋ᠠᠲᠠᠨ ᠠᠬᠠᠮᠠᠳ ᠺᠠᠳ᠋ᠷᠴᠤᠳ᠎ᠢ ᠳᠠᠭ᠋ᠠᠭᠤᠯᠤᠨ ᠦᠭᠡ ᠥᠭᠦᠯᠡᠪᠦᠷᠢ ᠦᠭᠡ ᠥᠭᠦᠯᠡᠪᠦᠷᠢ ᠳᠠᠷᠠᠭ᠋ᠠᠯᠠᠨ ᠪᠥᠬᠦ ᠲᠠᠯ᠎ᠠ᠎ᠪᠠᠷ ᠰᠤᠳᠤᠯᠤᠨ ᠤᠩᠰᠢᠵᠤ᠂ ᠪᠥᠬᠦ ᠣᠷᠣᠨ᠎ᠤ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ᠎ᠤᠨ ᠳᠤᠮᠳᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠵᠢᠨ ᠮᠡᠳᠡᠭᠳᠡᠯ》᠎ᠢ ᠰᠤᠳᠤᠯᠤᠨ ᠤᠩᠰᠢᠭᠰᠠᠨ ᠪᠥᠭᠡᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠬᠡᠷᠬᠢᠨ ᠭᠦᠨᠵᠡᠭᠡᠶ ᠥᠷᠨᠢᠭᠦᠯᠬᠦ ᠲᠤᠬᠠᠶ ᠠᠬᠠᠮᠠᠳ ᠺᠠᠳ᠋ᠷᠴᠤᠳ᠎ᠲᠠᠢ ᠶᠠᠷᠢᠯᠴᠠᠪᠠ᠃

   ᠬᠤᠷᠠᠯ᠎ᠠᠴᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠬᠠᠮᠠᠳ ᠺᠠᠳ᠋ᠷᠴᠤᠳ᠎ᠤᠨ ᠪᠡᠶ᠎ᠡ ᠮᠠᠬᠠᠪᠣᠳ᠎ᠤᠨ ᠪᠠᠶ᠋ᠢᠳᠠᠯ᠂ ᠠᠮᠢᠳᠤᠷᠠᠯ᠎ᠤᠨ ᠪᠠᠶ᠋ᠢᠳᠠᠯ᠂ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠪᠣᠳᠠᠲᠠᠶ᠎ᠳᠤ ᠨᠡᠶ᠋ᠢᠴᠡᠬᠦ᠂ ᠭᠤᠤᠯᠳᠠᠯᠭ᠎ᠠ ᠵᠢ ᠳᠣᠪᠤᠶ᠋ᠢᠯᠭ᠋ᠠᠬᠤ᠂ ᠪᠦᠲᠦᠮᠵᠢᠲᠡᠶ ᠤᠶᠠᠯᠳᠤᠭᠤᠯᠬᠤ᠂ ᠦᠢ᠍ᠯᠡᠳᠦᠯ ᠵᠶ᠋ᠠᠨ ᠪᠠᠳᠠᠷᠠᠭᠤᠯᠬᠤ ᠱᠠᠭ᠋ᠠᠷᠳᠠᠯᠭ᠎ᠠ ᠶᠣᠰᠣᠭ᠋ᠠᠷ ᠲᠣᠰ ᠤᠳᠠᠭ᠋ᠠᠨ᠎ᠤ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ 《ᠨᠢᠭᠡᠳᠦᠭᠡᠷ ᠵᠥᠪᠯᠡᠬᠦ ᠰᠡᠳᠦᠪ》᠎ᠢ  ᠨᠠᠶ᠋ᠢᠳᠠᠪᠤᠷᠢᠵᠢᠭᠤᠯᠬᠤ᠂ ᠨᠣᠮ ᠪᠢᠴᠢᠭ ᠵᠠᠬᠢᠶᠠᠯᠠᠬᠤ᠂ ᠲᠣᠭᠤᠷᠢᠨ ᠦᠵᠡᠵᠦ ᠰᠤᠷᠤᠯᠴᠠᠬᠤ ᠵᠡᠷᠭᠡ ᠣᠯᠠᠨ ᠶᠠᠩᠵᠤ ᠵᠢᠨ ᠠᠮᠢᠳᠤᠯᠢᠭ ᠠᠷᠭ᠎ᠠ ᠮᠠᠶᠢᠭ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠦᠨᠡᠨ ᠪᠣᠳᠠᠲᠠᠶ ᠪᠥᠭᠡᠳ ᠣᠶ᠋ᠢᠯᠠᠭ᠋ᠠᠮᠵᠢᠲᠠᠶ ᠪᠦᠲᠦᠮᠵᠢᠲᠡᠶ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

   ᠬᠤᠷᠠᠯ᠎ᠠᠴᠠ᠂ ᠠᠬᠠᠮᠠᠳ ᠺᠠᠳ᠋ᠷᠴᠤᠳ᠎ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶ᠋ᠢᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠠᠬᠢᠵᠢᠭᠦᠯᠦᠨ ᠬᠥᠭᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ ᠭᠡᠳᠡᠭ᠎ᠢ ᠭᠦᠨᠵᠡᠭᠡᠢ ᠲᠠᠨᠢᠭᠤᠯᠬᠤ ᠬᠡᠷᠡᠭᠲᠡᠢ᠃ ᠲᠢᠩᠬᠢᠮ᠎ᠤᠨ ᠠᠬᠠᠮᠠᠳ ᠺᠠᠳ᠋ᠷᠴᠤᠳ 《ᠬᠤᠶᠠᠷ᠎ᠢ ᠲᠣᠭᠲᠠᠭ᠋ᠠᠬᠤ》 ᠵᠢ ᠤᠬᠠᠮᠰᠠᠷ᠎ᠠᠴᠠ᠎ᠪᠠᠨ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠨ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ