ᠵᠤᠤ ᠳ᠋ᠠ ᠶᠦᠩ ᠨᠠᠷ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠢ᠎ᠳᠤ ᠬᠦᠷᠴᠦ᠍ ᠬᠠᠳᠠᠭ᠋ᠠᠯᠠᠮᠡᠯ ᠵᠦᠢ᠍ᠯ᠎ᠤᠨ ᠬᠠᠮᠢᠶᠠᠷᠤᠯᠲᠠ᠎ᠶ᠋ᠢᠨ ᠠᠵᠢᠯ᠎ᠢ ᠪᠠᠢᠴᠠᠭᠠᠨ ᠰᠤᠳᠤᠯᠵᠤ ᠵᠢᠭᠠᠨ ᠵᠢᠯᠣᠭᠤᠳᠪᠠ
2025-12-24

  12 ᠳ᠋ᠤᠭᠠᠷ ᠰᠠᠷ᠎ᠠ᠎ᠶ᠋ᠢᠨ 24 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠪᠦᠯᠬᠦᠮ ᠳᠠᠭᠠᠭᠤᠯᠤᠨ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠳᠤ ᠬᠦᠷᠴᠦ᠍᠂ ᠬᠠᠳᠠᠭ᠋ᠠᠯᠠᠮᠡᠯ ᠵᠦᠢ᠍ᠯ᠎ᠤᠨ ᠬᠠᠮᠢᠶᠠᠷᠤᠯᠲᠠ᠎ᠶ᠋ᠢᠨ ᠠᠵᠢᠯ᠎ᠢ ᠲᠤᠰᠭᠠᠶ ᠰᠡᠳᠦᠪ᠎ᠢᠶᠠᠷ ᠪᠠᠢᠴᠠᠭᠠᠨ ᠰᠤᠳᠤᠯᠵᠤ ᠵᠢᠭᠠᠨ ᠵᠢᠯᠣᠭᠤᠳᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠪᠠᠶ ᠬᠤᠶ ᠵᠢᠶᠦ᠋ᠨ ᠵᠢᠴᠢ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃

 

 

  ᠵᠤᠤ ᠳ᠋ᠠ ᠶᠦᠩ ᠬᠡᠯᠡᠬᠦ᠌᠎ᠳᠡᠭᠡᠨ᠂ ᠬᠠᠳᠠᠭ᠋ᠠᠯᠠᠮᠡᠯ ᠵᠦᠢ᠍ᠯ ᠪᠣᠯ ᠮᠦᠽᠧᠶ᠎ᠶ᠋ᠢᠨ ᠭᠤᠣᠯ ᠡᠬᠢ ᠪᠠᠶᠠᠯᠢᠭ ᠮᠥᠨ᠂ ᠲᠡᠦᠬᠡ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠬᠥᠮᠦᠵᠢᠯ᠎ᠢ ᠥᠷᠨᠢᠭᠦᠯᠬᠦ᠌ ᠴᠢᠬᠤᠯᠠ ᠠᠴᠢᠶᠠᠯᠠᠪᠤᠷᠢ ᠮᠥᠨ᠂ ᠨᠡᠩ ᠴᠤ᠌ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠡᠭᠦᠷᠭᠡ ᠴᠢᠳᠠᠪᠬᠢ᠎ᠪᠠᠨ ᠭᠦᠢᠴᠡᠳᠭᠡᠬᠦ᠌ ᠴᠢᠬᠤᠯᠠ ᠭᠠᠷᠳᠠᠴᠠ ᠮᠥᠨ᠂ ᠡᠷᠬᠡᠪᠰᠢ ᠳᠡᠭᠡᠳᠦ ᠬᠡᠮᠵᠢᠶᠡᠨ᠎ᠤ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡ᠎ᠶ᠋ᠢᠨ ᠡᠭᠦᠷᠭᠡᠲᠦ ᠰᠡᠳᠭᠢᠯᠭᠡ᠎ᠪᠠᠷ ᠬᠠᠳᠠᠭ᠋ᠠᠯᠠᠮᠡᠯ ᠵᠦᠢ᠍ᠯ᠎ᠢ ᠬᠠᠮᠠᠭᠠᠯᠠᠨ ᠬᠠᠮᠢᠶᠠᠷᠬᠤ ᠠᠵᠢᠯ᠎ᠢ ᠰᠠᠢᠲᠤᠷ ᠠᠳᠭᠤᠬᠤ ᠬᠡᠷᠡᠭ᠌ᠲᠡᠢ ᠭᠡᠵᠡᠢ᠃

  ᠵᠣᠣ ᠳ᠋ᠠ ᠶᠦᠩ ᠬᠡᠯᠡᠬᠦ᠌᠎ᠳᠡᠭᠡᠨ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ 《ᠮᠦᠽᠧᠶ᠎ᠶ᠋ᠢᠨ ᠬᠠᠳᠠᠭ᠋ᠠᠯᠠᠮᠡᠯ ᠵᠦᠢ᠍ᠯ᠎ᠤᠨ ᠬᠠᠮᠢᠶᠠᠷᠤᠯᠲᠠ᠎ᠶ᠋ᠢᠨ ᠠᠷᠭ᠎ᠠ》 ᠵᠡᠷᠭᠡ ᠬᠠᠤᠯᠢ ᠲᠣᠭ᠍ᠲᠠᠭᠠᠯ᠎ᠤᠨ ᠪᠠᠷᠢᠮᠵᠢᠶ᠎ᠠ᠎ᠲᠠᠢ ᠬᠠᠷᠢᠴᠠᠭᠤᠯᠤᠨ᠂ ᠬᠠᠳᠠᠭ᠋ᠠᠯᠠᠮᠡᠯ ᠵᠦᠢ᠍ᠯ᠎ᠢ ᠭᠥᠯᠢᠶᠡᠨ ᠠᠪᠬᠤ᠂ ᠬᠢᠨᠠᠨ ᠲᠣᠭ᠍ᠲᠠᠭᠠᠬᠤ᠂ ᠳᠡᠩᠰᠡᠯᠡᠨ ᠲᠡᠮᠳᠡᠭ᠌ᠯᠡᠬᠦ᠂ ᠬᠠᠳᠠᠭᠠᠯᠠᠨ ᠬᠠᠮᠢᠶᠠᠷᠬᠤ᠂ ᠠᠱᠢᠭ᠍ᠯᠠᠬᠤ᠂ ᠱᠢᠢᠳᠪᠦᠷᠢᠯᠡᠬᠦ᠌ ᠵᠡᠷᠭᠡ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠨᠠᠷᠢᠯᠢᠬ᠍ᠵᠢᠭᠤᠯᠵᠤ᠂ ᠲᠦᠷᠢᠮ᠎ᠤᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠡᠯ᠎ᠡ ᠭᠤᠭ᠍ᠴᠤᠭ᠎ᠠ᠎ᠶ᠋ᠢᠨ ᠠᠵᠢᠯ᠎ᠤᠨ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠵᠢᠷᠤᠮᠯᠠᠬᠤ ᠲᠦᠷᠢᠮ᠎ᠲᠠᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠳᠠᠭ᠋ᠠᠯᠠᠮᠡᠯ ᠵᠦᠢ᠍ᠯ᠎ᠤᠨ ᠬᠥᠳᠡᠯᠦᠩᠭᠦᠶ ᠬᠠᠮᠢᠶᠠᠷᠤᠯᠲᠠ᠎ᠶ᠋ᠢᠨ ᠡᠬᠡ ᠲᠠᠩᠰᠠ ᠪᠠ ᠡᠯᠧᠺᠲᠷᠣᠨ ᠲᠠᠩᠰᠠ ᠡᠪᠬᠡᠮᠡᠯ᠎ᠢ ᠪᠠᠢᠭᠤᠯᠤᠨ᠂ ᠬᠤᠪᠣᠷ ᠨᠠᠨᠳᠢᠨ ᠬᠠᠳᠠᠭᠠᠯᠠᠬᠤ ᠡᠳ᠋᠂ ᠪᠡᠯᠡᠭ᠌ᠯᠡᠨ ᠬᠦᠷᠭᠡᠬᠦ᠌ ᠡᠳ᠋ ᠵᠡᠷᠭᠡ᠎ᠳᠤ ᠲᠤᠰᠭᠠᠶ ᠬᠠᠮᠢᠶᠠᠷᠤᠯᠲᠠ ᠬᠢᠵᠦ᠍᠂ ᠬᠥᠮᠥᠷᠭᠡ᠎ᠳᠤ ᠣᠷᠣᠭᠤᠯᠵᠤ ᠭᠠᠷᠭᠠᠬᠤ᠎ᠶ᠋ᠢ ᠬᠢᠨᠠᠨ ᠵᠥᠪᠱᠢᠶᠡᠷᠡᠬᠦ᠌᠎ᠶ᠋ᠢ ᠴᠢᠩᠭ᠎ᠠ ᠬᠡᠷᠡᠭ᠌ᠵᠢᠭᠦᠯᠵᠦ᠍᠂ ᠬᠠᠳᠠᠭ᠋ᠠᠯᠠᠮᠡᠯ ᠵᠦᠢ᠍ᠯ᠎ᠤᠨ ᠬᠠᠮᠢᠭᠠᠰᠢ᠎ᠪᠠᠨ ᠶᠠᠪᠤᠭ᠍ᠰᠠᠨ᠎ᠢ ᠨᠡᠬᠡᠮᠵᠢᠯᠡᠵᠦ᠍ ᠪᠣᠯᠬᠤ᠂ ᠬᠠᠷᠢᠭᠤᠴᠠᠯᠭ᠎ᠠ᠎ᠶ᠋ᠢ ᠮᠥᠷᠳᠡᠵᠦ᠍ ᠪᠣᠯᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃ ᠬᠠᠳᠠᠭ᠋ᠠᠯᠠᠮᠡᠯ ᠵᠦᠢ᠍ᠯ᠎ᠤᠨ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠬᠠᠳᠠᠭ᠋ᠠᠯᠠᠮᠡᠯ ᠵᠦᠢ᠍ᠯ᠎ᠤᠨ ᠬᠠᠮᠢᠶᠠᠷᠤᠯᠲᠠ᠎ᠶ᠋ᠢᠨ ᠲᠤᠰᠭᠠᠶ ᠱᠢᠪᠠᠳᠠᠨ ᠵᠢᠯᠣᠭᠤᠳᠴᠤ᠌ ᠪᠠᠢᠴᠠᠭᠠᠬᠤ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠍᠂ ᠳᠣᠲᠣᠭᠠᠳᠤ᠎ᠶ᠋ᠢᠨ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠦᠷᠢᠨᠱᠢᠬᠦᠯᠤᠨ᠂ ᠬᠠᠳᠠᠭ᠋ᠠᠯᠠᠮᠡᠯ ᠵᠦᠢ᠍ᠯ᠎ᠢ ᠲᠣᠭ᠍ᠲᠠᠭᠠᠯ᠎ᠠᠴᠠ ᠵᠥᠷᠢᠴᠡᠨ ᠱᠢᠢᠳᠪᠦᠷᠢᠯᠡᠬᠦ᠌ ᠵᠡᠷᠭᠡ ᠠᠰᠠᠭᠤᠳᠠᠯ ᠡᠭᠦᠰᠭᠦ᠎ᠶ᠋ᠢ ᠡᠷᠡᠰ ᠬᠤᠷᠢᠭ᠍ᠯᠠᠬᠤ ᠬᠡᠷᠡᠭ᠌ᠲᠡᠶ᠃ ᠬᠠᠳᠠᠭ᠋ᠠᠯᠠᠮᠡᠯ ᠵᠦᠢ᠍ᠯ ᠬᠠᠳᠠᠭᠠᠯᠠᠬᠤ ᠲᠠᠯᠠᠪᠤᠷ᠎ᠤᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠤᠯᠠᠮ ᠨᠢᠭᠡ ᠠᠯᠬᠤᠮ ᠪᠠᠲᠤ ᠰᠠᠬᠢᠵᠤ᠂ ᠵᠢᠵᠢᠭᠦᠷᠯᠡᠨ ᠰᠠᠬᠢᠬᠤ ᠪᠠ ᠲᠣᠭᠤᠷᠢᠨ ᠪᠠᠢᠴᠠᠭᠠᠵᠤ ᠵᠢᠭ᠍ᠰᠠᠭᠠᠨ ᠪᠠᠢᠴᠠᠭᠠᠬᠤ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠱᠢᠢᠳᠪᠦᠷᠢᠯᠡᠬᠦ᠌ ᠠᠵᠢᠯ᠎ᠢ ᠥᠷᠨᠢᠭᠦᠯᠵᠦ᠍᠂ ᠭᠠᠯ᠎ᠤᠨ ᠠᠶᠤᠯ᠂ ᠬᠤᠯᠠᠭᠠᠢᠯᠠᠬᠤ᠂ ᠸᠠᠯᠠᠬᠤ ᠵᠡᠷᠭᠡ ᠬᠡᠷᠡᠭ ᠡᠭᠦᠰᠭᠦ᠎ᠶ᠋ᠢ ᠦᠨᠡᠨ ᠬᠦ᠌ ᠰᠡᠷᠭᠡᠢᠯᠡᠵᠦ᠍᠂ ᠪᠠᠢᠭᠠᠯᠢ᠎ᠶ᠋ᠢᠨ ᠡᠬᠢ ᠪᠠᠶᠠᠯᠢᠭ ᠨᠢᠭᠡᠪᠦᠷᠢ᠎ᠶ᠋ᠢ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ ᠭᠡᠵᠢ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ