ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠣᠯᠣᠰ᠎ᠤᠨ ᠣᠯᠣᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠥᠯᠢ
2025-05-12

  (2000 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠶᠢᠰᠦᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠨ ᠨᠠᠢ᠍ᠮᠠᠳᠤᠭ᠋ᠠᠷ ᠬᠤᠷᠠᠯᠳᠤᠭ᠋ᠠᠨ᠎ᠠᠴᠠ ᠪᠠᠲᠤᠯᠠᠪᠠ)

   ᠭᠠᠷᠴᠠᠭ

   ᠨᠢᠭᠡᠳᠦᠭᠡᠷ ᠪᠦᠯᠦᠭ   ᠶᠡᠷᠦᠩᠬᠡᠢ ᠳᠦᠷᠢᠮ

   ᠬᠣᠶᠠᠳᠤᠭ᠋ᠠᠷ ᠪᠦᠯᠦᠭ   ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ

   ᠭᠤᠷᠪᠠᠳᠤᠭ᠋ᠠᠷ ᠪᠦᠯᠦᠭ   ᠬᠠᠮᠢᠶᠠᠷᠤᠯᠲᠠ ᠪᠠ ᠬᠢᠨᠠᠯᠲᠠ ᠲᠠᠯᠪᠢᠯᠲᠠ

   ᠳᠥᠷᠪᠡᠳᠦᠭᠡᠷ ᠪᠦᠯᠦᠭ   ᠳᠠᠭ᠋ᠠᠯᠳᠤᠭᠤᠯᠤᠯ ᠳᠦᠷᠢᠮ

   ᠨᠢᠭᠡᠳᠦᠭᠡᠷ ᠪᠦᠯᠦᠭ   ᠶᠡᠷᠦᠩᠬᠡᠢ ᠳᠦᠷᠢᠮ

   ᠨᠢᠭᠡᠳᠦᠭᠡᠷ ᠵᠤᠷᠪᠤᠰ   ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠭᠰᠠᠨ᠂ ᠪᠠᠷᠢᠮᠵᠢᠶᠠᠵᠢᠯᠲᠠ ᠵᠢᠴᠢ ᠲᠡᠭᠦᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠡᠶ᠋ᠢᠭᠡᠮ᠎ᠤᠨ ᠠᠮᠢᠳᠤᠷᠠᠯ ᠳᠤᠮᠳᠠ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ᠎ᠤ ᠠᠵᠤ ᠠᠬᠤᠢ ᠰᠣᠶᠣᠯ᠎ᠤᠨ ᠰᠣᠯᠢᠯᠴᠠᠭ᠎ᠠ ᠵᠢ ᠠᠬᠢᠭᠤᠯᠬᠤ ᠵᠢᠨ ᠲᠥᠯᠥᠭᠡ᠂ ᠦᠨᠳᠦᠰᠦᠨ ᠬᠠᠤᠯᠢ ᠵᠢ ᠦᠨᠳᠦᠰᠦᠯᠡᠨ ᠲᠤᠰ ᠬᠠᠤᠯᠢ ᠵᠢ ᠲᠣᠭᠲᠠᠭ᠋ᠠᠪᠠ᠃

   ᠬᠣᠶᠠᠳᠤᠭ᠋ᠠᠷ ᠵᠤᠷᠪᠤᠰ   ᠲᠤᠰ ᠬᠠᠤᠯᠢ᠎ᠳᠤ ᠬᠡᠯᠡᠵᠦ ᠪᠠᠶ᠋ᠢᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠨᠡᠶ᠋ᠢᠲᠡᠯᠢᠭ ᠬᠡᠯᠡ ᠪᠠ ᠳᠦᠷᠢᠮᠵᠢᠭᠦᠯᠦᠭᠰᠡᠨ ᠬᠢᠲᠠᠳ ᠦᠰᠦᠭ ᠮᠥᠨ᠃

   ᠭᠤᠷᠪᠠᠳᠤᠭ᠋ᠠᠷ ᠵᠤᠷᠪᠤᠰ   ᠤᠯᠤᠰ᠎ᠠᠴᠠ ᠨᠡᠶ᠋ᠢᠲᠡᠯᠢᠭ ᠬᠡᠯᠡ ᠵᠢ ᠳᠡᠯᠭᠡᠷᠡᠭᠦᠯᠦᠨ᠂ ᠵᠢᠷᠤᠮᠵᠢᠭᠰᠠᠨ ᠬᠢᠲᠠᠳ ᠦᠰᠦᠭ᠎ᠢ ᠬᠡᠷᠡᠭᠵᠢᠭᠦᠯᠦᠨ᠎ᠡ᠃

   ᠳᠥᠷᠪᠡᠳᠦᠭᠡᠷ ᠵᠤᠷᠪᠤᠰ   ᠠᠷᠠᠳ ᠢᠷᠭᠡᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠬᠦ ᠡᠷᠬᠡ᠎ᠲᠠᠢ᠃

   ᠤᠯᠤᠰ᠎ᠠᠴᠠ ᠠᠷᠠᠳ ᠢᠷᠭᠡᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠬᠦ᠎ᠳᠤ ᠨᠥᠬᠥᠴᠡᠯ ᠬᠠᠩᠭ᠋ᠠᠨ᠎ᠠ᠃

   ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠶ᠋ᠢᠲᠡᠯᠢᠭ ᠬᠡᠯᠡ ᠵᠢ ᠳᠡᠯᠭᠡᠷᠡᠭᠦᠯᠦᠨ᠂ ᠵᠢᠷᠤᠮᠵᠢᠭᠰᠠᠨ ᠬᠢᠲᠠᠳ ᠦᠰᠦᠭ᠎ᠢ ᠬᠡᠷᠡᠭᠵᠢᠭᠦᠯᠬᠦ ᠬᠡᠷᠡᠭᠲᠡᠶ᠃

   ᠲᠠᠪᠤᠳᠤᠭ᠋ᠠᠷ ᠵᠤᠷᠪᠤᠰ   ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ᠎ᠨᠢ ᠤᠯᠤᠰ᠎ᠤᠨ ᠡᠷᠬᠡ ᠮᠡᠳᠡᠯ ᠪᠠ ᠦᠨᠳᠦᠰᠦᠲᠡᠨ᠎ᠤ ᠨᠡᠷ᠎ᠡ ᠬᠦᠨᠳᠦ ᠵᠢ ᠬᠠᠮᠠᠭ᠋ᠠᠯᠠᠬᠤ᠎ᠳᠤ ᠠᠰᠢᠭᠲᠠᠢ᠂ ᠤᠯᠤᠰ᠎ᠤᠨ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠳᠤ ᠠᠰᠢᠭᠲᠠᠢ᠂ ᠨᠡᠶ᠋ᠢᠭᠡᠮ ᠵᠢᠷᠤᠮ᠎ᠤᠨ ᠪᠣᠳᠠᠰ᠎ᠤᠨ ᠪᠣᠯᠪᠠᠰᠤᠨ᠎ᠤ ᠪᠠᠶ᠋ᠢᠭᠤᠯᠤᠯᠲᠠ ᠪᠠ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ᠎ᠳᠤ ᠠᠰᠢᠭᠲᠠᠢ ᠪᠠᠶ᠋ᠢᠬᠤ ᠬᠡᠷᠡᠭᠲᠡᠢ᠃

   ᠵᠢᠷᠭᠤᠳᠤᠭ᠋ᠠᠷ ᠵᠤᠷᠪᠤᠰ   ᠤᠯᠤᠰ᠎ᠠᠴᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠨᠡᠶ᠋ᠢᠲᠡᠯᠡᠬᠦ ᠵᠢᠷᠤᠮᠵᠢᠯ ᠪᠣᠯᠤᠨ ᠪᠠᠷᠢᠮᠵᠢᠶ᠎ᠠ᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠨᠡᠶ᠋ᠢᠭᠡᠮ᠎ᠤᠨ ᠬᠡᠷᠡᠭᠯᠡᠯᠲᠡ ᠵᠢ ᠬᠠᠮᠢᠶᠠᠷᠴᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭ᠋ᠠᠨ ᠰᠤᠷᠭ᠋ᠠᠯᠲᠠ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠳᠡᠮᠵᠢᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ᠂ ᠡᠯᠪᠡᠭ ᠪᠠᠶᠠᠯᠢᠭ ᠪᠠ ᠬᠥᠭᠵᠢᠯᠲᠡ ᠵᠢ ᠠᠬᠢᠭᠤᠯᠤᠨ᠎ᠠ᠃

   ᠳᠣᠯᠣᠳᠤᠭ᠋ᠠᠷ ᠵᠤᠷᠪᠤᠰ   ᠤᠯᠤᠰ᠎ᠠᠴᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠦᠢ᠍ᠯᠡᠰ᠎ᠲᠤ ᠲᠤᠪᠤᠶ᠋ᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠱᠠᠩᠨᠠᠨ᠎ᠠ᠃

   ᠨᠠᠢ᠍ᠮᠠᠳᠤᠭ᠋ᠠᠷ ᠵᠤᠷᠪᠤᠰ   ᠦᠨᠳᠦᠰᠦᠲᠡᠨ᠎ᠨᠦᠭᠦᠳ ᠴᠥᠮ ᠥᠪᠡᠷ᠎ᠤᠨ ᠦᠭᠡ ᠬᠡᠯᠡ ᠦᠰᠦᠭ ᠪᠢᠴᠢᠭ ᠵᠶ᠋ᠠᠨ ᠬᠡᠷᠡᠭᠯᠡᠵᠦ ᠬᠥᠭᠵᠢᠭᠦᠯᠬᠦ ᠡᠷᠬᠡ ᠴᠢᠯᠥᠭᠡ᠎ᠲᠠᠢ᠃

   ᠴᠦᠬᠡᠨ ᠲᠤᠭ᠋ᠠᠲᠦ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠦᠨᠳᠦᠰᠦᠨ ᠬᠠᠤᠯᠢ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠪᠣᠯᠤᠨ ᠪᠤᠰᠤᠳ ᠬᠠᠤᠯᠢ ᠲᠣᠭᠲᠠᠭ᠋ᠠᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠎ᠡ᠃

   ᠬᠣᠶᠠᠳᠤᠭ᠋ᠠᠷ ᠪᠦᠯᠦᠭ   ᠤᠯᠤᠰ᠎ᠤᠨ ᠨᠡᠢ᠌ᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ

   ᠶᠢᠰᠦᠳᠦᠭᠡᠷ ᠵᠤᠷᠪᠤᠰ   ᠲᠥᠷᠥ ᠵᠢᠨ ᠪᠠᠢ᠌ᠭᠤᠯᠭ᠎ᠠ ᠨᠡᠶ᠋ᠢᠲᠡᠯᠢᠭ ᠬᠡᠯᠡ ᠪᠠ ᠳᠦᠷᠢᠮᠵᠢᠭᠦᠯᠦᠭᠰᠡᠨ ᠬᠢᠲᠠᠳ ᠦᠰᠦᠭ ᠵᠶ᠋ᠠᠷ ᠠᠯᠪᠠᠨ ᠶᠠᠪᠤᠳᠠᠯ᠎ᠤᠨ ᠬᠡᠷᠡᠭᠯᠡᠭᠡᠨ᠎ᠤ ᠦᠭᠡ ᠦᠰᠦᠭ ᠪᠣᠯᠭ᠋ᠠᠨ᠎ᠠ᠃ ᠬᠠᠤᠯᠢ᠎ᠳᠤ ᠥᠭᠡᠷ᠎ᠡ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃

   ᠠᠷᠪᠠᠳᠤᠭ᠋ᠠᠷ ᠵᠤᠷᠪᠤᠰ   ᠰᠤᠷᠭ᠋ᠠᠭᠤᠯᠢ ᠪᠠ ᠪᠤᠰᠤᠳ ᠰᠤᠷᠭ᠋ᠠᠨ ᠬᠦᠮᠦᠵᠢᠯ᠎ᠤᠨ ᠪᠠᠶ᠋ᠢᠭᠤᠯᠤᠮᠵᠢ ᠨᠡᠶ᠋ᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠵᠶ᠋ᠠᠷ ᠦᠨᠳᠦᠰᠦᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠯᠲᠠ᠎ᠳᠤ ᠬᠡᠷᠡᠭᠯᠡᠬᠦ ᠦᠭᠡ ᠬᠡᠯᠡ ᠪᠠ ᠦᠰᠦᠭ ᠪᠢᠴᠢᠭ ᠪᠤᠯᠭ᠋ᠠᠨ᠎ᠠ᠃ ᠬᠠᠤᠯᠢ᠎ᠳᠤ ᠥᠭᠡᠷ᠎ᠡ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃

   ᠰᠤᠷᠭ᠋ᠠᠭᠤᠯᠢ ᠪᠣᠯᠣᠨ ᠪᠤᠰᠤᠳ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠬᠢᠲᠠᠳ ᠬᠡᠯᠡᠨ᠎ᠤ ᠬᠢᠴᠢᠶᠡᠯ ᠵᠢᠭ᠋ᠠᠯᠲᠠ᠎ᠪᠠᠷ ᠳᠠᠮᠵᠢᠨ ᠬᠢᠲᠠᠳ ᠦᠰᠦᠭ᠎ᠢ ᠳᠦᠷᠢᠮᠵᠢᠭᠦᠯᠦᠨ᠎ᠡ᠃ ᠬᠡᠷᠡᠭᠯᠡᠬᠦ ᠬᠢᠲᠠᠳ ᠬᠡᠯᠡᠨ᠎ᠤ ᠵᠢᠭ᠋ᠠᠬᠤ ᠮᠠᠲ᠋ᠧᠷᠢᠶᠠᠯ᠎ᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ᠎ᠳᠤ ᠨᠡᠶ᠋ᠢᠴᠡᠭᠦᠯᠬᠦ ᠬᠡᠷᠡᠭᠲᠡᠶ᠃

   ᠠᠷᠪᠠᠨ ᠨᠢᠭᠡᠳᠦᠭᠡᠷ ᠵᠤᠷᠪᠤᠰ   ᠬᠢᠲᠠᠳ ᠬᠡᠯᠡᠨ᠎ᠤ ᠬᠡᠪᠯᠡᠭᠳᠡᠬᠦᠨ᠎ᠨᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

   ᠬᠢᠲᠠᠳ ᠬᠡᠯᠡᠨ᠎ᠤ ᠬᠡᠪᠯᠡᠯ᠎ᠤᠨ ᠵᠦᠢ᠍ᠯ᠎ᠳᠤ ᠭᠠᠳᠠᠭ᠋ᠠᠳᠤ ᠤᠯᠤᠰ᠎ᠤᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠬᠤᠯᠠ᠎ᠲᠠᠢ ᠪᠣᠯ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠴᠢᠬᠤᠯᠠ ᠪᠦᠬᠦᠢ ᠲᠠᠶ᠋ᠢᠯᠪᠤᠷᠢ ᠬᠢᠬᠦ ᠬᠡᠷᠡᠭᠲᠡᠶ᠃

   ᠠᠷᠪᠠᠨ ᠬᠣᠶᠠᠳᠤᠭ᠋ᠠᠷ ᠵᠤᠷᠪᠤᠰ   ᠷᠠᠳᠢᠣ᠋ ᠲᠸᠯᠸᠢᠰ ᠬᠣᠷᠢᠶ᠎ᠠ᠂ ᠲᠸᠯᠸᠢᠰ ᠬᠣᠷᠢᠶ᠎ᠠ᠎ᠨᠢ ᠨᠡᠶ᠋ᠢᠲᠡᠯᠢᠭ ᠬᠡᠯᠡ᠎ᠪᠠᠷ ᠦᠨᠳᠦᠰᠦᠨ ᠨᠡᠪᠲᠡᠷᠡᠭᠦᠯᠭᠡ ᠬᠢᠬᠦ᠎ᠳᠤ ᠬᠡᠷᠡᠭᠯᠡᠬᠦ ᠦᠭᠡ ᠪᠠᠶ᠋ᠢᠳᠠᠭ᠃

   ᠭᠠᠳᠠᠭ᠋ᠠᠳᠤ ᠤᠯᠤᠰ᠎ᠤᠨ ᠬᠡᠯᠡ ᠵᠢ ᠨᠡᠪᠲᠡᠷᠡᠭᠦᠯᠭᠡ ᠵᠢᠨ ᠬᠡᠷᠡᠭᠯᠡᠭᠡᠨ᠎ᠤ ᠬᠡᠯᠡ ᠪᠣᠯᠭ᠋ᠠᠨ ᠬᠡᠷᠡᠭᠯᠡᠬᠦ ᠴᠢᠬᠤᠯᠠᠲᠠᠢ ᠪᠠᠢ᠌ᠪᠠᠯ᠂ ᠡᠷᠬᠡᠪᠰᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠷᠠᠳᠢᠣ᠋ ᠨᠡᠪᠲᠡᠷᠡᠭᠦᠯᠭᠡ ᠲᠧᠯᠸᠢᠰ᠎ᠤᠨ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠬᠦ ᠬᠡᠷᠡᠭᠲᠡᠢ᠃

   ᠠᠷᠪᠠᠨ ᠭᠤᠷᠪᠠᠳᠤᠭ᠋ᠠᠷ ᠵᠤᠷᠪᠤᠰ   ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠨᠢ ᠬᠢᠲᠠᠳ ᠦᠰᠦᠭ᠎ᠢ ᠵᠢᠷᠤᠮᠵᠢᠭᠤᠯᠬᠤ᠎ᠪᠠᠷ ᠦᠨᠳᠦᠰᠦᠨ ᠦᠢ᠍ᠯᠡᠴᠢᠯᠡᠭᠡᠨ᠎ᠤ ᠦᠰᠦᠭ ᠪᠣᠯᠭ᠋ᠠᠨ᠎ᠠ᠃ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ᠎ᠠᠴᠠ ᠪᠣᠯᠵᠤ᠂ ᠫᠠᠶ᠋ᠢᠰᠠ ᠲᠡᠮᠳᠡᠭ᠂ ᠵᠠᠷ ᠮᠡᠳᠡᠭᠡ᠂ ᠲᠡᠮᠳᠡᠭ ᠫᠠᠶ᠋ᠢᠰᠠ ᠵᠡᠷᠭᠡ ᠭᠠᠳᠠᠭ᠋ᠠᠳᠤ ᠤᠯᠤᠰ᠎ᠤᠨ ᠦᠰᠦᠭ ᠪᠢᠴᠢᠭ᠎ᠢ ᠬᠡᠷᠡᠭᠯᠡᠬᠦ ᠵᠢᠨ ᠬᠠᠮᠲᠤ ᠬᠢᠲᠠᠳ ᠦᠰᠦᠭ᠎ᠢ ᠬᠠᠮᠲᠤ᠎ᠳᠤᠨᠢ ᠬᠡᠷᠡᠭᠯᠡᠭᠰᠡᠨ ᠪᠠᠶ᠋ᠢᠪᠠᠯ᠂ ᠵᠢᠷᠤᠮᠵᠢᠭᠰᠠᠨ ᠬᠢᠲᠠᠳ ᠦᠰᠦᠭ ᠬᠡᠷᠡᠭᠯᠡᠬᠦ ᠬᠡᠷᠡᠭᠲᠡᠶ᠃

   ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ ᠲᠥᠷᠥᠯ ᠨᠡᠶ᠋ᠢᠲᠡᠯᠢᠭ ᠦᠭᠡ᠎ᠪᠠᠷ ᠦᠢ᠍ᠯᠡᠴᠢᠯᠡᠭᠡᠨ᠎ᠤ ᠬᠡᠯᠡ ᠪᠣᠯᠭ᠋ᠠᠬᠤ ᠵᠢ ᠰᠠᠨᠠᠭ᠋ᠠᠴᠢᠯᠠᠨ᠎ᠠ᠃

   ᠠᠷᠪᠠᠨ ᠳᠥᠷᠪᠡᠳᠦᠭᠡᠷ ᠵᠤᠷᠪᠤᠰ   ᠳᠣᠣᠷᠠᠬᠢ ᠪᠠᠶ᠋ᠢᠳᠠᠯ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠦᠨᠳᠦᠰᠦᠨ ᠦᠭᠡ ᠬᠡᠯᠡ ᠦᠰᠦᠭ ᠪᠢᠴᠢᠭ ᠵᠶ᠋ᠠᠷ ᠦᠨᠳᠦᠰᠦᠯᠡᠯ ᠪᠣᠯᠭ᠋ᠠᠬᠤ ᠬᠡᠷᠡᠭᠲᠡᠶ᠄

  (ᠨᠢᠭᠡ) ᠷᠠᠳᠢᠣ᠋ ᠨᠡᠪᠲᠡᠷᠡᠭᠦᠯᠭᠡ᠂ ᠺᠢᠨᠣ᠋᠂ ᠲᠧᠯᠸᠢᠰ ᠳᠡᠭᠡᠷ᠎ᠡ ᠬᠡᠷᠡᠭᠯᠡᠬᠦ ᠦᠰᠦᠭ;

  (ᠬᠤᠶᠠᠷ) ᠣᠯᠠᠨ ᠨᠡᠶ᠋ᠢᠲᠡ ᠵᠢᠨ ᠲᠠᠯᠠᠪᠤᠷ᠎ᠤᠨ ᠲᠥᠬᠥᠭᠡᠷᠦᠮᠵᠢ ᠦᠰᠦᠭ;

  (ᠭᠤᠷᠪᠠ) ᠬᠤᠳᠠᠯᠳᠤᠭ᠋ᠠᠨ᠎ᠤ ᠫᠠᠢ᠌ᠰᠠ᠂ ᠵᠠᠷ ᠮᠡᠳᠡᠭᠡᠨ᠎ᠤ ᠦᠰᠦᠭ;

  (ᠲᠦᠷᠪᠡ) ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠨᠡᠷ᠎ᠡ;

  (ᠲᠠᠪᠤ) ᠬᠢᠯᠢ ᠵᠢᠨ ᠳᠣᠲᠣᠷ᠎ᠠ ᠪᠣᠷᠣᠯᠠᠭᠤᠯᠬᠤ ᠲᠠᠸᠠᠷ᠎ᠤᠨ ᠪᠣᠭᠣᠳᠠᠯ᠂ ᠲᠣᠳᠣᠷᠬᠠᠶ᠋ᠢᠯᠠᠯᠲᠠ᠃

   ᠠᠷᠪᠠᠨ ᠲᠠᠪᠤᠳᠤᠭ᠋ᠠᠷ ᠵᠤᠷᠪᠤᠰ   ᠮᠡᠳᠡᠭᠡ ᠵᠠᠩᠭᠢ ᠰᠢᠢ᠍ᠳᠪᠦᠷᠢᠯᠡᠬᠦ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠳᠬᠦᠨ᠎ᠤ ᠳᠣᠲᠣᠷ᠎ᠠ ᠬᠡᠷᠡᠭᠯᠡᠵᠦ ᠪᠠᠶ᠋ᠢᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠤᠯᠤᠰ᠎ᠤᠨ ᠵᠢᠷᠤᠮᠵᠢᠯ ᠪᠠ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

   ᠠᠷᠪᠠᠨ ᠵᠢᠷᠭᠤᠳᠤᠭ᠋ᠠᠷ ᠵᠤᠷᠪᠤᠰ   ᠲᠤᠰ ᠪᠦᠯᠦᠭ᠎ᠤᠨ ᠬᠤᠯᠪᠤᠭᠳᠠᠯ ᠪᠦᠬᠦᠢ ᠲᠤᠭᠳᠠᠭ᠋ᠠᠯ᠎ᠳᠤ ᠲᠤᠤᠷᠠᠬᠢ ᠪᠠᠶ᠋ᠢᠳᠠᠯ᠎ᠲᠠᠢ ᠪᠠᠶ᠋ᠢᠪᠠᠯ᠂ ᠨᠤᠳᠤᠭ᠎ᠤᠨ ᠠᠶᠠᠯᠭᠤ ᠵᠢ ᠬᠡᠷᠡᠭᠯᠡᠵᠦ ᠪᠤᠯᠤᠨ᠎ᠠ᠄

  (ᠨᠢᠭᠡ) ᠲᠥᠷᠥ ᠵᠢᠨ ᠪᠠᠢ᠌ᠭᠤᠯᠭ᠎ᠠ ᠵᠢᠨ ᠠᠵᠢᠯᠲᠠᠨ ᠠᠯᠪᠠᠨ ᠠᠵᠢᠯ ᠵᠶ᠋ᠠᠨ ᠭᠦᠢ᠍ᠴᠡᠳᠬᠡᠬᠦ᠎ᠳᠤ ᠦᠨᠡᠬᠡᠷ ᠬᠡᠷᠡᠭᠯᠡᠬᠦ ᠴᠢᠬᠤᠯᠠ᠎ᠲᠠᠢ;

  (ᠬᠤᠶᠠᠷ) ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠷᠠᠳᠢᠤ᠋ ᠲᠧᠯᠸᠢᠰ᠎ᠤᠨ ᠰᠠᠯᠠᠭ᠎ᠠ ᠮᠦᠴᠢᠷ ᠪᠤᠶᠤ ᠮᠤᠵᠢ ᠵᠢᠨ ᠲᠡᠰ᠎ᠤᠨ ᠷᠠᠳᠢᠤ᠋ ᠲᠧᠯᠸᠢᠰ᠎ᠤᠨ ᠰᠠᠯᠠᠭ᠎ᠠ ᠮᠦᠴᠢᠷ ᠵᠶ᠋ᠠᠷ ᠵᠦᠪᠰᠢᠶᠡᠷᠡᠭᠦᠯᠦᠭᠰᠡᠨ ᠨᠡᠪᠳᠡᠷᠡᠭᠦᠯᠭᠡ᠎ᠳᠤ ᠬᠡᠷᠡᠭᠯᠡᠬᠦ ᠴᠢᠬᠤᠯᠠ᠎ᠲᠠᠢ;

  (ᠭᠤᠷᠪᠠ) ᠰᠢ ᠵᠦᠴᠦᠭᠡ᠂ ᠺᠢᠨᠣ᠋ ᠲᠧᠯᠸᠢᠰ ᠵᠡᠷᠭᠡ ᠤᠷᠠᠯᠢᠭ᠎ᠤᠨ ᠬᠡᠯᠪᠡᠷᠢ᠎ᠳᠤ ᠬᠡᠷᠡᠭᠯᠡᠬᠦ ᠴᠢᠬᠤᠯᠠ᠎ᠲᠠᠢ;

  (ᠲᠦᠷᠪᠡ) ᠬᠡᠪᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ᠎ᠤ ᠶᠠᠪᠤᠴᠠ᠎ᠳᠤ ᠦᠨᠡᠬᠡᠷ ᠬᠡᠷᠡᠭᠯᠡᠬᠦ ᠴᠢᠬᠤᠯᠠ᠎ᠲᠠᠢ ᠦᠶ᠎ᠡ᠃

   ᠠᠷᠪᠠᠨ ᠳᠣᠯᠣᠳᠤᠭ᠋ᠠᠷ ᠵᠤᠷᠪᠤᠰ   ᠲᠤᠰ ᠪᠦᠯᠦᠭ᠎ᠲᠠᠬᠢ ᠬᠣᠯᠪᠣᠭᠳᠠᠯ ᠪᠦᠬᠦᠢ ᠲᠣᠭᠲᠠᠭ᠋ᠠᠯ᠎ᠳᠤ ᠳᠣᠣᠷᠠᠬᠢ ᠮᠡᠲᠦ ᠪᠠᠶ᠋ᠢᠳᠠᠯ ᠪᠠᠶ᠋ᠢᠪᠠᠯ᠂ ᠬᠠᠭᠤᠴᠢᠨ ᠪᠢᠴᠢᠯᠭᠡ᠂ ᠥᠭᠡᠷ᠎ᠡ ᠲᠢᠭ᠎ᠤᠨ ᠦᠰᠦᠭ᠎ᠢ ᠦᠯᠡᠳᠡᠭᠡᠬᠦ ᠪᠤᠶᠤ ᠬᠡᠷᠡᠭᠯᠡᠵᠦ ᠪᠣᠯᠤᠨ᠎ᠠ᠄

  (ᠨᠢᠭᠡ) ᠲᠡᠦᠬᠡ ᠵᠢᠨ ᠳᠤᠷᠠᠰᠬᠠᠯᠲᠤ ᠵᠦᠢ᠍ᠯ;

  (ᠬᠤᠶᠠᠷ) ᠣᠪᠣᠭ᠎ᠤᠨ ᠳᠣᠲᠣᠷᠠᠬᠢ ᠥᠭᠡᠷ᠎ᠡ ᠪᠢᠴᠢᠯᠭᠡᠲᠡᠢ ᠦᠰᠦᠭ;

  (ᠭᠤᠷᠪᠠ) ᠤᠷᠠᠨ ᠪᠢᠴᠢᠯᠭᠡ᠂ ᠲᠠᠮᠠᠭ᠎ᠠ ᠰᠡᠢ᠌ᠯᠬᠦ ᠵᠡᠷᠭᠡ ᠤᠷᠠᠯᠢᠭ᠎ᠤᠨ ᠪᠦᠲᠦᠭᠡᠯ;

  (ᠲᠦᠷᠪᠡ) ᠪᠢᠴᠢᠭᠡᠰᠦ ᠪᠠ ᠬᠤᠳᠠᠯᠳᠤᠭ᠋ᠠᠨ᠎ᠤ ᠫᠠᠢ᠌ᠰᠠ ᠵᠢᠨ ᠭᠠᠷ ᠪᠢᠴᠢᠮᠡᠯ᠎ᠤᠨ ᠦᠰᠦᠭ;

  (ᠲᠠᠪᠤ) ᠬᠡᠪᠯᠡᠯ᠂ ᠵᠢᠭ᠋ᠠᠨ ᠰᠤᠷᠭ᠋ᠠᠯᠲᠠ᠂ ᠰᠤᠳᠤᠯᠭ᠋ᠠᠨ᠎ᠤ ᠳᠤᠮᠳᠠ ᠬᠡᠷᠡᠭᠯᠡᠬᠦ ᠴᠢᠬᠤᠯᠠᠲᠠᠢ;

  (ᠵᠢᠷᠭᠤᠭ᠎ᠠ) ᠲᠥᠷᠥ ᠵᠢᠨ ᠵᠥᠪᠯᠡᠯ᠎ᠤᠨ ᠬᠣᠯᠪᠣᠭᠳᠠᠯ᠎ᠲᠠᠢ ᠪᠠᠢ᠌ᠭᠤᠯᠭ᠎ᠠ᠎ᠪᠠᠷ ᠵᠥᠪᠰᠢᠶᠡᠷᠡᠭᠦᠯᠦᠭᠰᠡᠨ ᠣᠨᠴᠠᠭ᠋ᠠᠢ ᠪᠠᠶ᠋ᠢᠳᠠᠯ᠃

   ᠠᠷᠪᠠᠨ ᠨᠠᠢ᠍ᠮᠠᠳᠤᠭ᠋ᠠᠷ ᠵᠤᠷᠪᠤᠰ   ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ 《ᠬᠢᠲᠠᠳ ᠬᠡᠯᠡᠨ᠎ᠤ ᠠᠪᠢᠶᠠᠨ᠎ᠤ ᠲᠥᠰᠥᠯ》 ᠵᠶ᠋ᠠᠷ ᠭᠠᠯᠢᠭᠯᠠᠬᠤ ᠪᠠ ᠠᠪᠢᠶ᠎ᠠ ᠬᠠᠳᠠᠬᠤ ᠪᠠᠭ᠋ᠠᠵᠢ ᠪᠣᠯᠭ᠋ᠠᠨ᠎ᠠ᠃

  《ᠬᠢᠲᠠᠳ ᠬᠡᠯᠡᠨ᠎ᠤ ᠠᠪᠢᠶᠠᠴᠢᠯᠠᠭᠰᠠᠨ ᠲᠥᠰᠦᠯ》 ᠪᠣᠯ ᠳᠤᠮᠳᠠᠳᠤ ᠤᠯᠤᠰ᠎ᠤᠨ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠪᠣᠯᠣᠨ ᠬᠢᠲᠠᠳ ᠬᠡᠯᠡᠨ᠎ᠤ ᠰᠤᠷᠪᠤᠯᠵᠢ ᠪᠢᠴᠢᠭ ᠷᠤᠮᠠ ᠵᠢᠨ ᠠᠪᠢᠶᠠᠴᠢᠯᠠᠨ ᠪᠢᠴᠢᠬᠦ ᠠᠷᠭ᠎ᠠ ᠵᠢᠨ ᠨᠢᠭᠡᠳᠦᠯᠲᠡᠢ ᠳᠦᠷᠢᠮᠵᠢᠯ ᠮᠥᠨ᠂ ᠡᠭᠦᠨ᠎ᠤ ᠬᠠᠮᠲᠤ ᠬᠢᠲᠠᠳ ᠦᠰᠦᠭ᠎ᠤᠨ ᠳᠥᠭᠥᠮ ᠦᠭᠡᠢ ᠪᠤᠶᠤ ᠬᠡᠷᠡᠭᠯᠡᠵᠦ ᠳᠡᠶ᠋ᠢᠯᠬᠦ ᠦᠭᠡᠢ ᠬᠦᠷᠢᠶ᠎ᠡ ᠬᠡᠪᠴᠢᠶᠡᠨ᠎ᠳᠤ ᠬᠡᠷᠡᠭᠯᠡᠨ᠎ᠡ᠃

   ᠠᠩᠬ᠎ᠠ ᠵᠡᠷᠭᠡ ᠵᠢᠨ ᠰᠤᠷᠭ᠋ᠠᠨ ᠬᠥᠮᠦᠵᠢᠯ᠎ᠨᠢ ᠬᠢᠲᠠᠳ ᠬᠡᠯᠡᠨ᠎ᠤ ᠠᠪᠢᠶᠠᠨ᠎ᠤ ᠵᠢᠭ᠋ᠠᠨ ᠰᠤᠷᠭ᠋ᠠᠯᠲᠠ ᠬᠢᠬᠦ ᠬᠡᠷᠡᠭᠲᠡᠢ᠃

   ᠠᠷᠪᠠ ᠶᠢᠰᠦᠳᠦᠭᠡᠷ ᠵᠤᠷᠪᠤᠰ   ᠨᠡᠶ᠋ᠢᠲᠡᠯᠢᠭ ᠬᠡᠯᠡ᠎ᠪᠠᠷ ᠠᠵᠢᠯᠯᠠᠬᠤ ᠦᠭᠡ ᠬᠡᠯᠡᠨ᠎ᠤ ᠠᠵᠢᠯ᠎ᠤᠨ ᠪᠠᠶ᠋ᠢᠷᠢ ᠪᠣᠯᠭ᠋ᠠᠵᠤ᠂ ᠲᠡᠭᠦᠨ᠎ᠤ ᠠᠵᠢᠯᠲᠠᠳ ᠨᠡᠶ᠋ᠢᠲᠡᠯᠢᠭ ᠬᠡᠯᠡ ᠬᠡᠯᠡᠬᠦ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ᠃

   ᠨᠡᠶ᠋ᠢᠲᠡᠯᠢᠭ ᠬᠡᠯᠡ᠎ᠪᠠᠷ ᠠᠵᠢᠯᠯᠠᠬᠤ ᠦᠭᠡ ᠬᠡᠯᠡ ᠪᠣᠯᠭ᠋ᠠᠭᠰᠠᠨ ᠨᠡᠪᠲᠡᠷᠡᠭᠦᠯᠦᠭᠴᠢ᠂ ᠫᠷᠣᠭ᠌ᠷᠠᠮ᠎ᠤᠨ ᠬᠥᠲᠥᠯᠥᠭᠴᠢ ᠪᠠ ᠺᠢᠨᠣ᠋ ᠲᠧᠯᠸᠢᠰ ᠶᠠᠷᠢᠶᠠᠲᠤ ᠵᠦᠴᠦᠭᠡ ᠵᠢᠨ ᠲᠣᠭᠯᠠᠭᠴᠢ᠂ ᠪᠠᠭᠰᠢ᠂ ᠤᠯᠤᠰ᠎ᠤᠨ ᠪᠠᠶ᠋ᠢᠭᠤᠯᠭ᠎ᠠ ᠵᠢᠨ ᠠᠵᠢᠯᠲᠠᠨ᠎ᠤ ᠨᠡᠶ᠋ᠢᠲᠡᠯᠢᠭ ᠬᠡᠯᠡᠨ᠎ᠤ ᠬᠢᠷᠢ ᠬᠡᠮᠵᠢᠶ᠎ᠡ᠎ᠨᠢ ᠲᠤᠰ ᠲᠤᠰ ᠤᠯᠤᠰ᠎ᠤᠨ ᠲᠣᠭᠲᠠᠭ᠋ᠠᠭᠰᠠᠨ ᠵᠡᠷᠭᠡ ᠳᠡᠰ᠎ᠤᠨ ᠪᠠᠷᠢᠮᠵᠢᠶ᠎ᠠ᠎ᠳᠤ ᠬᠦᠷᠦᠭᠰᠡᠨ ᠪᠠᠶ᠋ᠢᠬᠤ ᠬᠡᠷᠡᠭᠲᠡᠢ; ᠤᠯᠤᠰ᠎ᠠᠴᠠ ᠲᠣᠭᠲᠠᠭ᠋ᠠᠭᠰᠠᠨ ᠨᠡᠶ᠋ᠢᠲᠡᠯᠢᠭ ᠬᠡᠯᠡᠨ᠎ᠤ ᠳᠡᠰ᠎ᠤᠨ ᠪᠠᠷᠢᠮᠵᠢᠶ᠎ᠠ᠎ᠳᠤ ᠬᠠᠷᠠᠬᠠᠨ ᠬᠦᠷᠦᠭᠡᠳᠦᠢ ᠪᠠᠶ᠋ᠢᠪᠠᠯ᠂ ᠲᠤᠰ ᠲᠤᠰ᠎ᠲᠤ᠎ᠨᠢ ᠪᠣᠯᠪᠠᠰᠤᠷᠠᠯ ᠬᠢᠨ᠎ᠡ᠃

   ᠬᠣᠷᠢᠳᠤᠭ᠋ᠠᠷ ᠵᠤᠷᠪᠤᠰ   ᠭᠠᠳᠠᠭ᠋ᠠᠳᠤ᠎ᠳᠤ ᠵᠣᠷᠢᠭᠤᠯᠤᠭᠰᠠᠨ ᠬᠢᠲᠠᠳ ᠬᠡᠯᠡᠨ᠎ᠤ ᠵᠢᠭ᠋ᠠᠨ ᠰᠤᠷᠭ᠋ᠠᠯᠲᠠ᠎ᠳᠤ ᠨᠡᠢ᠌ᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ᠎ᠢ ᠵᠢᠭ᠋ᠠᠨ ᠰᠤᠷᠭ᠋ᠠᠬᠤ ᠬᠡᠷᠡᠭᠲᠡᠢ᠃

   ᠭᠤᠷᠪᠠᠳᠤᠭ᠋ᠠᠷ ᠪᠦᠯᠦᠭ   ᠬᠠᠮᠢᠶᠠᠷᠤᠯᠲᠠ ᠪᠠ ᠬᠢᠨᠠᠯᠲᠠ ᠲᠠᠯᠪᠢᠯᠲᠠ

   ᠬᠣᠷᠢᠨ ᠨᠢᠭᠡᠳᠦᠭᠡᠷ ᠵᠤᠷᠪᠤᠰ   ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠠᠵᠢᠯ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ᠎ᠠᠴᠠ ᠲᠥᠯᠥᠪᠵᠢᠭᠦᠯᠦᠨ ᠵᠢᠯᠣᠭᠣᠳᠬᠤ᠂ ᠬᠠᠮᠢᠶᠠᠷᠤᠨ ᠬᠢᠨᠠᠯᠲᠠ ᠲᠠᠯᠪᠢᠬᠤ ᠵᠢ ᠬᠠᠷᠢᠭᠤᠴᠠᠨ᠎ᠠ᠃

   ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠰᠢᠰᠲ᠋ᠧᠮ᠎ᠤᠨ ᠵᠶ᠋ᠠᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠵᠢ ᠬᠠᠮᠢᠶᠠᠷᠤᠨ᠎ᠠ᠃

   ᠬᠣᠷᠢᠨ ᠬᠣᠶᠠᠳᠤᠭ᠋ᠠᠷ ᠵᠤᠷᠪᠤᠰ   ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠵᠢ ᠬᠠᠮᠢᠶᠠᠷᠬᠤ ᠪᠠ ᠬᠢᠨᠠᠯᠲᠠ ᠲᠠᠯᠪᠢᠬᠤ ᠬᠡᠷᠡᠭᠲᠡᠶ᠃

   ᠬᠣᠷᠢᠨ ᠭᠤᠷᠪᠠᠳᠤᠭ᠋ᠠᠷ ᠵᠤᠷᠪᠤᠰ   ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠵᠤ ᠠᠬᠤᠢ᠌ᠯᠠᠯ᠎ᠤᠨ ᠨᠡᠷᠡᠢ᠌ᠳᠦᠯ᠂ ᠲᠠᠸᠠᠷ᠎ᠤᠨ ᠨᠡᠷᠡᠢ᠌ᠳᠦᠯ ᠵᠢᠴᠢ ᠵᠠᠷ᠎ᠲᠤ ᠬᠡᠷᠡᠭᠯᠡᠬᠦ ᠦᠭᠡ ᠬᠡᠯᠡ᠎ᠳᠤ ᠬᠡᠷᠡᠭᠯᠡᠬᠦ ᠦᠰᠦᠭ᠎ᠢ ᠬᠠᠤᠯᠢ ᠶᠣᠰᠣᠭ᠋ᠠᠷ ᠬᠠᠮᠢᠶᠠᠷᠴᠤ ᠬᠢᠨᠠᠯᠲᠠ ᠲᠠᠯᠪᠢᠨ᠎ᠠ᠃

   ᠬᠣᠷᠢᠨ ᠳᠥᠷᠪᠡᠳᠦᠭᠡᠷ ᠵᠤᠷᠪᠤᠰ   ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ᠎ᠠᠴᠠ ᠨᠡᠶ᠋ᠢᠲᠡᠯᠢᠭ ᠬᠡᠯᠡ ᠵᠢ ᠬᠡᠮᠵᠢᠨ ᠲᠤᠷᠰᠢᠬᠤ ᠵᠡᠷᠭᠡ ᠳᠡᠰ᠎ᠤᠨ ᠪᠠᠷᠢᠮᠵᠢᠶ᠎ᠠ ᠵᠢ ᠨᠡᠢ᠌ᠲᠡᠯᠡᠨ᠎ᠡ᠃

   ᠬᠣᠷᠢᠨ ᠲᠠᠪᠤᠳᠤᠭ᠋ᠠᠷ ᠵᠤᠷᠪᠤᠰ   ᠭᠠᠳᠠᠭ᠋ᠠᠳᠤ ᠤᠯᠤᠰ᠎ᠤᠨ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠵᠡᠷᠭᠡ ᠲᠤᠰᠬᠠᠶ ᠨᠡᠷ᠎ᠡ ᠲᠣᠮᠢᠶ᠎ᠠ ᠵᠢ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠶ᠋ᠠᠷ ᠣᠷᠴᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠨ᠎ᠠ᠃

   ᠬᠣᠷᠢᠨ ᠵᠢᠷᠭᠤᠳᠤᠭ᠋ᠠᠷ ᠵᠤᠷᠪᠤᠰ   ᠲᠤᠰ ᠬᠠᠤᠯᠢ ᠵᠢᠨ ᠬᠤᠶᠠᠳᠤᠭ᠋ᠠᠷ ᠪᠦᠯᠦᠭ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠷᠤᠮᠵᠢᠯ ᠪᠠ ᠪᠠᠷᠢᠮᠵᠢᠶ᠎ᠠ ᠶᠣᠰᠣᠭ᠋ᠠᠷ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠦᠭᠡᠢ ᠪᠣᠯ ᠠᠷᠠᠳ ᠢᠷᠭᠡᠨ ᠰᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃

   ᠲᠤᠰ ᠬᠠᠤᠯᠢ ᠵᠢᠨ ᠠᠷᠪᠠ ᠶᠢᠰᠦᠳᠦᠭᠡᠷ ᠵᠤᠷᠪᠤᠰ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠬᠥᠮᠦᠨ᠎ᠤ ᠦᠭᠡ ᠬᠡᠷᠡᠭᠯᠡᠬᠦ᠎ᠳᠡᠭᠡᠨ ᠲᠤᠰ ᠬᠠᠤᠯᠢ ᠵᠢᠨ ᠬᠣᠶᠠᠳᠤᠭ᠋ᠠᠷ ᠪᠦᠯᠦᠭ᠎ᠤᠨ ᠬᠣᠯᠪᠣᠭᠳᠠᠯ ᠪᠥᠬᠥᠶ ᠲᠣᠭᠲᠠᠭ᠋ᠠᠯ᠎ᠢ ᠵᠥᠷᠢᠴᠡᠭᠰᠡᠨ ᠪᠠᠢ᠌ᠪᠠᠯ᠂ ᠬᠣᠯᠪᠣᠭᠳᠠᠯ ᠪᠥᠬᠥᠶ ᠨᠢᠭᠡᠴᠢ᠎ᠨᠢ ᠰᠢᠭᠤᠳ ᠬᠠᠷᠢᠭᠤᠴᠠᠯᠭ᠎ᠠ᠎ᠲᠠᠢ ᠬᠥᠮᠦᠨ᠎ᠢ ᠰᠢᠭᠦᠮᠵᠢᠯᠡᠨ ᠰᠤᠷᠭ᠋ᠠᠬᠤ ᠬᠡᠷᠡᠭᠲᠡᠢ; ᠵᠠᠯᠠᠷᠠᠭᠤᠯᠬᠤ ᠦᠭᠡᠢ ᠪᠣᠯ ᠬᠣᠯᠪᠣᠭᠳᠠᠯ ᠪᠥᠬᠥᠶ ᠨᠢᠭᠡᠴᠢ᠎ᠠᠴᠠ ᠰᠢᠢ᠍ᠳᠪᠦᠷᠢᠯᠡᠨ᠎ᠡ᠃

   ᠬᠣᠲᠠ ᠵᠢᠨ ᠣᠯᠠᠨ ᠨᠡᠶ᠋ᠢᠲᠡ ᠵᠢᠨ ᠲᠠᠯᠠᠪᠤᠷ᠎ᠤᠨ ᠪᠡᠯᠡᠳᠬᠡᠮᠵᠢ ᠪᠣᠯᠤᠨ ᠫᠠᠶ᠋ᠢᠰᠠ᠂ ᠵᠠᠷ ᠮᠡᠳᠡᠭᠡ᠎ᠳᠤ ᠬᠡᠷᠡᠭᠯᠡᠬᠦ ᠦᠰᠦᠭ᠎ᠨᠢ ᠲᠤᠰ ᠬᠠᠤᠯᠢ ᠵᠢᠨ ᠬᠣᠶᠠᠳᠤᠭ᠋ᠠᠷ ᠪᠦᠯᠦᠭ᠎ᠤᠨ ᠬᠣᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠭᠰᠡᠨ ᠪᠣᠯ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ; ᠵᠠᠯᠠᠷᠠᠭᠤᠯᠬᠤ ᠦᠭᠡᠶ ᠪᠣᠯ ᠰᠡᠷᠡᠮᠵᠢ ᠥᠭᠬᠦ ᠵᠢᠨ ᠬᠠᠮᠲᠤ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ᠎ᠪᠠᠷ ᠰᠢᠮᠳᠠᠭᠤᠯᠬᠤ ᠬᠡᠷᠡᠭᠲᠡᠶ᠃

   ᠬᠣᠷᠢᠨ ᠳᠣᠯᠣᠳᠤᠭ᠋ᠠᠷ ᠵᠤᠷᠪᠤᠰ   ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠨ᠂ ᠪᠤᠰᠤᠳ ᠬᠥᠮᠦᠨ᠎ᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠬᠦ᠎ᠳᠤ ᠭᠠᠷ ᠲᠥᠷᠥᠵᠦ ᠪᠠᠶ᠋ᠢᠪᠠᠯ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠵᠢᠨ ᠬᠠᠮᠲᠤ ᠳᠣᠩᠭᠣᠳᠬᠤ ᠬᠡᠷᠡᠭᠲᠡᠶ᠃

   ᠳᠥᠷᠪᠡᠳᠦᠭᠡᠷ ᠪᠦᠯᠦᠭ   ᠳᠠᠭ᠋ᠠᠯᠳᠤᠭᠤᠯᠤᠯ ᠳᠦᠷᠢᠮ

   ᠬᠣᠷᠢᠨ ᠨᠠᠢ᠍ᠮᠠᠳᠤᠭ᠋ᠠᠷ ᠵᠤᠷᠪᠤᠰ   ᠲᠤᠰ ᠬᠠᠤᠯᠢ ᠵᠢ 2001 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ