ᠢᠯᠡ ᠵᠠᠰᠠᠭ   -   ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ ᠳᠦᠷᠢᠮ᠎ᠦᠨ ᠬᠠᠮᠢᠶᠠᠷᠤᠯᠲᠠ᠎ᠶᠢᠨ ᠠᠷᠭ᠎ᠠ》᠎ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ
ᠨᠡᠶ᠋ᠢᠲᠡᠯᠡᠭᠰᠡᠨ ᠴᠠᠭ᠄ 2025-07-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ 

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠪᠢᠴᠢᠭ ᠮᠠᠲᠧᠷᠢᠶᠠᠯ

 

ᠥᠪᠥᠷ ᠵᠠᠰᠠᠭ ᠠᠯᠪᠠᠨ ᠲᠠᠷᠬᠠᠭᠠᠭᠰᠠᠨ 〔2025〕 15 ᠳ᠋ᠤᠭᠠᠷ ᠲᠣᠭᠠᠲᠤ

 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ

ᠪᠤᠰᠤ ᠴᠢᠨᠠᠷᠲᠠᠢ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ ᠳᠦᠷᠢᠮ᠎ᠦᠨ ᠬᠠᠮᠢᠶᠠᠷᠤᠯᠲᠠ᠎ᠶᠢᠨ ᠠᠷᠭ᠎ᠠ》᠎ᠶᠢ ᠳᠠᠷᠤᠮᠠᠯᠯᠠᠨ ᠶᠠᠪᠤᠭᠤᠯᠬᠤ ᠲᠤᠬᠠᠢ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ

 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ ᠄ 

ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠤᠨ ᠣᠷᠣᠯᠠᠨ ᠪᠠᠶ᠋ᠢᠭᠤᠯᠬᠤ ᠳᠦᠷᠢᠮ᠎ᠦᠨ ᠬᠠᠮᠢᠶᠠᠷᠤᠯᠲᠠ᠎ᠶᠢᠨ ᠠᠷᠭ᠎ᠠ》᠎ᠶᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃ 

2025 ᠣᠨ᠎ᠤ 4 ᠳ᠋ᠦ᠍ᠭᠡᠷ ᠰᠠᠷ᠎ᠠ᠎ᠶᠢᠨ 23᠎ᠤ ᠡᠳᠦᠷ 

( ᠲᠣᠰ ᠪᠢᠴᠢᠭ ᠮᠠᠲᠧᠷᠢᠶᠠᠯ᠎ᠢ ᠢᠯᠡ ᠨᠡᠢᠲᠡᠯᠡᠨ᠎ᠡ ) 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ

ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠦᠨ ᠣᠷᠣᠯᠠᠨ ᠪᠠᠢᠭᠤᠯᠬᠤ ᠳᠦᠷᠢᠮ᠎ᠦᠨ ᠬᠠᠮᠢᠶᠠᠷᠤᠯᠲᠠ᠎ᠶᠢᠨ ᠠᠷᠭ᠎ᠠ

ᠨᠢᠭᠡᠳᠦᠭᠡᠷ ᠪᠦᠯᠦᠭ  ᠶᠡᠷᠦᠩᠬᠡᠢ ᠳᠦᠷᠢᠮ 

ᠨᠢᠭᠡᠳᠦᠭᠡᠷ ᠵᠦᠢᠯ  ᠪᠡᠯᠡ ᠣᠷᠣᠭᠤᠯᠤᠯᠲᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠥᠷᠥᠯ ᠵᠦᠢᠯ᠎ᠦᠨ ᠬᠠᠮᠢᠶᠠᠷᠤᠯᠲᠠ᠎ᠶᠢ ᠴᠢᠩᠭᠠᠳᠬᠠᠨ ᠵᠢᠷᠤᠮᠵᠢᠭᠤᠯᠵᠤ᠂ ᠪᠡᠯᠡ ᠣᠷᠣᠭᠤᠯᠤᠯᠲᠠ᠎ᠶᠢᠨ ᠡᠵᠡᠮᠰᠢᠯ᠎ᠦᠨ ᠲᠣᠭᠲᠠᠴᠠ᠎ᠶᠢ ᠪᠠᠢᠭᠤᠯᠤᠨ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠲᠥᠷᠥᠯ ᠵᠦᠢᠯ᠎ᠢ ᠣᠷᠣᠯᠠᠨ ᠪᠠᠶ᠋ᠢᠭᠤᠯᠬᠤ ᠠᠵᠢᠯᠯᠠᠭ᠎ᠠ᠎ᠶᠢ ᠵᠢᠷᠤᠮᠵᠢᠭᠤᠯᠵᠤ᠂ ᠲᠥᠷᠥᠯ ᠵᠦᠢᠯ᠎ᠦᠨ ᠬᠠᠮᠢᠶᠠᠷᠤᠯᠲᠠ᠎ᠶᠢᠨ ᠬᠢᠷᠢ ᠲᠦᠪᠰᠢᠨ ᠪᠠ ᠪᠡᠯᠡ ᠣᠷᠣᠭᠤᠯᠤᠯᠲᠠ᠎ᠶᠢᠨ ᠦᠷ᠎ᠡ ᠠᠰᠢᠭ᠋᠎ᠢ ᠳᠡᠭᠡᠭᠰᠢᠯᠡᠭᠦᠯᠬᠦ᠎ᠶᠢᠨ ᠲᠤᠰᠠᠳᠠ᠂ 《 ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠳᠦᠷᠢᠮ》 ( ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠷᠯᠢᠭ᠋ 712 ᠳ᠋ᠤᠭᠠᠷ ᠲᠣᠭᠠᠲᠤ)᠂ 《 ᠪᠠᠢᠭᠤᠯᠤᠯ ᠲᠣᠭᠲᠠᠴᠠ᠎ᠳᠦ ᠰᠢᠨ᠎ᠡ᠎ᠶᠢ ᠡᠭᠦᠳᠦᠨ ᠲᠡᠭᠦᠯᠳᠡᠷᠵᠢᠭᠦᠯᠵᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ᠎ᠦᠨ ᠵᠢᠷᠤᠮᠵᠢᠭᠤᠨ ᠪᠥᠭᠡᠳ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ ᠲᠤᠬᠠᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ》 ( ᠲᠥᠷᠥ ᠠᠯᠪᠠᠨ ᠲᠠᠷᠬᠠᠭᠠᠭᠰᠠᠨ 〔 2024〕21 ᠳ᠋ᠦ᠍ᠭᠡᠷ ᠲᠣᠭᠠᠲᠤ )᠂ 《 ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠦᠨ᠎ᠡ ᠮᠥᠩᠭᠥ᠎ᠶᠢ ᠳ᠋ᠦᠩᠨᠡᠨ ᠪᠤᠳᠤᠬᠤ ᠬᠣᠯᠪᠣᠭᠳᠠᠯ ᠪᠦᠬᠦᠢ ᠠᠷᠭ᠎ᠠ᠎ᠶᠢ ᠲᠡᠭᠦᠯᠳᠡᠷᠵᠢᠭᠦᠯᠬᠦ ᠲᠤᠬᠠᠢ ᠡᠳ᠋᠎ᠦᠨ ᠵᠠᠰᠠᠭ᠎ᠤᠨ ᠶᠠᠮᠤᠨ   ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠮᠡᠳᠡᠭᠳᠡᠯ 》 ( ᠡᠳ᠋ ᠪᠠᠢᠭᠤᠯᠤᠯᠲᠠ 〔2022〕183 ᠳ᠋ᠤᠭᠠᠷ ᠲᠣᠭᠠᠲᠤ)᠂ 《 ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠵᠡᠷᠭᠡ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠂ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠯᠡᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠨᠢᠭ᠍ᠲᠠ ᠤᠶᠠᠯᠳᠤᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ᠎ᠶᠢ ᠲᠣᠭᠲᠠᠭᠠᠪᠠ᠃ 

ᠬᠣᠶᠠᠳᠤᠭᠠᠷ ᠵᠦᠢᠯ  ᠲᠤᠰ ᠠᠷᠭ᠎ᠠ᠎ᠳᠤ ᠬᠡᠯᠡᠵᠦ ᠪᠠᠢᠭ᠎ᠠ ᠣᠷᠣᠯᠠᠨ ᠪᠠᠶ᠋ᠢᠭᠤᠯᠬᠤ ᠳᠦᠷᠢᠮ ᠭᠡᠳᠡᠭ ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠭᠤᠯᠤᠭᠰᠠᠨ ᠣᠷᠣᠯᠠᠨ ᠪᠠᠶ᠋ᠢᠭᠤᠯᠬᠤ ᠲᠥᠷᠥᠯ ᠵᠦᠢᠯ᠎ᠦᠨ ᠬᠠᠮᠢᠶᠠᠷᠤᠯᠲᠠ᠎ᠶᠢᠨ ᠪᠠᠢᠭᠤᠯᠤᠮᠵᠢ ( ᠳᠣᠷᠣᠭ᠍ᠰᠢ ᠣᠷᠣᠯᠠᠨ ᠪᠠᠶ᠋ᠢᠭᠤᠯᠬᠤ ᠪᠠᠢᠭᠤᠯᠤᠮᠵᠢ ᠭᠡᠵᠦ ᠲᠣᠪᠴᠢᠯᠠᠨ᠎ᠠ )᠎ᠡᠴᠡ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠳᠦ ᠲᠥᠪᠯᠡᠷᠡᠩᠭᠦᠢ ᠪᠦᠲᠦᠭᠡᠨ ᠪᠠᠢᠭᠤᠯᠤᠯᠲᠠ ᠬᠠᠮᠢᠶᠠᠷᠤᠯᠲᠠ᠎ᠶᠢ ᠬᠡᠷᠡᠭᠵᠢᠭᠦᠯᠵᠦ᠂ ᠪᠠᠷᠢᠯᠭ᠎ᠠ ᠪᠤᠶᠤ ᠡᠭᠦᠨ ᠯᠦ᠍ᠭᠡ ᠬᠣᠯᠪᠣᠭᠳᠠᠬᠤ ᠪᠠᠷᠠᠭ᠎ᠠ᠂ ᠦᠢᠯᠡᠴᠢᠯᠡᠭᠡ ᠵᠡᠷᠭᠡ᠎ᠶᠢᠨ ᠬᠤᠳᠠᠯᠳᠤᠨ ᠠᠪᠬᠤ ᠠᠵᠢᠯ᠎ᠢ ᠵᠣᠬᠢᠶᠠᠨ ᠪᠠᠢᠭᠤᠯᠵᠤ᠂ ᠲᠥᠷᠥᠯ ᠵᠦᠢᠯ᠎ᠦᠨ ᠪᠡᠯᠡ ᠣᠷᠣᠭᠤᠯᠤᠯᠲᠠ᠂ ᠶᠠᠰᠤ ᠴᠢᠨᠠᠷ᠂ ᠠᠮᠤᠷ ᠲᠦᠪᠰᠢᠨ ᠪᠠ ᠪᠠᠷᠢᠯᠭ᠎ᠠ᠎ᠶᠢᠨ ᠬᠤᠭᠤᠴᠠᠭ᠎ᠠ᠎ᠶᠢ ᠴᠢᠩᠭ᠎ᠠ ᠡᠵᠡᠮᠰᠢᠵᠦ᠂ ᠲᠥᠷᠥᠯ ᠵᠦᠢᠯ᠎ᠦᠨ ᠪᠠᠷᠢᠯᠭ᠎ᠠ ᠳᠠᠭᠤᠰᠴᠤ ᠰᠢᠯᠭᠠᠨ  ᠬᠤᠷᠢᠶᠠᠬᠤ᠎ᠳᠤ ᠬᠢᠷᠢ ᠲᠡᠩᠴᠡᠭᠰᠡᠨ᠎ᠦ ᠳᠠᠷᠠᠭ᠎ᠠ ᠬᠡᠷᠡᠭᠯᠡᠬᠦ ᠨᠢᠭᠡᠴᠢ᠎ᠳᠦ ᠰᠢᠯᠵᠢᠭᠦᠯᠦᠨ ᠲᠤᠰᠢᠶᠠᠬᠤ ᠳᠦᠷᠢᠮ᠎ᠢ ᠵᠢᠭᠠᠵᠤ ᠪᠣᠢ᠃ 

ᠭᠤᠷᠪᠠᠳᠤᠭᠠᠷ ᠵᠦᠢᠯ   ᠳᠣᠣᠷ᠎ᠠ ᠵᠢᠭ᠍ᠰᠠᠭᠠᠭᠰᠠᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠤᠨ ᠳᠣᠲᠣᠷ᠎ᠠ᠂ ᠶᠡᠷᠦᠩᠬᠡᠢ ᠪᠡᠯᠡ ᠣᠷᠣᠭᠤᠯᠤᠯᠲᠠ ᠨᠢ 5000 ᠲᠦᠮᠡᠨ ᠲᠥᠭᠥᠷᠢᠭ (ᠭᠠᠵᠠᠷ ᠲᠠᠲᠠᠪᠤᠷᠢᠯᠠᠬᠤ᠂ ᠭᠡᠷ ᠪᠠᠢᠰᠢᠩ ᠲᠠᠲᠠᠪᠤᠷᠢᠯᠠᠬᠤ ᠨᠥᠬᠥᠪᠦᠷᠢ᠎ᠶᠢᠨ ᠵᠠᠷᠤᠳᠠᠯ ᠪᠠᠭᠲᠠᠬᠤ ᠦᠭᠡᠢ)᠎ᠡᠴᠡ ᠳᠡᠭᠡᠭᠰᠢ ᠪᠠᠢᠬᠤ ᠮᠥᠷᠲᠡᠭᠡᠨ ᠶᠡᠷᠦᠩᠬᠡᠢ ᠪᠡᠯᠡ ᠣᠷᠣᠭᠤᠯᠤᠯᠲᠠ᠎ᠳᠡᠬᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ 50% ᠡᠴᠡ ᠳᠡᠭᠡᠭᠰᠢᠬᠢ᠎ᠶᠢ ᠡᠵᠡᠯᠡᠭᠰᠡᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠤ ᠵᠠᠷᠴᠢᠮ ᠳᠡᠭᠡᠷ᠎ᠡ᠎ᠪᠡᠨ ᠣᠷᠣᠯᠠᠨ ᠪᠠᠶ᠋ᠢᠭᠤᠯᠬᠤ ᠳᠦᠷᠢᠮ᠎ᠢ ᠬᠡᠷᠡᠭᠵᠢᠭᠦᠯᠦᠨ᠎ᠡ᠃ ᠤᠯᠤᠰ᠎ᠤᠨ ᠠᠮᠤᠷ ᠲᠦᠪᠰᠢᠨ᠂ ᠨᠢᠭᠤᠴᠠ᠎ᠶᠢ ᠬᠠᠮᠠᠭᠠᠯᠠᠬᠤ᠂ ᠠᠶᠤᠯ ᠭᠠᠮᠰᠢᠭ᠋᠎ᠠᠴᠠ ᠠᠪᠤᠷᠠᠬᠤ᠎ᠳᠤ ᠬᠣᠯᠪᠣᠭᠳᠠᠬᠤ ᠵᠦᠢᠯ ᠡᠭᠦᠨ᠎ᠳᠦ ᠪᠠᠭᠲᠠᠬᠤ ᠦᠭᠡᠢ᠃ 

(ᠨᠢᠭᠡ) ᠨᠠᠮ ᠵᠠᠰᠠᠭ᠎ᠤᠨ ᠪᠠᠢᠭᠤᠯᠭ᠎ᠠ (ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠂ ᠤᠯᠤᠰ ᠲᠦᠷᠦ᠎ᠶᠢᠨ ᠵᠥᠪᠯᠡᠯᠭᠡᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠰᠢᠭᠦᠨ ᠲᠠᠰᠤᠯᠬᠤ᠂ ᠪᠠᠢᠴᠠᠭᠠᠬᠤ ᠵᠢᠴᠢ ᠠᠷᠠᠳᠴᠢᠯᠠᠭᠰᠠᠨ ᠨᠠᠮ ᠪᠦᠯᠦᠭ᠎ᠦᠨ ᠪᠠᠢᠭᠤᠯᠭ᠎ᠠ ᠪᠠᠭᠲᠠᠨ᠎ᠠ)ᠵᠢᠴᠢ ᠲᠡᠭᠦᠨ᠎ᠦ ᠲᠣᠮᠢᠯᠠᠭᠰᠠᠨ ᠪᠠᠢᠭᠤᠯᠤᠮᠵᠢ ᠪᠠ ᠰᠢᠭᠤᠳ ᠬᠠᠷᠢᠶ᠎ᠠ ᠠᠵᠢᠯ ᠦᠢᠯᠡᠰ᠎ᠦᠨ ᠨᠢᠭᠡᠴᠢ᠂ ᠠᠷᠠᠳ᠎ᠤᠨ ᠪᠦᠯᠬᠦᠮ᠎ᠦᠨ ᠠᠯᠪᠠᠨ ᠠᠵᠢᠯ᠎ᠳᠤ ᠬᠡᠷᠡᠭᠯᠡᠬᠦ ᠭᠡᠷ ᠪᠠᠢᠰᠢᠩ ᠪᠠ ᠮᠡᠷᠭᠡᠵᠢᠯ᠎ᠤᠨ ᠲᠤᠬᠠᠢᠯᠠᠭᠰᠠᠨ ᠠᠵᠢᠯ᠎ᠳᠤ ᠬᠡᠷᠡᠭᠯᠡᠬᠦ ᠭᠡᠷ ᠪᠠᠢᠰᠢᠩ ᠵᠡᠷᠭᠡ;

(ᠬᠣᠶᠠᠷ) ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠎ᠤ ᠰᠤᠳᠤᠯᠭᠠᠨ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠡ᠎ᠶᠢᠨ ᠲᠠᠮᠢᠷ᠂ ᠠᠷᠠᠳ᠎ᠤᠨ ᠶᠠᠪᠤᠳᠠᠯ ᠵᠢᠴᠢ ᠨᠡᠢᠭᠡᠮ᠎ᠦᠨ ᠠᠰᠠᠷᠠᠮᠵᠢ᠎ᠶᠢᠨ ᠵᠡᠷᠭᠡ ᠲᠦᠷᠦᠯ ᠵᠦᠢᠯ; 

(ᠭᠤᠷᠪᠠ)ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠭᠰᠠᠨ ᠪᠤᠰᠤᠳ ᠲᠥᠷᠥᠯ ᠵᠦᠢᠯ ᠃ 

ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠳᠤ ᠪᠠᠭᠲᠠᠬᠤ ᠨᠢ ᠭᠣᠣᠯᠳᠠᠭᠤ᠄ 

(ᠨᠢᠭᠡ) ᠡᠩ᠎ᠦᠨ ᠣᠯᠠᠨ ᠨᠡᠶ᠋ᠢᠲᠡ᠎ᠶᠢᠨ ᠲᠥᠰᠥᠪ᠎ᠲᠦ ᠲᠣᠬᠢᠷᠠᠭᠤᠯᠤᠭᠰᠠᠨ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠶᠢᠨ ᠪᠡᠯᠡ ᠮᠥᠩᠭᠥ ᠪᠠ ᠪᠤᠰᠤᠳ ᠲᠤᠰᠬᠠᠢ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ; 

(ᠬᠣᠶᠠᠷ) ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠦ ᠲᠥᠰᠥᠪ᠎ᠲᠦ ᠲᠣᠬᠢᠷᠠᠭᠤᠯᠤᠭᠰᠠᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ;

(ᠭᠤᠷᠪᠠ) ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠢᠭᠡᠯᠡᠵᠦ ᠣᠯᠣᠭᠰᠠᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ; 

(ᠳᠥᠷᠪᠡ) ᠤᠯᠤᠰ᠎ᠤᠨ ᠥᠮᠴᠢᠯᠡᠯᠲᠦ ᠬᠥᠷᠥᠩᠭᠡ᠎ᠶᠢᠨ ᠡᠵᠡᠩᠨᠡᠯᠲᠡ᠎ᠶᠢᠨ ᠲᠥᠰᠥᠪ᠎ᠲᠦ ᠲᠣᠬᠢᠷᠠᠭᠤᠯᠤᠭᠰᠠᠨ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠦᠨ ᠪᠡᠯᠡ ᠮᠥᠩᠭᠥ;

(ᠲᠠᠪᠤ) ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ ᠦᠢᠯᠡᠰ᠎ᠦᠨ ᠨᠢᠭᠡᠴᠢ᠎ᠶᠢᠨ ᠥᠪᠡᠷ᠎ᠦᠨ ᠬᠢᠨᠢ ᠪᠡᠯᠡ ᠮᠥᠩᠭᠥ ᠵᠡᠷᠭᠡ ᠡᠳ᠋᠎ᠦᠨ ᠵᠠᠰᠠᠭ᠎ᠤᠨ ᠴᠢᠨᠠᠷᠲᠠᠢ ᠪᠤᠰᠤᠳ ᠪᠡᠯᠡ ᠮᠥᠩᠭᠥ᠃ 

ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠢ ᠣᠷᠣᠯᠠᠨ ᠪᠠᠶ᠋ᠢᠭᠤᠯᠬᠤ ᠪᠠᠢᠭᠤᠯᠤᠮᠵᠢ᠎ᠠᠴᠠ ᠲᠥᠷᠥᠯ ᠵᠦᠢᠯ᠎ᠤᠨ ᠠᠩᠬᠠᠨ᠎ᠤ ᠵᠢᠷᠤᠭ ᠲᠥᠯᠥᠪᠯᠡᠭᠡ᠎ᠶᠢᠨ ᠴᠣᠬᠣᠯᠠᠪᠤᠷᠢ ᠪᠤᠶᠤ《 ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠢ ᠬᠢᠨᠠᠨ ᠪᠠᠢᠴᠠᠭᠠᠭᠠᠳ ᠬᠢᠷᠢ ᠲᠡᠩᠴᠡᠭᠰᠡᠨ ᠪᠢᠴᠢᠭ》᠎ᠢ ᠭᠠᠷᠳᠠᠭᠰᠠᠨ ᠴᠠᠭ᠎ᠡᠴᠡ ᠡᠬᠢᠯᠡᠨ᠂ ᠪᠠᠷᠢᠯᠭ᠎ᠠ ᠳᠠᠭᠤᠰᠴᠤ ᠰᠢᠯᠭᠠᠨ  ᠬᠤᠷᠢᠶᠠᠵᠤ ᠪᠦᠷᠢᠳᠬᠡᠨ ᠳᠠᠩᠰᠠᠯᠠᠭᠤᠯᠬᠤ ᠬᠦᠷᠲᠡᠯᠡᠬᠢ ᠪᠦᠲᠦᠭᠡᠨ ᠪᠠᠢᠭᠤᠯᠤᠯᠲᠠ᠎ᠶᠢᠨ ᠶᠠᠪᠤᠴᠠ᠎ᠳᠤ ᠣᠷᠣᠯᠠᠨ ᠪᠠᠶ᠋ᠢᠭᠤᠯᠬᠤ ᠬᠠᠮᠢᠶᠠᠷᠤᠯᠲᠠ ᠶᠠᠪᠤᠭᠤᠯᠤᠨ᠎ᠠ᠃ 

ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ  ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠤᠨ ᠣᠷᠣᠯᠠᠨ ᠪᠠᠶ᠋ᠢᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠣᠷᠣᠯᠠᠨ ᠪᠠᠶ᠋ᠢᠭᠤᠯᠬᠤ ᠠᠵᠢᠯ᠎ᠢ ᠵᠢᠯᠤᠭᠣᠳᠬᠤ᠂ ᠵᠣᠬᠢᠴᠠᠭᠤᠯᠬᠤ ᠪᠠ ᠶᠡᠷᠦᠩᠬᠡᠢᠯᠡᠨ ᠬᠠᠮᠢᠶᠠᠷᠬᠤ᠎ᠶᠢ ᠬᠠᠷᠢᠭᠤᠴᠠᠵᠤ᠂ ᠣᠷᠣᠯᠠᠨ ᠪᠠᠶ᠋ᠢᠭᠤᠯᠬᠤ ᠠᠵᠢᠯ᠎ᠤᠨ ᠲᠥᠬᠥᠷ ᠲᠥᠷᠥ᠎ᠶᠢᠨ ᠪᠣᠳᠣᠯᠭ᠎ᠠ᠎ᠶᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ᠂ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠵᠡᠷᠭᠡ ᠰᠠᠯᠠᠭ᠎ᠠ ᠮᠥᠴᠢᠷ ᠨᠢ ᠲᠣᠰ ᠲᠣᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ᠂ ᠲᠥᠷᠥᠯ ᠵᠦᠢᠯ᠎ᠤᠨ ᠣᠷᠣᠯᠠᠨ ᠪᠠᠶ᠋ᠢᠭᠤᠯᠬᠤ ᠶᠠᠪᠤᠴᠠ᠎ᠳᠠᠬᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ᠎ᠶᠢᠨ ᠠᠵᠢᠯ᠎ᠢ ᠬᠠᠤᠯᠢ ᠶᠣᠰᠣᠭᠠᠷ ᠰᠠᠢᠲᠤᠷ ᠬᠢᠬᠦ ᠬᠡᠷᠡᠭᠲᠡᠢ ᠃ 

ᠳᠣᠯᠣᠳᠤᠭᠠᠷ ᠵᠦᠢᠯ ᠣᠷᠣᠯᠠᠨ ᠪᠠᠶ᠋ᠢᠭᠤᠯᠬᠤ ᠲᠥᠷᠥᠯ ᠵᠦᠢᠯ᠎ᠢ ᠪᠠᠷᠢᠯᠭ᠎ᠠ᠎ᠶᠢ ᠶᠡᠷᠦᠩᠬᠡᠢᠯᠡᠨ ᠳᠠᠭᠠᠭᠠᠴᠢᠯᠠᠬᠤ ᠪᠤᠶᠤ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠬᠤ᠂ ᠪᠥᠬᠥ ᠶᠠᠪᠤᠴᠠ᠎ᠳᠦ ᠪᠠᠷᠢᠯᠭ᠎ᠠ᠎ᠶᠢᠨ ᠯᠠᠪᠯᠠᠭ᠎ᠠ᠎ᠶᠢᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠯᠪᠡᠷᠢ᠎ᠪᠡᠷ ᠪᠦᠲᠦᠭᠡᠨ ᠪᠠᠢᠭᠤᠯᠵᠤ᠂ ᠤᠭᠰᠠᠷᠠᠮᠠᠯ ᠮᠠᠶᠢᠭ᠋᠎ᠤᠨ᠂ ᠪᠠᠷᠢᠯᠭ᠎ᠠ᠎ᠶᠢᠨ ᠮᠡᠳᠡᠭᠡ ᠵᠠᠩᠭᠢ᠎ᠶᠢᠨ ᠵᠠᠭᠪᠤᠷ (BIM)ᠵᠡᠷᠭᠡ ᠮᠡᠷᠭᠡᠵᠢᠯ᠎ᠢ ᠡᠩ ᠲᠡᠷᠢᠭᠦᠨ᠎ᠳᠤ ᠬᠡᠷᠡᠭᠯᠡᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠪᠠ ᠠᠵᠢᠯᠯᠠᠭᠤᠯᠵᠤ ᠬᠠᠮᠠᠭᠠᠯᠠᠨ᠂  ᠬᠠᠷᠠᠭᠠᠯᠵᠠᠭᠰᠠᠨ ᠵᠠᠷᠤᠳᠠᠯ᠎ᠢ ᠲᠥᠷᠥᠯ ᠵᠦᠢᠯ᠎ᠤᠨ ᠪᠡᠯᠡ ᠣᠷᠣᠭᠤᠯᠤᠯᠲᠠ᠎ᠶᠢᠨ ᠪᠠᠷᠤᠭᠯᠠᠨ ᠪᠤᠳᠤᠬᠤ ᠪᠠ ᠲᠣᠢᠮᠣ᠌ ᠲᠥᠰᠥᠪ᠎ᠲᠦ ᠣᠷᠣᠭᠤᠯᠬᠤ ᠬᠡᠷᠡᠭᠲᠡᠢ᠃ 

ᠣᠷᠣᠯᠠᠨ ᠪᠠᠶ᠋ᠢᠭᠤᠯᠬᠤ ᠲᠦᠷᠦᠯ ᠵᠦᠢᠯ᠎ᠳᠦ ᠲᠡᠷᠢᠭᠦᠨ᠎ᠦ ᠮᠡᠷᠭᠡᠵᠢᠯ᠂ ᠲᠡᠷᠢᠭᠦᠨ᠎ᠦ ᠲᠥᠬᠦᠭᠡᠷᠦᠮᠵᠢ᠂ ᠲᠡᠷᠢᠭᠦᠨ᠎ᠦ ᠤᠷᠠᠯᠠᠯ᠂ ᠰᠢᠨ᠎ᠡ ᠬᠡᠯᠪᠡᠷᠢ᠎ᠶᠢᠨ ᠪᠠᠷᠢᠯᠭ᠎ᠠ᠎ᠶᠢᠨ ᠮᠠᠲᠧᠷᠢᠶᠠᠯ᠂ ᠣᠶᠤᠨᠴᠢ ᠪᠦᠲᠦᠭᠡᠨ ᠪᠠᠢᠭᠤᠯᠤᠯᠲᠠ ᠪᠠ ᠣᠳᠣ᠌ ᠦᠶ᠎ᠡ᠎ᠶᠢᠨ ᠬᠠᠮᠢᠶᠠᠷᠤᠯᠲᠠ᠎ᠶᠢᠨ ᠠᠷᠭ᠎ᠠ ᠬᠡᠷᠡᠭᠯᠡᠬᠦ᠎ᠶᠢ ᠰᠠᠨᠠᠭᠠᠴᠢᠯᠠᠵᠤ᠂ ᠪᠣᠬᠢᠷᠲᠤᠯ ᠦᠭᠡᠢ ᠪᠠᠷᠢᠯᠭ᠎ᠠ ᠪᠠ ᠪᠣᠬᠢᠷᠲᠤᠯ ᠦᠭᠡᠢ ᠪᠠᠷᠢᠯᠭ᠎ᠠ᠎ᠶᠢᠨ ᠮᠠᠲᠧᠷᠢᠶᠠᠯ᠎ᠤᠨ ᠬᠠᠮᠢᠶ᠎ᠠ ᠪᠦᠬᠦᠢ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠨ᠂ ᠵᠢᠷᠤᠭᠯᠠᠨ ᠲᠥᠯᠥᠪᠯᠡᠬᠦ᠂ ᠪᠠᠷᠢᠵᠤ ᠪᠠᠶ᠋ᠢᠭᠤᠯᠬᠤ ᠵᠢᠴᠢ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ᠎ᠶᠢᠨ ᠰᠢᠨᠵᠢᠯᠡᠬᠦ ᠤᠬᠠᠭᠠᠨᠴᠢᠯᠠᠭᠰᠠᠨ ᠬᠡᠮᠵᠢᠶ᠎ᠡ᠎ᠶᠢ ᠳᠡᠭᠡᠭᠰᠢᠯᠡᠭᠦᠯᠵᠦ᠂ ᠪᠠᠷᠢᠯᠭ᠎ᠠ᠎ᠶᠢᠨ ᠪᠡᠯᠡ ᠣᠷᠣᠭᠤᠯᠤᠯᠲᠠ᠎ᠶᠢ ᠠᠷᠪᠢᠯᠠᠬᠤ᠂ ᠪᠠᠷᠢᠯᠭ᠎ᠠ᠎ᠶᠢᠨ ᠬᠤᠭᠤᠴᠠᠭ᠎ᠠ᠎ᠶᠢ ᠵᠣᠬᠢᠰᠲᠠᠢ᠎ᠪᠡᠷ ᠪᠣᠭᠣᠨᠢᠰᠬᠠᠬᠤ᠂ ᠬᠠᠮᠢᠶᠠᠷᠤᠯᠲᠠ᠎ᠶᠢ ᠨᠠᠷᠢᠯᠢᠭ᠍ᠵᠢᠭᠤᠯᠬᠤ ᠬᠠᠷᠠᠯᠲᠠ᠎ᠪᠠᠨ ᠪᠡᠶᠡᠯᠡᠭᠦᠯᠵᠦ᠂ ᠪᠠᠷᠢᠯᠭ᠎ᠠ᠎ᠶᠢᠨ ᠮᠡᠳᠡᠭᠡ ᠵᠠᠩᠭᠢᠴᠢᠯᠠᠭᠰᠠᠨ᠂ ᠠᠵᠤ ᠦᠢᠯᠡᠳᠪᠦᠷᠢᠵᠢᠭᠰᠡᠨ᠂ ᠪᠣᠬᠢᠷᠲᠤᠯ ᠦᠭᠡᠢᠵᠢᠭᠦᠯᠦᠭᠰᠡᠨ ᠬᠥᠭᠵᠢᠯᠲᠡ᠎ᠶᠢ ᠠᠬᠢᠭᠤᠯᠤᠨ᠎ᠠ᠃ 

ᠬᠣᠶᠠᠳᠤᠭᠠᠷ ᠪᠦᠯᠦᠭ  ᠣᠷᠣᠯᠠᠨ ᠪᠠᠶ᠋ᠢᠭᠤᠯᠬᠤ ᠡᠯ᠎ᠡ ᠲᠠᠯ᠎ᠠ᠎ᠶᠢᠨ ᠬᠢᠨ᠎ᠦ ᠡᠭᠦᠷᠭᠡ ᠬᠠᠷᠢᠭᠤᠴᠠᠯᠭ᠎ᠠ 

ᠨᠠᠢ᠍ᠮᠠᠳᠤᠭᠠᠷ ᠵᠦᠢᠯ  ᠣᠷᠣᠯᠠᠨ ᠪᠠᠶ᠋ᠢᠭᠤᠯᠬᠤ ᠪᠠᠢᠭᠤᠯᠤᠮᠵᠢ᠎ᠶᠢᠨ ᠭᠣᠣᠯ ᠡᠭᠦᠷᠭᠡ ᠬᠠᠷᠢᠭᠤᠴᠠᠯᠭ᠎ᠠ᠎ᠳᠤ ᠪᠠᠭᠲᠠᠬᠤ ᠨᠢ᠄ 

(ᠨᠢᠭᠡ) ᠣᠷᠣᠯᠠᠨ ᠪᠠᠶ᠋ᠢᠭᠤᠯᠬᠤ ᠲᠦᠷᠦᠯ ᠵᠦᠢᠯ᠎ᠦᠨ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠵᠤ᠂ ᠪᠡᠯᠡ ᠣᠷᠣᠭᠤᠯᠤᠯᠲᠠ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠡᠷ ᠵᠥᠪᠰᠢᠶᠡᠷᠡᠭᠦᠯᠦᠭᠰᠡᠨ ᠪᠡᠯᠡ ᠣᠷᠣᠭᠤᠯᠤᠯᠲᠠ᠎ᠶᠢᠨ ᠲᠣᠢᠮᠣ᠌ ᠲᠥᠰᠥᠪ᠎ᠢ ᠴᠢᠩᠭ᠎ᠠ ᠡᠵᠡᠮᠰᠢᠨ᠎ᠡ;

(ᠬᠣᠶᠠᠷ) ᠬᠡᠷᠡᠭᠯᠡᠬᠦ ᠨᠢᠭᠡᠴᠢ ᠬᠢᠭᠡᠳ ᠣᠷᠣᠯᠠᠨ ᠪᠠᠶ᠋ᠢᠭᠤᠯᠬᠤ ᠲᠦᠷᠦᠯ ᠵᠦᠢᠯ ᠯᠦ᠍ᠭᠡ ᠬᠣᠯᠪᠣᠭᠳᠠᠬᠤ ᠡᠯ᠎ᠡ ᠰᠠᠯᠠᠭ᠎ᠠ ᠮᠥᠴᠢᠷ᠎ᠦᠨ ᠬᠤᠭᠤᠷᠤᠨᠳᠤᠬᠢ ᠬᠠᠷᠢᠴᠠᠭ᠎ᠠ᠎ᠶᠢ ᠵᠣᠬᠢᠴᠠᠭᠤᠯᠤᠨ᠎ᠠ;

( ᠭᠤᠷᠪᠠ ) ᠪᠠᠷᠢᠯᠭ᠎ᠠ᠎ᠶᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠪᠠᠢᠪᠠᠯ ᠪᠠᠷᠢᠯᠭ᠎ᠠ᠎ᠶᠢᠨ ᠠᠵᠢᠯ᠎ᠤᠨ ᠵᠢᠷᠤᠭ᠎ᠦᠨ ᠵᠢᠷᠤᠭᠯᠠᠨ ᠲᠥᠯᠥᠪᠯᠡᠬᠦ ᠪᠠ ᠬᠢᠨᠠᠨ ᠪᠠᠢᠴᠠᠭᠠᠬᠤ (ᠭᠠᠯ ᠰᠡᠷᠭᠡᠢᠯᠡᠵᠦ ᠤᠨᠲᠠᠷᠠᠭᠠᠬᠤ᠂ ᠠᠷᠠᠳ᠎ᠤᠨ ᠠᠭᠠᠷ᠎ᠤᠨ ᠰᠡᠷᠭᠡᠢᠯᠡᠯᠲᠡ ᠪᠠᠭᠲᠠᠨ᠎ᠠ) ᠠᠵᠢᠯ᠎ᠢ ᠡᠭᠦᠷᠭᠡᠯᠡᠨ ᠵᠣᠬᠢᠶᠠᠨ ᠪᠠᠢᠭᠤᠯᠤᠨ᠎ᠠ; 

( ᠳᠥᠷᠪᠡ ) ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠪᠠᠢᠪᠠᠯ ᠲᠥᠷᠥᠯ ᠵᠦᠢᠯ᠎ᠦᠨ《ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠢ ᠬᠢᠨᠠᠨ ᠪᠠᠢᠴᠠᠭᠠᠭᠠᠳ ᠬᠢᠷᠢ ᠲᠡᠩᠴᠡᠭᠰᠡᠨ ᠪᠢᠴᠢᠭ》᠎ᠢ ᠭᠠᠷᠳᠠᠬᠤ᠎ᠠᠴᠠ ᠡᠮᠦᠨᠡᠬᠢ ᠬᠠᠮᠢᠶ᠎ᠠ ᠪᠦᠬᠦᠢ ᠠᠵᠢᠯ᠎ᠳᠦ ᠣᠷᠤᠯᠴᠠᠨ᠎ᠠ; 

( ᠲᠠᠪᠤ ) ᠳᠠᠭᠠᠭᠠᠴᠢᠯᠠᠯᠲᠠ ᠵᠠᠷᠯᠠᠭ᠍ᠴᠢ᠎ᠶᠢᠨ ᠬᠤᠪᠢ᠎ᠪᠠᠷ ᠪᠠᠷᠢᠯᠭ᠎ᠠ ᠪᠤᠶᠤ ᠡᠭᠦᠨ ᠯᠦ᠍ᠭᠡ ᠬᠣᠯᠪᠣᠭᠳᠠᠬᠤ ᠪᠠᠷᠠᠭ᠎ᠠ᠂ ᠦᠢᠯᠡᠴᠢᠯᠡᠭᠡᠨ ᠵᠡᠷᠭᠡ᠎ᠶᠢᠨ ᠳᠠᠭᠠᠭᠠᠴᠢᠯᠠᠯᠲᠠ ᠵᠠᠷᠯᠠᠬᠤ ᠠᠵᠢᠯᠯᠠᠭ᠎ᠠ᠎ᠶᠢ ᠬᠠᠤᠯᠢ ᠶᠣᠰᠣᠭᠠᠷ ᠵᠣᠬᠢᠶᠠᠨ ᠪᠠᠢᠭᠤᠯᠤᠨ ᠥᠷᠨᠢᠭᠦᠯᠵᠦ᠂ ᠳᠠᠭᠠᠭᠠᠴᠢᠯᠠᠭᠤᠯᠤᠭ᠍ᠴᠢ᠎ᠶᠢᠨ ᠬᠤᠪᠢ᠎ᠪᠠᠷ ᠳᠠᠭᠠᠭᠠᠴᠢᠯᠠᠯᠲᠠ ᠣᠯᠣᠭ᠍ᠴᠢ ᠯᠤᠭ᠎ᠠ ᠬᠠᠮᠢᠶ᠎ᠠ ᠪᠦᠬᠦᠢ ᠭᠡᠷ᠎ᠡ ᠲᠣᠭᠲᠠᠵᠤ᠂ ᠪᠠᠷᠢᠯᠭ᠎ᠠ᠎ᠶᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠬᠢᠭᠡᠳ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ᠎ᠳᠦ ᠲᠤᠰᠬᠠᠢ ᠠᠵᠢᠯ᠎ᠤᠨ ᠪᠠᠷᠢᠯᠭ᠎ᠠ ᠬᠤᠪᠢᠶᠠᠨ ᠳᠠᠭᠠᠭᠠᠴᠢᠯᠠᠭᠤᠯᠬᠤ᠎ᠳᠦ ᠬᠢᠨᠠᠯᠲᠠ ᠲᠠᠯᠪᠢᠵᠤ ᠬᠠᠮᠢᠶᠠᠷᠤᠨ᠎ᠠ; 

(ᠵᠢᠷᠭᠤᠭ᠎ᠠ) ᠪᠠᠷᠢᠯᠭ᠎ᠠ᠎ᠶᠢᠨ ᠠᠵᠢᠯ᠎ᠤᠨ ᠵᠥᠪᠰᠢᠶᠡᠷᠡᠯ᠂ ᠬᠤᠳᠠ᠎ᠶᠢᠨ ᠶᠠᠪᠤᠳᠠᠯ᠎ᠦᠨ ᠳᠦᠬᠦᠷᠵᠢᠭᠦᠯᠦᠯᠲᠡ ᠵᠡᠷᠭᠡ ᠬᠠᠮᠢᠶ᠎ᠠ ᠪᠦᠬᠦᠢ ᠭᠠᠷᠳᠠᠮ᠎ᠢ ᠭᠦᠢᠴᠡᠳᠭᠡᠨ᠎ᠡ; 

(ᠲᠤᠯᠤᠭ᠎ᠠ) ᠲᠦᠷᠦᠯ ᠵᠦᠢᠯ᠎ᠦᠨ ᠠᠬᠢᠴᠠ ᠶᠣᠰᠣᠭᠠᠷ ᠣᠨ᠎ᠤ ᠪᠡᠯᠡ ᠣᠷᠣᠭᠤᠯᠤᠯᠲᠠ᠎ᠶᠢᠨ ᠲᠥᠯᠥᠪᠯᠡᠭᠡ ᠪᠠ ᠣᠨ᠎ᠤ   ᠦᠨᠳᠦᠰᠦᠨ ᠪᠦᠲᠦᠭᠡᠨ ᠪᠠᠢᠭᠤᠯᠤᠯᠲᠠ᠎ᠶᠢᠨ ᠵᠠᠷᠤᠯᠭ᠎ᠠ᠎ᠶᠢᠨ ᠲᠥᠰᠥᠪ᠎ᠢ ᠨᠠᠢᠷᠠᠭᠤᠯᠤᠨ ᠵᠣᠬᠢᠶᠠᠵᠤ᠂ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ᠎ᠶᠢ ᠭᠤᠶᠤᠴᠢᠯᠠᠨ ᠠᠪᠬᠤ᠂ ᠬᠠᠮᠢᠶᠠᠷᠬᠤ ᠪᠠ ᠬᠡᠷᠡᠭᠯᠡᠵᠦ᠂ ᠲᠦᠷᠦᠯ ᠵᠦᠢᠯ᠎ᠦᠨ ᠣᠨ᠎ᠤ ᠡᠳ᠋᠎ᠦᠨ ᠶᠠᠪᠤᠳᠠᠯ᠎ᠤᠨ ᠲᠥᠰᠥᠪ᠎ᠦᠨ ᠭᠦᠢᠴᠡᠳᠬᠡᠯ᠎ᠦᠨ ᠮᠡᠳᠡᠭᠦᠯᠦᠯᠲᠡ᠎ᠶᠢᠨ ᠬᠦᠰᠦᠨᠦᠭᠲᠦ᠎ᠶᠢ ᠨᠠᠢᠷᠠᠭᠤᠯᠤᠨ ᠵᠣᠬᠢᠶᠠᠨ᠎ᠠ; 

( ᠨᠠᠢ᠍ᠮᠠ)ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢᠨ ᠶᠠᠪᠤᠴᠠ᠎ᠳᠡᠬᠢ ᠪᠡᠯᠡ ᠣᠷᠣᠭᠤᠯᠤᠯᠲᠠ᠎ᠶᠢᠨ ᠲᠣᠢᠮᠣ᠌ ᠲᠥᠰᠥᠪ᠂ ᠶᠠᠰᠤ ᠴᠢᠨᠠᠷ᠎ᠤᠨ ᠠᠮᠤᠷ ᠲᠦᠪᠰᠢᠨ᠂ ᠪᠠᠷᠢᠯᠭ᠎ᠠ᠎ᠶᠢᠨ ᠬᠤᠭᠤᠴᠠᠭᠠᠨ᠎ᠤ ᠠᠬᠢᠴᠠ᠎ᠶᠢ ᠡᠵᠡᠮᠰᠢᠬᠦ᠎ᠶᠢ ᠬᠠᠷᠢᠭᠤᠴᠠᠨ᠎ᠠ; 

(ᠶᠢᠰᠦ) ᠣᠷᠣᠯᠠᠨ ᠪᠠᠶ᠋ᠢᠭᠤᠯᠬᠤ ᠲᠦᠷᠦᠯ ᠵᠦᠢᠯ᠎ᠦᠨ ᠦᠵᠥᠭᠯᠡᠭᠰᠡᠨ ᠭᠡᠷᠡᠴᠢᠯᠡᠯᠲᠡ᠎ᠪᠠᠨ ᠬᠤᠪᠢᠷᠠᠭᠠᠬᠤ᠎ᠶᠢ ᠬᠢᠨᠠᠨ ᠬᠠᠷᠭᠤᠭᠤᠯᠬᠤ ᠵᠦᠢᠯᠡᠰ᠎ᠢ ᠨᠢ ᠲᠣᠭᠲᠠᠭᠠᠯ ᠶᠣᠰᠣᠭᠠᠷ ᠭᠦᠢᠴᠡᠳᠬᠡᠨ᠎ᠡ;

(ᠠᠷᠪᠠ) ᠠᠵᠢᠯ᠎ᠤᠨ ᠳᠤᠮᠳᠠᠬᠢ ᠰᠢᠯᠭᠠᠨ ᠬᠤᠷᠢᠶᠠᠬᠤ᠂ ᠲᠤᠰᠬᠠᠢ ᠵᠦᠢᠯ᠎ᠢᠶᠡᠷ ᠰᠢᠯᠭᠠᠨ ᠬᠤᠷᠢᠶᠠᠬᠤ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠪᠠ ᠪᠦᠷᠢᠳᠬᠡᠨ ᠳᠠᠩᠰᠠᠯᠠᠭᠤᠯᠬᠤ᠎ᠶᠢ ᠵᠣᠬᠢᠶᠠᠨ ᠪᠠᠶ᠋ᠢᠭᠤᠯᠬᠤ ᠪᠤᠶᠤ ᠮᠡᠳᠡᠭᠦᠯᠵᠦ᠂ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠨ ᠲᠣᠭᠲᠠᠭᠠᠯ ᠶᠣᠰᠣᠭᠠᠷ᠂ ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ᠎ᠳᠡᠬᠢ ᠶᠠᠰᠤ ᠴᠢᠨᠠᠷ᠎ᠤᠨ ᠲᠠᠯ᠎ᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠨ᠎ᠡ; 

(ᠠᠷᠪᠠᠨ ᠨᠢᠭᠡ) ᠪᠠᠷᠢᠯᠭ᠎ᠠ ᠳᠠᠭᠤᠰᠤᠭᠰᠠᠨ᠎ᠤ ᠳᠠᠷᠠᠭᠠᠬᠢ ᠡᠳ᠋᠎ᠦᠨ ᠶᠠᠪᠤᠳᠠᠯ᠎ᠤᠨ ᠲᠥᠰᠥᠪ᠎ᠦᠨ ᠭᠦᠢᠴᠡᠳᠬᠡᠯ᠎ᠦᠨ ᠮᠡᠳᠡᠭᠦᠯᠦᠯᠲᠡ᠎ᠶᠢ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠳᠦ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ; 

(ᠠᠷᠪᠠᠨ ᠬᠣᠶᠠᠷ)ᠲᠥᠷᠥᠯ ᠵᠦᠢᠯ᠎ᠦᠨ ᠪᠠᠷᠢᠯᠭ᠎ᠠ ᠳᠠᠭᠤᠰᠤᠭᠰᠠᠨ ᠵᠢᠴᠢ ᠬᠣᠯᠪᠣᠭᠳᠠᠯ ᠪᠦᠬᠦᠢ ᠮᠡᠷᠭᠡᠵᠢᠯ᠎ᠦᠨ ᠮᠠᠲᠧᠷᠢᠶᠠᠯ᠎ᠢ ᠡᠮᠬᠢᠳᠬᠡᠵᠦ ᠰᠢᠯᠵᠢᠭᠦᠯᠦᠨ ᠲᠤᠰᠢᠶᠠᠬᠤ᠎ᠶᠢ ᠬᠠᠷᠢᠭᠤᠴᠠᠨ᠎ᠠ; 

(ᠠᠷᠪᠠᠨ ᠭᠤᠷᠪᠠ) ᠪᠠᠷᠢᠯᠭ᠎ᠠ᠎ᠶᠢᠨ ᠭᠡᠮ ᠰᠣᠭᠣᠭ᠎ᠤᠨ ᠬᠠᠷᠢᠭᠤᠴᠠᠯᠭ᠎ᠠ᠎ᠶᠢᠨ ᠬᠤᠭᠤᠴᠠᠭᠠᠨ ᠎ᠳᠡᠬᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠎ᠶᠢ ᠵᠣᠬᠢᠶᠠᠨ ᠪᠠᠢᠭᠤᠯᠤᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ; 

(ᠠᠷᠪᠠᠨ ᠳᠥᠷᠪᠡ)ᠲᠣᠭᠲᠠᠭᠠᠯ᠎ᠠᠴᠠ ᠵᠥᠷᠢᠴᠡᠭᠰᠡᠨ᠂ ᠭᠡᠷ᠎ᠡ᠎ᠡᠴᠡ ᠵᠥᠷᠢᠴᠡᠭᠰᠡᠨ ᠬᠣᠯᠪᠣᠭᠳᠠᠯ ᠪᠦᠬᠦᠢ ᠥᠢᠯᠡ ᠠᠵᠢᠯᠯᠠᠭ᠎ᠠ᠎ᠶᠢ ᠬᠣᠷᠢᠭ᠍ᠯᠠᠨ ᠵᠣᠭᠰᠤᠭᠠᠬᠤ᠂ ᠵᠠᠯᠠᠷᠠᠭᠤᠯᠬᠤ ᠪᠤᠶᠤ ᠬᠣᠯᠪᠣᠭᠳᠠᠯ ᠪᠦᠬᠦᠢ ᠵᠠᠰᠠᠭ ᠵᠠᠬᠢᠷᠭᠠᠨ᠎ᠤ ᠬᠢᠨᠠᠯᠲᠠ ᠲᠠᠯᠪᠢᠬᠤ ᠰᠠᠯᠠᠭ᠎ᠠ ᠮᠥᠴᠢᠷ᠎ᠲᠦ ᠳᠡᠪᠰᠢᠭᠦᠯᠦᠨ ᠰᠢᠢᠳᠪᠦᠷᠢᠯᠡᠭᠦᠯᠦᠨ᠎ᠡ; 

(ᠠᠷᠪᠠᠨ ᠲᠠᠪᠤ)ᠣᠷᠣᠯᠠᠨ ᠪᠠᠶ᠋ᠢᠭᠤᠯᠬᠤ ᠲᠥᠷᠥᠯ ᠵᠦᠢᠯ᠎ᠢ ᠰᠢᠯᠵᠢᠭᠦᠯᠦᠨ ᠲᠤᠰᠢᠶᠠᠬᠤ᠎ᠶᠢ ᠵᠣᠬᠢᠶᠠᠨ ᠪᠠᠢᠭᠤᠯᠤᠨ᠎ᠠ ᠃ 

ᠶᠢᠰᠦᠳᠦᠭᠡᠷ ᠵᠦᠢᠯ   ᠬᠡᠷᠡᠭᠯᠡᠬᠦ ᠨᠢᠭᠡᠴᠢ᠎ᠶᠢᠨ ᠭᠣᠣᠯ ᠡᠭᠦᠷᠭᠡ ᠬᠠᠷᠢᠭᠤᠴᠠᠯᠭ᠎ᠠ᠎ᠳᠤ ᠪᠠᠭᠲᠠᠬᠤ ᠨᠢ᠄ 

(ᠨᠢᠭᠡ) ᠲᠥᠷᠥᠯ ᠵᠦᠢᠯ᠎ᠤᠨ ᠰᠠᠨᠠᠭᠤᠯᠭ᠎ᠠ᠎ᠶᠢᠨ ᠪᠢᠴᠢᠭ᠎ᠢ ᠨᠠᠢᠷᠠᠭᠤᠯᠤᠨ ᠵᠣᠬᠢᠶᠠᠬᠤ᠎ᠶᠢᠨ ᠬᠠᠮᠲᠤ ᠭᠤᠶᠤᠴᠢᠯᠠᠨ ᠮᠡᠳᠡᠭᠦᠯᠵᠦ᠂ ᠲᠥᠷᠥᠯ ᠵᠦᠢᠯ᠎ᠤᠨ ᠰᠠᠨᠠᠭᠤᠯᠭ᠎ᠠ᠎ᠶᠢᠨ ᠪᠢᠴᠢᠭ᠎ᠲᠤ ᠵᠥᠪᠰᠢᠶᠡᠷᠡᠭᠰᠡᠨ ᠪᠦᠲᠦᠭᠡᠨ ᠪᠠᠢᠭᠤᠯᠤᠯᠲᠠ᠎ᠶᠢᠨ ᠰᠢᠨᠵᠢ ᠴᠢᠨᠠᠷ᠂ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ ᠪᠠ ᠶᠡᠷᠦᠩᠬᠡᠢ ᠪᠡᠯᠡ ᠣᠷᠣᠭᠤᠯᠤᠯᠲᠠ᠎ᠶᠢᠨ ᠲᠣᠭ᠎ᠠ᠎ᠶᠢ ᠦᠨᠳᠦᠰᠦᠯᠡᠨ᠂ ᠲᠥᠷᠥᠯ ᠵᠦᠢᠯ᠎ᠤᠨ ᠬᠡᠷᠡᠭᠯᠡᠬᠦ ᠴᠢᠳᠠᠮᠵᠢ᠎ᠶᠢᠨ ᠲᠣᠬᠢᠷᠠᠭᠤᠯᠤᠯᠲᠠ (ᠲᠥᠷᠥᠯ ᠵᠦᠢᠯ᠎ᠤᠨ ᠡᠯ᠎ᠡ ᠲᠤᠰᠬᠠᠢ ᠠᠵᠢᠯ᠎ᠤᠨ ᠪᠠᠷᠢᠯᠭ᠎ᠠ ᠪᠠᠭᠲᠠᠨ᠎ᠠ)᠂ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ  ᠪᠠ ᠪᠡᠯᠡ ᠣᠷᠣᠭᠤᠯᠤᠯᠲᠠ᠎ᠶᠢᠨ ᠰᠠᠨᠠᠭᠤᠯᠭ᠎ᠠ᠎ᠶᠢ ᠳᠤᠷᠠᠳᠤᠨ᠎ᠠ; 

(ᠬᠣᠶᠠᠷ) ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠶᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠨ᠎ᠠ; 

(ᠭᠤᠷᠪᠠ )ᠲᠥᠷᠥᠯ ᠵᠦᠢᠯ᠎ᠦᠨ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠶᠢᠨ ᠬᠢᠨᠠᠨ ᠵᠥᠪᠰᠢᠶᠡᠷᠡᠬᠦ ᠭᠠᠷᠳᠠᠮ᠎ᠢ ᠭᠦᠢᠴᠡᠳᠬᠡᠨ᠎ᠡ᠂ ᠬᠢᠨᠠᠨ ᠵᠥᠪᠰᠢᠶᠡᠷᠡᠬᠦ ᠮᠠᠲᠧᠷᠢᠶᠠᠯ᠎ᠳᠤ ᠪᠠᠭᠲᠠᠬᠤ ᠨᠢ ᠄ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠶᠢᠨ ᠭᠤᠶᠤᠴᠢᠯᠠᠯ᠎ᠤᠨ ᠪᠢᠴᠢᠭ ᠮᠠᠲᠧᠷᠢᠶᠠᠯ᠂ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠂ ᠭᠠᠵᠠᠷ ᠰᠣᠩᠭᠣᠬᠤ ᠰᠠᠨᠠᠯ᠎ᠤᠨ ᠪᠢᠴᠢᠭ ( ᠬᠤᠪᠢᠶᠠᠷᠢᠯᠠᠨ ᠰᠠᠯᠭᠠᠵᠤ ᠥᠭᠬᠦ ᠠᠷᠭ᠎ᠠ ᠮᠠᠶᠢᠭ᠋᠎ᠢᠶᠠᠷ ᠤᠯᠤᠰ᠎ᠤᠨ ᠥᠮᠴᠢᠯᠡᠯᠲᠦ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠬᠠᠩᠭᠠᠬᠤ ᠲᠥᠷᠥᠯ ᠵᠦᠢᠯ )᠂ ᠬᠡᠷᠡᠭᠯᠡᠬᠦ ᠭᠠᠵᠠᠷ᠎ᠢ ᠤᠷᠢᠳᠴᠢᠯᠠᠨ ᠬᠢᠨᠠᠭᠰᠠᠨ ᠰᠠᠨᠠᠯ᠂ ᠡᠨᠧᠷᠭᠢ ᠠᠷᠪᠢᠯᠠᠬᠤ᠎ᠶᠢ ᠬᠢᠨᠠᠨ ᠪᠠᠢᠴᠠᠭᠠᠭᠰᠠᠨ ᠰᠠᠨᠠᠯ᠂ ᠴᠢᠬᠤᠯᠠ ᠶᠡᠬᠡ ᠲᠥᠷᠥᠯ ᠵᠦᠢᠯ ᠪᠣᠯ ᠲᠥᠷᠥᠯ ᠵᠦᠢᠯ᠎ᠦᠨ ᠨᠡᠢᠭᠡᠮ᠎ᠦᠨ ᠲᠣᠭᠲᠠᠭᠤᠨ᠎ᠤ ᠲᠠᠯ᠎ᠠ᠎ᠪᠠᠷ ᠬᠢ ᠲᠦᠭᠰᠢᠭᠦᠷᠢ᠎ᠶᠢ ᠦᠨᠡᠯᠡᠨ ᠵᠢᠱ᠌ᠢᠭᠰᠡᠨ ᠮᠡᠳᠡᠭᠦᠯᠦᠯᠲᠡ ᠵᠢᠴᠢ ᠬᠢᠨᠠᠨ ᠬᠠᠷᠭᠤᠭᠤᠯᠤᠭᠰᠠᠨ ᠰᠠᠨᠠᠯ᠎ᠢ ᠬᠠᠩᠭᠠᠵᠤ᠂ ᠨᠡᠭᠦᠳᠡᠯ ᠠᠷᠠᠳ᠎ᠢ ᠲᠥᠪᠬᠢᠨᠡᠭᠦᠯᠬᠦ᠎ᠳᠦ ᠬᠣᠯᠪᠣᠭᠳᠠᠭᠰᠠᠨ ᠪᠠᠢᠪᠠᠯ ᠪᠠᠰᠠ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠦᠪᠵᠢᠭᠦᠯᠭᠡ᠎ᠶᠢᠨ ᠬᠢᠨᠠᠨ ᠬᠠᠷᠭᠤᠭᠤᠯᠤᠭᠰᠠᠨ ᠰᠠᠨᠠᠯ᠎ᠢ  ᠬᠠᠩᠭᠠᠨ᠎ᠠ; 

( ᠳᠥᠷᠪᠡ ) ᠲᠥᠷᠥᠯ ᠵᠦᠢᠯ᠎ᠤᠨ ᠭᠠᠵᠠᠷ ᠬᠡᠷᠡᠭᠯᠡᠬᠦ ᠲᠥᠯᠦᠪᠵᠢᠭᠦᠯᠭᠡ᠂ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠵᠥᠪᠰᠢᠶᠡᠷᠡᠯ᠂ ᠬᠡᠷᠡᠭᠯᠡᠬᠦ ᠭᠠᠵᠠᠷ᠎ᠢ ᠬᠤᠪᠢᠶᠠᠷᠢᠯᠠᠨ ᠰᠠᠯᠭᠠᠵᠤ ᠥᠭᠬᠦ ᠲᠣᠭᠲᠠᠭᠠᠯ᠂ ᠥᠯᠥ ᠬᠥᠳᠡᠯᠬᠦ ᠬᠥᠷᠥᠩᠭᠡ᠎ᠶᠢᠨ ᠡᠷᠬᠡ ᠵᠡᠷᠭᠡ ᠬᠠᠮᠢᠶ᠎ᠠ ᠪᠦᠬᠦᠢ ᠭᠠᠷᠳᠠᠮ᠎ᠢ ᠭᠦᠢᠴᠡᠳᠭᠡᠨ᠎ᠡ; 

( ᠲᠠᠪᠤ ) ᠪᠠᠷᠢᠯᠭ᠎ᠠ᠎ᠶᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠲᠥᠷᠥᠯ ᠵᠦᠢᠯ ᠪᠣᠯ᠂  ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠶᠢᠨ ᠴᠣᠬᠣᠯᠠᠪᠤᠷᠢ᠂ ᠲᠥᠯᠦᠪᠵᠢᠭᠦᠯᠭᠡ᠎ᠶᠢᠨ ᠵᠥᠪᠯᠡᠯ᠎ᠦᠨ ᠲᠥᠷᠥᠯ ᠵᠦᠢᠯ᠎ᠦᠨ ᠲᠥᠯᠦᠪᠵᠢᠭᠦᠯᠭᠡ᠎ᠶᠢᠨ ᠲᠥᠰᠥᠯ᠎ᠦᠨ ᠲᠤᠬᠠᠢ ᠬᠢᠨᠠᠨ ᠪᠠᠢᠴᠠᠭᠠᠭᠰᠠᠨ ᠰᠠᠨᠠᠯ᠂ ᠬᠣᠯᠪᠣᠭᠳᠠᠯ ᠪᠦᠬᠦᠢ ᠬᠣᠲᠠ᠎ᠶᠢᠨ ᠶᠠᠪᠤᠳᠠᠯ᠎ᠤᠨ ᠲᠥᠬᠥᠷ ᠪᠡᠯᠡᠳᠬᠡᠮᠵᠢ᠂ ᠣᠷᠴᠢᠨ ᠲᠣᠭᠣᠷᠢᠨ᠎ᠤ ᠬᠠᠮᠠᠭᠠᠯᠠᠯᠲᠠ᠂ ᠬᠥᠷᠥᠰᠥ ᠰᠢᠷᠣᠢ᠎ᠶᠢᠨ ᠬᠠᠮᠠᠭᠠᠯᠠᠯᠲᠠ᠎ᠶᠢᠨ ᠵᠥᠪᠰᠢᠶᠡᠷᠡᠯ᠎ᠦᠨ ᠲᠥᠰᠥᠯ᠎ᠢ ᠦᠨᠳᠦᠰᠦᠯᠡᠨ᠂ ᠠᠩᠬᠠᠨ᠎ᠤ ᠵᠢᠷᠤᠭ ᠲᠥᠯᠥᠪᠯᠡᠭᠡ ᠵᠢᠴᠢ ᠲᠣᠢᠮᠣ᠌ ᠲᠥᠰᠥᠪ᠎ᠦᠨ ᠪᠢᠴᠢᠭ ᠮᠠᠲᠧᠷᠢᠶᠠᠯ᠎ᠤᠨ ᠨᠠᠢᠷᠠᠭᠤᠯᠤᠨ ᠵᠣᠬᠢᠶᠠᠬᠤ᠂ ᠰᠢᠯᠢᠳᠡᠭᠵᠢᠭᠦᠯᠬᠦ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠵᠣᠬᠢᠶᠠᠨ ᠪᠠᠢᠭᠤᠯᠤᠨ᠎ᠠ᠂ ᠠᠩᠬᠠᠨ᠎ᠤ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ ᠨᠢ ᠠᠭᠤᠯᠭ᠎ᠠ᠎ᠪᠡᠷ ᠪᠦᠷᠢᠨ ᠪᠦᠲᠦᠨ᠂ ᠲᠤᠰᠬᠠᠢ ᠮᠡᠷᠭᠡᠵᠢᠯ ᠨᠢ ᠪᠦᠷᠢᠨ ᠭᠦᠢᠴᠡᠳ ᠪᠥᠭᠡᠳ ᠪᠠᠷᠢᠯᠭ᠎ᠠ᠎ᠶᠢᠨ ᠶᠡᠷᠦᠩᠬᠡᠢ ᠳᠠᠭᠠᠭᠠᠴᠢᠯᠠᠯᠲᠠ᠎ᠶᠢᠨ ᠳᠠᠭᠠᠭᠠᠴᠢᠯᠠᠯᠲᠠ ᠵᠠᠷᠯᠠᠬᠤ ᠭᠦᠨᠴᠡ᠎ᠳᠦ ᠬᠦᠷᠦᠭᠰᠡᠨ ᠪᠠᠢᠬᠤ ᠬᠡᠷᠡᠭᠲᠡᠶ; 

(ᠵᠢᠷᠭᠤᠭ᠎ᠠ ) ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠲᠥᠷᠥᠯ ᠵᠦᠢᠯ ᠪᠣᠯ᠂ ᠠᠩᠬᠠᠨ᠎ᠤ ᠵᠢᠷᠤᠭ ᠲᠥᠯᠥᠪᠯᠡᠭᠡ᠎ᠳᠤ ᠵᠥᠪᠰᠢᠶᠡᠷᠡᠭᠰᠡᠨ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ᠂ ᠠᠭᠤᠯᠭ᠎ᠠ᠂ ᠪᠠᠷᠢᠮᠵᠢᠶ᠎ᠠ ᠪᠠ ᠲᠣᠢᠮᠣ᠌ ᠲᠥᠰᠥᠪ᠎ᠤᠨ ᠶᠣᠰᠣᠭᠠᠷ ᠪᠡᠯᠡ ᠣᠷᠣᠭᠤᠯᠵᠤ᠂ ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ ᠬᠢᠭᠡᠳ ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠢ ᠬᠢᠨᠠᠨ ᠪᠠᠢᠴᠠᠭᠠᠬᠤ (ᠭᠠᠯ ᠰᠡᠷᠭᠡᠢᠯᠡᠵᠦ ᠤᠨᠲᠠᠷᠠᠭᠠᠬᠤ᠂ ᠠᠷᠠᠳ᠎ᠤᠨ ᠠᠭᠠᠷ᠎ᠤᠨ ᠰᠡᠷᠭᠡᠢᠯᠡᠯᠲᠡ ᠪᠠᠭᠲᠠᠨ᠎ᠠ)ᠠᠵᠢᠯ᠎ᠢ ᠵᠣᠬᠢᠶᠠᠨ ᠪᠠᠢᠭᠤᠯᠤᠨ᠎ᠠ᠃ ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ ᠨᠢ ᠠᠭᠤᠯᠭ᠎ᠠ᠎ᠪᠡᠷ ᠪᠦᠷᠢᠨ ᠪᠦᠲᠦᠨ᠂ ᠲᠤᠰᠬᠠᠢ ᠮᠡᠷᠭᠡᠵᠢᠯ᠎ᠢᠶᠠᠷ ᠪᠦᠷᠢᠨ ᠭᠦᠢᠴᠡᠳ ᠪᠥᠭᠡᠳ ᠪᠠᠷᠢᠯᠭ᠎ᠠ᠎ᠶᠢᠨ ᠠᠵᠢᠯ᠎ᠤᠨ ᠶᠡᠷᠦᠩᠬᠡᠢ ᠳᠠᠭᠠᠭᠠᠴᠢᠯᠠᠯᠲᠠ᠎ᠶᠢᠨ ᠳᠠᠭᠠᠭᠠᠴᠢᠯᠠᠯᠲᠠ ᠵᠠᠷᠯᠠᠬᠤ ᠵᠢᠴᠢ ᠪᠠᠷᠢᠯᠭ᠎ᠠ ᠪᠠᠷᠢᠬᠤ ᠭᠦᠨᠴᠡ᠎ᠳᠦ ᠭᠦᠷᠦᠭᠰᠡᠨ ᠪᠠᠢᠬᠤ ᠬᠡᠷᠡᠭᠲᠡᠶ; 

(ᠲᠤᠯᠦᠭ᠎ᠠ) ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠲᠥᠯᠦᠪᠵᠢᠭᠦᠯᠭᠡ᠎ᠶᠢᠨ ᠵᠥᠪᠰᠢᠶᠡᠷᠡᠯ᠎ᠦᠨ ᠭᠠᠷᠳᠠᠮ᠎ᠢ  ᠭᠦᠢᠴᠡᠳᠭᠡᠨ᠎ᠡ;

(ᠨᠠᠢ᠍ᠮᠠ) ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢᠨ ᠬᠡᠪᠴᠢᠶ᠎ᠡ᠂ ᠪᠦᠲᠦᠭᠡᠨ ᠪᠠᠢᠭᠤᠯᠤᠯᠲᠠ᠎ᠶᠢᠨ ᠠᠭᠤᠯᠭ᠎ᠠ᠂ ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠬᠤᠭᠤᠴᠠᠭ᠎ᠠ ᠪᠠ ᠪᠡᠯᠡ ᠣᠷᠣᠭᠤᠯᠤᠯᠲᠠ᠎ᠶᠢᠨ ᠲᠣᠢᠮᠣ᠌ ᠲᠥᠰᠥᠪ ᠵᠡᠷᠭᠡ ᠴᠢᠬᠤᠯᠠ ᠶᠡᠬᠡ ᠵᠦᠢᠯᠡᠰ᠎ᠲᠦ ᠲᠣᠬᠢᠷᠠᠭᠤᠯᠤᠯᠲᠠ ᠬᠢᠬᠦ᠎ᠶᠢ ᠮᠡᠳᠡᠭᠦᠯᠦᠨ ᠵᠥᠪᠰᠢᠶᠡᠷᠡᠭᠦᠯᠬᠦ ᠭᠠᠷᠳᠠᠮ᠎ᠢ ᠨᠢ ᠬᠠᠷᠢᠭᠤᠴᠠᠨ᠎ᠠ;

(ᠶᠢᠰᠦ) ᠲᠥᠷᠥᠯ ᠵᠦᠢᠯ᠎ᠤᠨ ᠪᠡᠯᠡ ᠮᠥᠩᠭᠥ ᠴᠤᠭᠯᠠᠭᠤᠯᠬᠤ᠎ᠶᠢ ᠬᠠᠷᠢᠭᠤᠴᠠᠵᠤ᠂ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ ᠬᠡᠷᠡᠭᠯᠡᠬᠦ ᠲᠥᠯᠥᠪᠯᠡᠭᠡ᠎ᠶᠢ ᠴᠢᠩᠭ᠎ᠠ ᠵᠢᠷᠤᠮᠯᠠᠨ ᠵᠣᠭᠣᠰ ᠰᠠᠯᠭᠠᠨ ᠥᠭᠬᠦ᠎ᠶᠢᠨ ᠬᠠᠮᠲᠤ᠂ ᠪᠡᠯᠡ ᠮᠥᠩᠭᠥ᠎ᠶᠢ ᠴᠠᠭ ᠲᠤᠬᠠᠢ᠎ᠳᠤ ᠨᠢ ᠪᠠᠭᠤᠯᠭᠠᠭᠰᠠᠨ ᠦᠭᠡᠢ᠎ᠡᠴᠡ ᠪᠣᠯᠤᠭᠰᠠᠨ ᠦᠷ᠎ᠡ ᠤᠷᠰᠢᠭ᠋᠎ᠢ ᠡᠭᠦᠷᠭᠡᠯᠡᠨ᠎ᠡ; 

(ᠠᠷᠪᠠ) ᠪᠠᠷᠢᠯᠭ᠎ᠠ ᠎ᠶᠢᠨ ᠲᠤᠰᠬᠠᠢ ᠵᠦᠢᠯ ᠎ᠢᠶᠠᠷ ᠰᠢᠯᠭᠠᠨ ᠬᠤᠷᠢᠶᠠᠬᠤ ᠪᠠ ᠪᠠᠷᠢᠯᠭ᠎ᠠ ᠳᠠᠭᠤᠰᠴᠤ ᠰᠢᠯᠭᠠᠨ  ᠬᠤᠷᠢᠶᠠᠬᠤ᠎ᠳᠤ ᠣᠷᠣᠯᠴᠠᠵᠤ᠂ ᠲᠥᠷᠥᠯ ᠵᠦᠢᠯ᠎ᠤᠨ ᠭᠥᠯᠢᠶᠡᠨ ᠠᠪᠬᠤ ᠭᠠᠷᠳᠠᠮ᠎ᠢ ᠴᠠᠭ ᠲᠤᠬᠠᠢ᠎ᠳᠤ ᠨᠢ  ᠭᠦᠢᠴᠡᠳᠬᠡᠨ᠎ᠡ᠃ 

ᠪᠠᠷᠢᠯᠭ᠎ᠠ᠎ᠶᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠪᠠᠢᠪᠠᠯ᠂ ᠬᠡᠷᠡᠭᠯᠡᠬᠦ ᠨᠢᠭᠡᠴᠢ ᠨᠢ ᠲᠥᠷᠥᠯ ᠵᠦᠢᠯ᠎ᠦᠨ ᠠᠩᠬᠠᠨ᠎ᠤ ᠵᠢᠷᠤᠭ ᠲᠥᠯᠥᠪᠯᠡᠭᠡ᠎ᠶᠢᠨ ᠴᠣᠬᠣᠯᠠᠪᠤᠷᠢ᠎ᠶᠢ ᠭᠠᠷᠳᠠᠭᠰᠠᠨ ᠡᠳᠦᠷ᠎ᠡᠴᠡ ᠡᠬᠢᠯᠡᠨ 15 ᠠᠵᠢᠯᠯᠠᠬᠤ ᠡᠳᠦᠷ᠎ᠦᠨ ᠳᠣᠲᠣᠷ᠎ᠠ᠂ ᠣᠷᠣᠯᠠᠨ ᠪᠠᠶ᠋ᠢᠭᠤᠯᠬᠤ ᠪᠠᠢᠭᠤᠯᠤᠮᠵᠢ᠎ᠳᠤ ᠡᠮᠦᠨᠡᠬᠢ ᠬᠤᠭᠤᠴᠠᠭᠠᠨ᠎ᠤ ᠠᠵᠢᠯ᠎ᠤᠨ ᠪᠢᠴᠢᠭ ᠮᠠᠲᠧᠷᠢᠶᠠᠯ ᠵᠢᠴᠢ ᠪᠦᠲᠦᠭᠡᠨ ᠪᠠᠶ᠋ᠢᠭᠤᠯᠬᠤ ᠲᠠᠯᠠᠪᠤᠷ ᠭᠠᠵᠠᠷ᠎ᠢ ᠨᠢᠭᠡ ᠯᠡ ᠤᠳᠠᠭ᠎ᠠ᠎ᠳᠦ ᠰᠢᠯᠵᠢᠭᠦᠯᠦᠨ ᠲᠤᠰᠢᠶᠠᠬᠤ ᠬᠡᠷᠡᠭᠲᠡᠶ;ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠪᠠᠢᠪᠠᠯ᠂ ᠬᠡᠷᠡᠭᠯᠡᠬᠦ ᠨᠢᠭᠡᠴᠢ ᠨᠢ ᠲᠥᠷᠥᠯ ᠵᠦᠢᠯ᠎ᠦᠨ 《 ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠢ ᠬᠢᠨᠠᠨ ᠪᠠᠢᠴᠠᠭᠠᠭᠠᠳ ᠬᠢᠷᠢ ᠲᠡᠩᠴᠡᠭᠰᠡᠨ ᠪᠢᠴᠢᠭ 》᠎ᠢ  ᠭᠠᠷᠳᠠᠭᠰᠠᠨ ᠡᠳᠦᠷ᠎ᠡᠴᠡ ᠡᠬᠢᠯᠡᠨ 15 ᠠᠵᠢᠯᠯᠠᠬᠤ ᠡᠳᠦᠷ᠎ᠦᠨ ᠳᠣᠲᠣᠷ᠎ᠠ᠂ ᠣᠷᠣᠯᠠᠨ ᠪᠠᠶ᠋ᠢᠭᠤᠯᠬᠤ ᠪᠠᠢᠭᠤᠯᠤᠮᠵᠢ᠎ᠳᠤ ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠂ ᠡᠮᠦᠨᠡᠬᠢ ᠬᠤᠭᠤᠴᠠᠭᠠᠨ᠎ᠤ ᠠᠵᠢᠯ᠎ᠤᠨ ᠪᠢᠴᠢᠭ ᠮᠠᠲᠧᠷᠢᠶᠠᠯ᠎ᠤᠨ ᠮᠠᠲᠧᠷᠢᠶᠠᠯ ( ᠡᠮᠦᠨᠡᠬᠢ ᠬᠤᠭᠤᠴᠠᠭᠠᠨ᠎ᠤ ᠭᠠᠷᠳᠠᠮ᠂ ᠭᠡᠷ᠎ᠡ᠂ ᠡᠳ᠋᠎ᠦᠨ ᠶᠠᠪᠤᠳᠠᠯ᠎ᠤᠨ ᠮᠠᠲᠧᠷᠢᠶᠠᠯ ᠵᠡᠷᠭᠡ ᠪᠠᠭᠲᠠᠨ᠎ᠠ )ᠵᠢᠴᠢ ᠪᠦᠲᠦᠭᠡᠨ ᠪᠠᠶ᠋ᠢᠭᠤᠯᠬᠤ ᠲᠠᠯᠠᠪᠤᠷ ᠭᠠᠵᠠᠷ᠎ᠢ ᠨᠢᠭᠡ ᠯᠡ ᠤᠳᠠᠭ᠎ᠠ᠎ᠳᠦ ᠰᠢᠯᠵᠢᠭᠦᠯᠦᠨ ᠲᠤᠰᠢᠶᠠᠬᠤ᠎ᠶᠢᠨ ᠬᠠᠮᠲᠤ᠂ ᠡᠮᠦᠨᠡᠬᠢ ᠬᠤᠭᠤᠴᠠᠭᠠᠨ᠎ᠳᠤ ᠲᠣᠭᠲᠠᠭᠠᠭᠰᠠᠨ ᠬᠠᠢᠨ ᠪᠠᠢᠴᠠᠭᠠᠬᠤ᠂ ᠵᠢᠷᠤᠭᠯᠠᠨ ᠲᠥᠯᠥᠪᠯᠡᠬᠦ ᠵᠡᠷᠭᠡ ᠨᠢᠭᠡᠴᠢ᠎ᠶᠢᠨ ᠣᠷᠣᠯᠠᠨ ᠪᠠᠶ᠋ᠢᠭᠤᠯᠬᠤ ᠪᠠᠢᠭᠤᠯᠤᠮᠵᠢ ᠯᠤᠭ᠎ᠠ ᠨᠥᠬᠥᠪᠦᠷᠢ ᠭᠡᠷ᠎ᠡ ᠪᠤᠶᠤ ᠵᠥᠪᠯᠡᠯᠴᠡᠭᠡᠷ ᠲᠣᠭᠲᠠᠬᠤ᠎ᠶᠢ ᠨᠢ ᠬᠠᠷᠢᠭᠤᠴᠠᠨ ᠵᠣᠬᠢᠴᠠᠭᠤᠯᠵᠤ᠂ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ᠎ᠡᠴᠡ ᠡᠮᠦᠨᠡᠬᠢ ᠪᠠ ᠬᠣᠢᠨᠠᠬᠢ ᠱᠠᠲᠤᠨ᠎ᠳᠠᠬᠢ ᠠᠵᠢᠯ᠎ᠤᠨ ᠵᠣᠯᠭᠠᠭᠤᠯᠤᠯᠲᠠ᠎ᠶᠢ ᠰᠠᠢᠲᠤᠷ ᠬᠢᠬᠦ ᠬᠡᠷᠡᠭᠲᠡᠢ ᠃ 

ᠭᠤᠷᠪᠠᠳᠤᠭᠠᠷ ᠪᠦᠯᠦᠭ   ᠣᠷᠣᠯᠠᠨ ᠪᠠᠶ᠋ᠢᠭᠤᠯᠬᠤ ᠲᠦᠷᠦᠯ ᠵᠦᠢᠯ᠎ᠢ ᠬᠡᠷᠡᠭᠵᠢᠭᠦᠯᠬᠦ ᠳᠡᠰ ᠳᠠᠷᠠᠭᠠᠯᠠᠯ

ᠠᠷᠪᠠᠳᠤᠭᠠᠷ ᠵᠦᠢᠯ  ᠬᠡᠷᠡᠭᠯᠡᠬᠦ ᠨᠢᠭᠡᠴᠢ ᠨᠢ ᠲᠥᠷᠥᠯ ᠵᠦᠢᠯ᠎ᠦᠨ ᠲᠠᠯ᠎ᠠ᠎ᠳᠠᠬᠢ ᠬᠡᠷᠡᠭᠴᠡᠭᠡ ᠱᠠᠭᠠᠷᠳᠠᠯᠭ᠎ᠠ᠎ᠪᠠᠨ ᠳᠤᠷᠠᠳᠴᠤ᠂ ᠲᠥᠷᠥᠯ ᠵᠦᠢᠯ᠎ᠦᠨ ᠰᠠᠨᠠᠭᠤᠯᠭ᠎ᠠ᠎ᠶᠢᠨ ᠪᠢᠴᠢᠭ ᠵᠢᠴᠢ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠶᠢ ᠨᠠᠢᠷᠠᠭᠤᠯᠤᠨ ᠵᠣᠬᠢᠶᠠᠬᠤ᠎ᠶᠢ ᠵᠣᠬᠢᠶᠠᠨ ᠪᠠᠢᠭᠤᠯᠵᠤ ᠂ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠰᠲᠠᠭᠠᠨ ᠲᠣᠭᠲᠠᠭᠠᠯ᠎ᠲᠠᠢ ᠪᠣᠯ ᠲᠡᠷᠡ ᠬᠦ᠌ ᠲᠣᠭᠲᠠᠭᠠᠯ᠎ᠢ ᠵᠢᠷᠤᠮᠯᠠᠨ᠎ᠠ᠃ 

ᠠᠷᠪᠠᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠵᠡᠷᠭᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠲᠤᠰ ᠠᠷᠭ᠎ᠠ᠎ᠳᠤ ᠲᠣᠭᠲᠠᠭᠠᠭᠰᠠᠨ ᠨᠥᠬᠥᠴᠡᠯ᠎ᠳᠤ ᠨᠡᠢᠴᠡᠬᠦ ᠲᠥᠷᠥᠯ ᠵᠦᠢᠯ᠎ᠢ ᠲᠥᠷᠥᠯ ᠵᠦᠢᠯ᠎ᠤᠨ ᠰᠠᠨᠠᠭᠤᠯᠭ᠎ᠠ᠎ᠶᠢᠨ ᠪᠢᠴᠢᠭ ᠪᠤᠶᠤ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠳᠤ ᠴᠣᠬᠣᠯᠠᠪᠤᠷᠢᠯᠠᠨ ᠬᠠᠷᠢᠭᠤᠯᠬᠤ᠎ᠳᠤ᠎ᠪᠠᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠎ᠳᠤ ᠬᠠᠮᠲᠤ᠎ᠳᠤ ᠨᠢ ᠬᠠᠭᠤᠯᠤᠨ ᠬᠦᠷᠭᠡᠬᠦ ᠬᠡᠷᠡᠭᠲᠡᠢ᠃ 

ᠠᠷᠪᠠᠨ ᠬᠣᠶᠠᠳᠤᠭᠠᠷ ᠵᠦᠢᠯ   ᠬᠡᠷᠡᠭᠯᠡᠬᠦ ᠨᠢᠭᠡᠴᠢ ᠨᠢ ᠲᠥᠷᠥᠯ ᠵᠦᠢᠯ᠎ᠦᠨ ᠪᠣᠯᠣᠮᠵᠢᠲᠤ ᠰᠤᠳᠤᠯᠤᠯ᠎ᠤᠨ ᠮᠡᠳᠡᠭᠦᠯᠦᠯᠲᠡ᠎ᠶᠢᠨ ᠴᠣᠬᠣᠯᠠᠪᠤᠷᠢ᠎ᠶᠢ ᠦᠨᠳᠦᠰᠦᠯᠡᠨ᠂ ᠳᠠᠭᠠᠭᠠᠴᠢᠯᠠᠯᠲᠠ᠎ᠶᠢᠨ ᠠᠷᠭ᠎ᠠ ᠮᠠᠶᠢᠭ᠋᠎ᠢᠶᠠᠷ ᠲᠥᠷᠥᠯ ᠵᠦᠢᠯ᠎ᠦᠨ ᠠᠩᠬᠠᠨ᠎ᠤ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ ᠵᠢᠴᠢ ᠲᠣᠢᠮᠣ᠌ ᠲᠥᠰᠥᠪ᠎ᠢ ᠨᠠᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ᠂ ᠪᠠᠷᠢᠯᠭ᠎ᠠ᠎ᠶᠢᠨ  ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠢ ᠨᠠᠢᠷᠠᠭᠤᠯᠤᠨ ᠵᠣᠬᠢᠶᠠᠬᠤ ᠪᠠ ᠮᠡᠳᠡᠭᠦᠯᠦᠨ ᠬᠢᠨᠠᠭᠤᠯᠬᠤ᠎ᠶᠢ ᠵᠣᠬᠢᠶᠠᠨ ᠪᠠᠢᠭᠤᠯᠤᠨ ᠥᠷᠨᠢᠭᠦᠯᠦᠨ᠎ᠡ ᠃ 

ᠣᠷᠣᠯᠠᠨ ᠪᠠᠶ᠋ᠢᠭᠤᠯᠬᠤ ᠪᠠᠢᠭᠤᠯᠤᠮᠵᠢ ᠨᠢ ᠡᠷᠬᠡᠪᠰᠢ ᠬᠡᠷᠡᠭᠯᠡᠬᠦ ᠨᠢᠭᠡᠴᠢ᠎ᠶᠢᠨ ᠲᠤᠰᠢᠶᠠᠭᠰᠠᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠤᠨ ᠠᠵᠤ ᠠᠬᠤᠢ᠎ᠶᠢᠨ ᠴᠢᠨᠠᠷ᠂ ᠪᠦᠷᠢᠨ ᠪᠦᠲᠦᠨ ᠴᠢᠨᠠᠷ᠂ ᠵᠢᠷᠤᠭ ᠲᠥᠯᠥᠪᠯᠡᠭᠡᠨ᠎ᠦ ᠶᠠᠰᠤ ᠴᠢᠨᠠᠷ ᠪᠠ ᠭᠦᠨᠴᠡ ᠵᠡᠷᠭᠡ᠎ᠶᠢ ᠬᠢᠨᠠᠨ ᠰᠢᠯᠭᠠᠬᠤ᠎ᠶᠢᠨ ᠬᠠᠮᠲᠤ᠂ ᠬᠡᠷᠡᠭᠯᠡᠬᠦ ᠨᠢᠭᠡᠴᠢ᠎ᠳᠦ ᠬᠢᠨᠠᠨ ᠰᠢᠯᠭᠠᠭᠰᠠᠨ ᠦᠷ᠎ᠡ ᠳ᠋ᠦᠩ᠎ᠢᠶᠡᠨ ᠬᠠᠷᠢᠭᠤ ᠲᠤᠰᠬᠠᠬᠤ ᠬᠡᠷᠡᠭᠲᠡᠢ᠃ ᠬᠡᠷᠡᠭᠯᠡᠬᠦ ᠨᠢᠭᠡᠴᠢ ᠨᠢ ᠵᠢᠷᠤᠭᠯᠠᠨ ᠲᠥᠯᠥᠪᠯᠡᠬᠦ ᠨᠢᠭᠡᠴᠢ᠎ᠶᠢ ᠵᠣᠬᠢᠶᠠᠨ ᠪᠠᠢᠭᠤᠯᠵᠤ ᠪᠠᠢᠭᠠᠳ ᠬᠢᠨᠠᠨ ᠰᠢᠯᠭᠠᠬᠤ᠎ᠳᠤ ᠣᠯᠵᠤ ᠮᠡᠳᠡᠭᠰᠡᠨ ᠠᠰᠠᠭᠤᠳᠠᠯ᠎ᠢ ᠨᠥᠬᠥᠪᠦᠷᠢᠯᠡᠨ ᠲᠡᠭᠦᠯᠳᠡᠷᠵᠢᠭᠦᠯᠬᠦ ᠬᠡᠷᠡᠭᠲᠡᠢ᠂ ᠲᠣᠰ ᠠᠷᠭ᠎ᠠ᠎ᠳᠦ ᠲᠣᠭᠲᠠᠭᠠᠭᠰᠠᠨ ᠱᠠᠭᠠᠷᠳᠠᠯᠭ᠎ᠠ᠎ᠳᠤ ᠮᠥᠨ ᠬᠦ᠌ ᠬᠦᠷᠴᠦ ᠳᠡᠢᠯᠬᠦ ᠦᠭᠡᠢ ᠪᠠᠢᠪᠠᠯ᠂ ᠣᠷᠣᠯᠠᠨ ᠪᠠᠶ᠋ᠢᠭᠤᠯᠬᠤ ᠪᠠᠢᠭᠤᠯᠤᠮᠵᠢ ᠭᠥᠯᠢᠶᠡᠨ ᠠᠪᠬᠤ ᠦᠭᠡᠢ ᠃ 

ᠠᠷᠪᠠᠨ ᠭᠤᠷᠪᠠᠳᠤᠭᠠᠷ ᠵᠦᠢᠯ  ᠣᠷᠣᠯᠠᠨ ᠪᠠᠶ᠋ᠢᠭᠤᠯᠬᠤ ᠪᠠᠢᠭᠤᠯᠤᠮᠵᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠤᠨ ᠬᠢᠨᠠᠨ ᠵᠥᠪᠰᠢᠶᠡᠷᠡᠭᠰᠡᠨ ᠳᠠᠭᠠᠭᠠᠴᠢᠯᠠᠯᠲᠠ ᠵᠠᠷᠯᠠᠬᠤ ᠬᠡᠪᠴᠢᠶ᠎ᠡ᠂ ᠳᠠᠭᠠᠭᠠᠴᠢᠯᠠᠯᠲᠠ ᠵᠠᠷᠯᠠᠬᠤ᠎ᠶᠢ ᠵᠣᠬᠢᠶᠠᠨ ᠪᠠᠢᠭᠤᠯᠬᠤ ᠬᠡᠯᠪᠡᠷᠢ᠂ ᠳᠠᠭᠠᠭᠠᠴᠢᠯᠠᠯᠲᠠ ᠵᠠᠷᠯᠠᠬᠤ ᠠᠷᠭ᠎ᠠ ᠮᠠᠶᠢᠭ᠋᠎ᠤᠨ ᠶᠣᠰᠣᠭᠠᠷ᠂ ᠳᠠᠭᠠᠭᠠᠴᠢᠯᠠᠯᠲᠠ ᠵᠠᠷᠯᠠᠭ᠍ᠴᠢ᠎ᠶᠢᠨ ᠬᠤᠪᠢ᠎ᠪᠠᠷ ᠪᠠᠷᠢᠯᠭ᠎ᠠ ᠪᠤᠶᠤ ᠡᠭᠦᠨ ᠯᠦ᠍ᠭᠡ ᠬᠣᠯᠪᠣᠭᠳᠠᠬᠤ ᠪᠠᠷᠠᠭ᠎ᠠ᠂ ᠦᠢᠯᠡᠴᠢᠯᠡᠭᠡᠨ ᠵᠡᠷᠭᠡ᠎ᠶᠢᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ᠎ᠢ ᠬᠠᠤᠯᠢ ᠶᠣᠰᠣᠭᠠᠷ ᠥᠷᠨᠢᠭᠦᠯᠦᠨ᠎ᠡ᠃ 

ᠡᠷᠬᠡᠪᠰᠢ ᠳᠠᠭᠠᠭᠠᠴᠢᠯᠠᠯᠲᠠ ᠵᠠᠷᠯᠠᠬᠤ ᠬᠢᠵᠠᠭᠠᠷᠲᠤ ᠲᠣᠭᠠᠨ᠎ᠤ ᠪᠠᠷᠢᠮᠵᠢᠶ᠎ᠠ 〔 ᠪᠠᠷᠢᠯᠭ᠎ᠠ᠎ᠶᠢᠨ ᠳᠠᠩ ᠭᠠᠭᠴᠠ ᠵᠦᠢᠯ᠎ᠦᠨ ᠭᠡᠷ᠎ᠡ᠎ᠳᠠᠬᠢ ᠪᠠᠷᠤᠭᠯᠠᠨ ᠪᠤᠳᠤᠭᠰᠠᠨ ᠦᠨ᠎ᠡ ᠨᠢ ᠠᠷᠠᠳ᠎ᠤᠨ ᠵᠣᠭᠣᠰ᠎ᠢᠶᠠᠷ 400 ᠲᠦᠮᠡᠨ ᠲᠥᠭᠥᠷᠢᠭ( ᠡᠭᠦᠨ᠎ᠢ ᠪᠠᠭᠲᠠᠭᠠᠨ᠎ᠠ); ᠴᠢᠬᠤᠯᠠ ᠲᠥᠬᠦᠭᠡᠷᠦᠮᠵᠢ᠂ ᠮᠠᠲᠧᠷᠢᠶᠠᠯ ᠵᠡᠷᠭᠡ ᠪᠠᠷᠠᠭ᠎ᠠ ᠬᠤᠳᠠᠯᠳᠤᠨ ᠠᠪᠬᠤ᠎ᠳᠤ᠂ ᠳᠠᠩ ᠭᠠᠭᠴᠠ ᠵᠦᠢᠯ᠎ᠦᠨ ᠭᠡᠷ᠎ᠡ᠎ᠳᠠᠬᠢ ᠪᠠᠷᠤᠭᠯᠠᠨ ᠪᠤᠳᠤᠭᠰᠠᠨ ᠦᠨ᠎ᠡ ᠨᠢ ᠠᠷᠠᠳ᠎ᠤᠨ ᠵᠣᠭᠣᠰ᠎ᠢᠶᠠᠷ 200 ᠲᠦᠮᠡᠨ ᠲᠥᠭᠥᠷᠢᠭ ( ᠡᠭᠦᠨ᠎ᠢ ᠪᠠᠭᠲᠠᠭᠠᠨ᠎ᠠ); ᠬᠠᠢᠨ ᠪᠠᠢᠴᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ ᠵᠡᠷᠭᠡ ᠦᠢᠯᠡᠴᠢᠯᠡᠭᠡᠨ ᠬᠤᠳᠠᠯᠳᠤᠨ ᠠᠪᠬᠤ᠎ᠳᠤ᠂ ᠳᠠᠩ ᠭᠠᠭᠴᠠ ᠵᠦᠢᠯ᠎ᠦᠨ ᠭᠡᠷ᠎ᠡ᠎ᠳᠠᠬᠢ ᠪᠠᠷᠤᠭᠯᠠᠨ ᠪᠤᠳᠤᠭᠰᠠᠨ ᠦᠨ᠎ᠡ ᠨᠢ ᠠᠷᠠᠳ᠎ᠤᠨ ᠵᠣᠭᠣᠰ᠎ᠢᠶᠠᠷ 100 ᠲᠦᠮᠡᠨ ᠲᠥᠭᠥᠷᠢᠭ ( ᠡᠭᠦᠨ᠎ᠢ ᠪᠠᠭᠲᠠᠭᠠᠨ᠎ᠠ )〕᠎ᠡᠴᠡ ᠳᠡᠭᠡᠭᠰᠢᠬᠢ ᠲᠥᠷᠥᠯ ᠵᠦᠢᠯ᠎ᠳᠦ ᠪᠣᠯ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠤᠨ ᠠᠷᠠᠯᠵᠢᠶ᠎ᠠ᠎ᠶᠢᠨ ᠲᠠᠪᠴᠠᠩ᠎ᠳᠤ ᠣᠷᠣᠵᠤ ᠢᠯᠡ᠎ᠪᠡᠷ ᠳᠠᠭᠠᠭᠠᠴᠢᠯᠠᠯᠲᠠ ᠵᠠᠷᠯᠠᠬᠤ ᠪᠤᠶᠤ ᠤᠷᠢᠨ ᠵᠠᠯᠠᠵᠤ ᠳᠠᠭᠠᠭᠠᠴᠢᠯᠠᠯᠲᠠ ᠵᠠᠷᠯᠠᠬᠤ ᠠᠷᠭ᠎ᠠ ᠮᠠᠶᠢᠭ᠋᠎ᠢᠶᠠᠷ ᠬᠤᠳᠠᠯᠳᠤᠨ ᠠᠪᠬᠤ᠎ᠶᠢ ᠬᠡᠷᠡᠭᠵᠢᠭᠦᠯᠦᠨ᠎ᠡ᠃ 

ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠢᠵᠠᠭᠠᠷᠲᠤ ᠲᠣᠭᠠᠨ᠎ᠤ ᠪᠠᠷᠢᠮᠵᠢᠶ᠎ᠠ 〔 ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠷᠠᠭ᠎ᠠ᠂ ᠦᠢᠯᠡᠴᠢᠯᠡᠭᠡ ᠪᠠ ᠪᠠᠷᠢᠯᠭ᠎ᠠ᠎ᠶᠢᠨ ᠲᠥᠷᠥᠯ ᠵᠦᠢᠯ᠎ᠢ ᠲᠠᠷᠠᠬᠠᠢ᠎ᠪᠡᠷ ᠬᠤᠳᠠᠯᠳᠤᠨ ᠠᠪᠬᠤ ᠬᠢᠵᠠᠭᠠᠷᠲᠤ ᠲᠣᠭᠠᠨ᠎ᠤ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠷᠠᠳ᠎ᠤᠨ ᠵᠣᠭᠣᠰ᠎ᠢᠶᠠᠷ 100 ᠲᠦᠮᠡᠨ ᠲᠥᠭᠥᠷᠢᠭ(ᠡᠭᠦᠨ᠎ᠢ ᠪᠠᠭᠲᠠᠭᠠᠨ᠎ᠠ )᠎ᠡᠴᠡ ᠳᠡᠭᠡᠭᠰᠢᠬᠢ᠂ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠢ ᠬᠢᠵᠠᠭᠠᠷᠲᠤ ᠲᠣᠭᠠᠨ᠎ᠤ ᠪᠠᠷᠢᠮᠵᠢᠶ᠎ᠠ᠎ᠡᠴᠡ ᠳᠣᠷᠣᠭ᠍ᠰᠢᠬᠢ ᠲᠥᠷᠥᠯ ᠵᠦᠢᠯ᠎ᠳᠦ ᠬᠠᠷᠢᠶᠠᠯᠠᠭᠳᠠᠪᠠᠯ᠂ ᠵᠠᠰᠠᠭ᠎ᠤᠨ ᠣᠷᠳᠣᠨ ᠬᠤᠳᠠᠯᠳᠤᠨ ᠠᠪᠬᠤ ᠠᠷᠭ᠎ᠠ ᠮᠠᠶᠢᠭ᠋᠎ᠢ ᠬᠡᠷᠡᠭᠯᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠡᠭᠦᠯᠡᠨ ᠲᠠᠪᠴᠠᠩ᠎ᠢᠶᠠᠷ ᠳᠠᠮᠵᠢᠭᠤᠯᠤᠨ ᠬᠤᠳᠠᠯᠳᠤᠨ ᠠᠪᠬᠤ᠎ᠶᠢ ᠬᠡᠷᠡᠭᠵᠢᠭᠦᠯᠦᠨ᠎ᠡ᠃

ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠢᠵᠠᠭᠠᠷᠲᠤ ᠲᠣᠭᠠᠨ᠎ᠤ ᠪᠠᠷᠢᠮᠵᠢᠶ᠎ᠠ᠎ᠡᠴᠡ ᠳᠣᠷᠣᠭ᠍ᠰᠢᠬᠢ ᠲᠥᠷᠥᠯ ᠵᠦᠢᠯ᠎ᠳᠦ ᠬᠠᠷᠢᠶᠠᠯᠠᠭᠳᠠᠪᠠᠯ᠂ ᠢᠯᠡ᠎ᠪᠡᠷ ᠳᠠᠭᠠᠭᠠᠴᠢᠯᠠᠯᠲᠠ ᠵᠠᠷᠯᠠᠬᠤ᠂ ᠤᠷᠢᠨ ᠵᠠᠯᠠᠵᠤ ᠳᠠᠭᠠᠭᠠᠴᠢᠯᠠᠯᠲᠠ ᠵᠠᠷᠯᠠᠬᠤ᠂ ᠥᠷᠢᠰᠦᠯᠳᠦᠭᠡᠨ᠎ᠦ ᠴᠢᠨᠠᠷᠲᠠᠢ ᠵᠥᠪᠳᠡᠯᠴᠡᠬᠦ᠂ ᠥᠷᠢᠰᠦᠯᠳᠦᠭᠡᠨ᠎ᠦ ᠴᠢᠨᠠᠷᠲᠠᠢ ᠬᠡᠯᠡᠯᠴᠡᠭᠡ ᠬᠢᠬᠦ᠂ ᠭᠠᠭᠴᠠ ᠢᠷᠡᠯᠲᠡ ᠲᠠᠢ ᠬᠤᠳᠠᠯᠳᠤᠨ ᠠᠪᠬᠤ ᠪᠠ ᠦᠨ᠎ᠡ ᠯᠠᠪᠯᠠᠬᠤ ᠵᠡᠷᠭᠡ ᠠᠷᠭ᠎ᠠ ᠮᠠᠶᠢᠭ᠋᠎ᠢᠶᠠᠷ ᠯᠠᠪᠯᠠᠯᠲᠠ ᠪᠣᠯᠭᠠᠨ ᠳᠠᠭᠠᠭᠠᠴᠢᠯᠠᠯᠲᠠ ᠵᠠᠷᠯᠠᠬᠤ᠎ᠶᠢ ᠣᠷᠣᠯᠠᠬᠤ ᠪᠠᠢᠭᠤᠯᠤᠮᠵᠢ᠎ᠡᠴᠡ ᠬᠤᠳᠠᠯᠳᠤᠨ ᠠᠪᠬᠤ᠎ᠶᠢ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ᠃ 

ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠥᠷᠥᠯ ᠵᠦᠢᠯ᠎ᠳᠦ ᠵᠠᠷᠴᠢᠮ ᠳᠡᠭᠡᠷ᠎ᠡ᠎ᠪᠡᠨ ᠠᠯᠤᠰ᠎ᠡᠴᠡ ᠣᠨᠳᠣᠣ ᠭᠠᠵᠠᠷ᠎ᠲᠤ ᠳᠠᠭᠠᠭᠠᠴᠢᠯᠠᠯᠲᠠ᠎ᠶᠢ ᠰᠢᠯᠭᠠᠷᠠᠭᠤᠯᠤᠨ ᠲᠣᠭᠲᠠᠭᠠᠬᠤ ᠠᠷᠭ᠎ᠠ ᠮᠠᠶᠢᠭ᠋᠎ᠢ ᠬᠡᠷᠡᠭᠯᠡᠨ᠎ᠡ ᠃ 

ᠠᠷᠪᠠᠨ ᠳᠥᠷᠪᠡᠳᠦᠭᠡᠷ ᠵᠦᠢᠯ  ᠣᠷᠣᠯᠠᠨ ᠪᠠᠶ᠋ᠢᠭᠤᠯᠬᠤ ᠪᠠᠢᠭᠤᠯᠤᠮᠵᠢ ᠨᠢ ᠬᠢᠨᠠᠨ ᠲᠣᠭᠲᠠᠭᠠᠭᠰᠠᠨ ᠵᠢᠷᠤᠭ ᠲᠥᠯᠥᠪᠯᠡᠭᠡᠨ᠎ᠦ ᠪᠢᠴᠢᠭ ᠮᠠᠲᠧᠷᠢᠶᠠᠯ ᠪᠠ ᠵᠥᠪᠰᠢᠶᠡᠷᠡᠭᠰᠡᠨ ᠪᠡᠯᠡ ᠣᠷᠣᠭᠤᠯᠤᠯᠲᠠ᠎ᠶᠢᠨ ᠲᠣᠢᠮᠣ᠌ ᠲᠥᠰᠥᠪ᠎ᠢ ᠴᠢᠩᠭ᠎ᠠ ᠵᠢᠷᠤᠮᠯᠠᠨ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢ ᠵᠣᠬᠢᠶᠠᠨ ᠪᠠᠶ᠋ᠢᠭᠤᠯᠬᠤ ᠪᠠ ᠪᠡᠯᠡ ᠣᠷᠣᠭᠤᠯᠤᠯᠲᠠ᠎ᠶᠢ ᠡᠵᠡᠮᠰᠢᠬᠦ ᠬᠡᠷᠡᠭᠲᠡᠢ᠂ ᠵᠥᠪᠰᠢᠶᠡᠷᠡᠭᠦᠯᠦᠭᠰᠡᠨ ᠦᠭᠡᠢ᠎ᠪᠡᠷ ᠳᠤᠷ᠎ᠠ᠎ᠪᠠᠷ᠎ᠢᠶᠠᠨ ᠲᠣᠬᠢᠷᠠᠭᠤᠯᠤᠨ ᠬᠡᠷᠡᠭᠵᠢᠭᠦᠯᠵᠦ ᠪᠣᠯᠬᠤ ᠦᠭᠡᠢ᠃ 

ᠠᠷᠪᠠᠨ ᠲᠠᠪᠤᠳᠤᠭᠠᠷ ᠵᠦᠢᠯ  ᠣᠷᠣᠯᠠᠨ ᠪᠠᠶ᠋ᠢᠭᠤᠯᠬᠤ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠶᠠᠪᠤᠴᠠ᠎ᠳᠤ ᠦᠵᠥᠭᠯᠡᠭᠰᠡᠨ ᠭᠡᠷᠡᠴᠢᠯᠡᠯᠲᠡ᠎ᠶᠢ ᠬᠤᠪᠢᠷᠠᠭᠠᠬᠤ᠎ᠶᠢ ᠡᠷᠬᠡᠪᠰᠢ ᠴᠢᠩᠭ᠎ᠠ ᠬᠢᠵᠠᠭᠠᠷᠯᠠᠬᠤ ᠬᠡᠷᠡᠭᠲᠡᠢ᠂ ᠵᠢᠷᠤᠭᠯᠠᠨ ᠲᠥᠯᠥᠪᠯᠡᠭᠰᠡᠨ  ᠭᠦᠨᠴᠡ ᠨᠢ ᠬᠦᠷᠦᠯᠴᠡᠬᠦ ᠦᠭᠡᠢ᠂ ᠪᠦᠲᠦᠭᠡᠨ ᠪᠠᠶ᠋ᠢᠭᠤᠯᠬᠤ ᠠᠭᠤᠯᠭ᠎ᠠ ᠨᠡᠮᠡᠬᠦ᠂ ᠵᠠᠰᠠᠵᠤ ᠴᠢᠮᠡᠭᠯᠡᠬᠦ ᠪᠠᠷᠢᠮᠵᠢᠶ᠎ᠠ ᠪᠠ ᠮᠠᠲᠧᠷᠢᠶᠠᠯ ᠲᠥᠬᠦᠭᠡᠷᠦᠮᠵᠢ᠎ᠶᠢᠨ ᠲᠡᠰ᠎ᠢ ᠨᠢ ᠳᠡᠭᠡᠭᠰᠢᠯᠡᠭᠦᠯᠬᠦ ᠵᠡᠷᠭᠡ ᠰᠢᠯᠲᠠᠭᠠᠨ᠎ᠢᠶᠠᠷ ᠦᠵᠥᠭᠯᠡᠭᠰᠡᠨ ᠭᠡᠷᠡᠴᠢᠯᠡᠯᠲᠡ᠎ᠶᠢ ᠬᠤᠪᠢᠷᠠᠭᠠᠬᠤ᠎ᠪᠠᠷ ᠭᠤᠶᠤᠴᠢᠯᠠᠵᠤ ᠪᠣᠯᠬᠤ ᠦᠭᠡᠢ; ᠦᠨᠡᠨ ᠬᠦ᠌ ᠬᠡᠷᠡᠭᠯᠡᠬᠦ ᠴᠢᠳᠠᠮᠵᠢ᠎ᠳᠤ ᠲᠣᠬᠢᠷᠠᠭᠤᠯᠤᠯᠲᠠ ᠬᠢᠬᠦ ᠵᠦᠢ ᠶᠣᠰᠣᠨ᠎ᠤ ᠬᠡᠷᠡᠭᠴᠡᠭᠡ ᠱᠠᠭᠠᠷᠳᠠᠯᠭ᠎ᠠ᠎ᠡᠴᠡ ᠪᠣᠯᠵᠤ ᠬᠤᠪᠢᠷᠠᠭᠤᠯᠬᠤ᠎ᠳᠤ ᠬᠦᠷᠪᠡᠯ᠂ ᠬᠡᠷᠡᠭᠯᠡᠬᠦ ᠨᠢᠭᠡᠴᠢ᠎ᠡᠴᠡ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠲᠠᠰ ᠳᠠᠷᠠᠭᠠᠯᠠᠯ᠎ᠢ ᠭᠦᠢᠴᠡᠳᠬᠡᠬᠦ ᠬᠡᠷᠡᠭᠲᠡᠢ ᠃

ᠳᠥᠷᠪᠡᠳᠦᠭᠡᠷ ᠪᠦᠯᠦᠭ  ᠣᠷᠣᠯᠠᠨ ᠪᠠᠶ᠋ᠢᠭᠤᠯᠬᠤ ᠲᠦᠷᠦᠯ ᠵᠦᠢᠯ᠎ᠢ ᠰᠢᠯᠵᠢᠭᠦᠯᠦᠨ ᠲᠤᠰᠢᠶᠠᠬᠤ ᠪᠠ ᠬᠦᠯᠢᠶᠡᠨ ᠠᠪᠬᠤ 

ᠠᠷᠪᠠᠨ ᠵᠢᠷᠭᠤᠳᠤᠭᠠᠷ ᠵᠦᠢᠯ ᠣᠷᠣᠯᠠᠨ ᠪᠠᠶ᠋ᠢᠭᠤᠯᠬᠤ ᠪᠠᠢᠭᠤᠯᠤᠮᠵᠢ ᠪᠣᠯ ᠣᠷᠣᠯᠠᠨ ᠪᠠᠶ᠋ᠢᠭᠤᠯᠬᠤ ᠲᠥᠷᠥᠯ ᠵᠦᠢᠯ᠎ᠢ ᠰᠢᠯᠵᠢᠭᠦᠯᠦᠨ ᠲᠤᠰᠢᠶᠠᠬᠤ ᠬᠠᠷᠢᠭᠤᠴᠠᠯᠭᠠᠲᠤ ᠭᠣᠣᠯ ᠴᠣᠭᠴᠠ ᠪᠣᠯᠣᠨ᠎ᠠ᠂ ᠬᠡᠷᠡᠭᠯᠡᠬᠦ ᠨᠢᠭᠡᠴᠢ ᠪᠣᠯ ᠣᠷᠣᠯᠠᠨ ᠪᠠᠶ᠋ᠢᠭᠤᠯᠬᠤ ᠲᠥᠷᠥᠯ ᠵᠦᠢᠯ᠎ᠢ ᠭᠥᠯᠢᠶᠡᠨ ᠠᠪᠬᠤ ᠬᠠᠷᠢᠭᠤᠴᠠᠯᠭᠠᠲᠤ ᠭᠣᠣᠯ ᠴᠣᠭᠴᠠ ᠪᠣᠯᠣᠨ᠎ᠠ᠃ 

ᠠᠷᠪᠠᠨ ᠳᠣᠯᠣᠳᠤᠭᠠᠷ ᠵᠦᠢᠯ  ᠣᠷᠣᠯᠠᠨ ᠪᠠᠶ᠋ᠢᠭᠤᠯᠬᠤ ᠲᠦᠷᠦᠯ ᠵᠦᠢᠯ ᠪᠦᠬᠦᠨ᠎ᠢ ᠪᠠᠢᠭᠤᠯᠵᠤ ᠳᠠᠭᠤᠰᠤᠭᠰᠠᠨ᠎ᠤ ᠲᠠᠷᠠᠭ᠎ᠠ᠂ ᠣᠷᠣᠯᠠᠨ ᠪᠠᠶ᠋ᠢᠭᠤᠯᠬᠤ ᠪᠠᠢᠭᠤᠯᠤᠮᠵᠢ ᠨᠢ ᠪᠦᠲᠦᠭᠡᠨ ᠪᠠᠢᠭᠤᠯᠤᠭᠰᠠᠨ ᠨᠢᠭᠡᠴᠢ᠎ᠶᠢᠨ ᠬᠤᠪᠢ᠎ᠪᠠᠷ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠷᠢᠵᠤ ᠳᠠᠭᠤᠰᠬᠠᠭᠰᠠᠨ ᠪᠠᠷᠢᠯᠭ᠎ᠠ᠎ᠶᠢᠨ ᠰᠢᠯᠭᠠᠨ ᠬᠤᠷᠢᠶᠠᠬᠤ ᠠᠵᠢᠯ᠎ᠢ ᠵᠣᠬᠢᠶᠠᠨ ᠪᠠᠢᠭᠤᠯᠤᠨ᠎ᠠ᠃ ᠪᠠᠷᠢᠯᠭ᠎ᠠ᠎ᠶᠢ ᠰᠢᠯᠭᠠᠨ ᠬᠤᠷᠢᠶᠠᠬᠤ᠎ᠳᠤ ᠬᠢᠷᠢ ᠲᠡᠩᠴᠡᠭᠰᠡᠨ᠎ᠦ ᠲᠡᠷᠡᠭ᠎ᠠ ᠰᠠᠶᠢ ᠲᠤᠰᠢᠶᠠᠨ ᠥᠭᠴᠦ ᠬᠡᠷᠡᠭᠯᠡᠭᠦᠯᠵᠦ ᠪᠣᠯᠣᠨ᠎ᠠ᠃ 

ᠠᠷᠪᠠᠨ ᠨᠠᠢ᠍ᠮᠠᠳᠤᠭᠠᠷ ᠵᠦᠢᠯ  ᠣᠷᠣᠯᠠᠨ ᠪᠠᠶ᠋ᠢᠭᠤᠯᠬᠤ ᠲᠥᠷᠥᠯ ᠵᠦᠢᠯ ᠨᠢ ᠣᠷᠣᠯᠠᠨ ᠪᠠᠶ᠋ᠢᠭᠤᠯᠬᠤ ᠵᠥᠪᠯᠡᠯᠴᠡᠭᠡᠷ᠎ᠲᠤ ᠪᠣᠯᠵᠣᠨ ᠲᠣᠭᠲᠠᠭᠰᠠᠨ ᠪᠦᠲᠦᠭᠡᠨ ᠪᠠᠶ᠋ᠢᠭᠤᠯᠬᠤ ᠠᠭᠤᠯᠭ᠎ᠠ᠎ᠶᠢ ᠪᠡᠶᠡᠯᠡᠭᠦᠯᠵᠦ᠂ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ᠎ᠳᠦ ᠬᠢᠷᠢ ᠲᠡᠩᠴᠡᠭᠡᠳ᠂ ᠬᠡᠷᠡᠭᠯᠡᠬᠦ ᠨᠢᠭᠡᠴᠢ ᠨᠢ ᠣᠷᠣᠯᠠᠨ ᠪᠠᠶ᠋ᠢᠭᠤᠯᠬᠤ ᠪᠠᠢᠭᠤᠯᠤᠮᠵᠢ᠎ᠶᠢᠨ ᠰᠢᠯᠵᠢᠭᠦᠯᠦᠨ ᠲᠤᠰᠢᠶᠠᠬᠤ ᠵᠠᠬᠢᠳᠠᠯ᠎ᠤᠨ ᠮᠡᠳᠡᠭᠳᠡᠯ᠎ᠢ ᠣᠯᠣᠭᠰᠠᠨ᠎ᠤ ᠲᠠᠷᠠᠭ᠎ᠠ᠂ 15 ᠡᠳᠦᠷ᠎ᠦᠨ ᠳᠣᠲᠣᠷ᠎ᠠ ᠭᠥᠯᠢᠶᠡᠨ ᠠᠪᠬᠤ ᠭᠠᠷᠳᠠᠮ᠎ᠢ ᠭᠦᠢᠴᠡᠳᠬᠡᠬᠦ ᠬᠡᠷᠡᠭᠲᠡᠢ᠃ 

ᠠᠷᠪᠠ ᠶᠢᠰᠦᠳᠦᠭᠡᠷ ᠵᠦᠢᠯ  ᠡᠳ᠋᠎ᠦᠨ ᠶᠠᠪᠤᠳᠠᠯ᠎ᠤᠨ ᠲᠥᠰᠥᠪ᠎ᠦᠨ ᠭᠦᠢᠴᠡᠳᠬᠡᠯ᠎ᠢ ᠪᠡᠶᠡᠯᠡᠭᠦᠯᠦᠭᠰᠡᠨ᠎ᠦ ᠲᠠᠷᠠᠭ᠎ᠠ᠂ ᠬᠡᠷᠡᠭᠯᠡᠬᠦ ᠨᠢᠭᠡᠴᠢ ᠨᠢ ᠣᠷᠣᠯᠠᠨ ᠪᠠᠶ᠋ᠢᠭᠤᠯᠬᠤ ᠲᠦᠷᠦᠯ ᠵᠦᠢᠯ᠎ᠢ ᠲᠣᠭᠲᠠᠮᠠᠯ ᠬᠥᠷᠥᠩᠭᠡ ᠪᠣᠯᠭᠠᠨ ᠬᠤᠪᠢᠷᠠᠭᠤᠯᠬᠤ ᠬᠣᠯᠪᠣᠭᠳᠠᠯ ᠪᠦᠬᠦᠢ ᠭᠠᠷᠳᠠᠮ ᠭᠦᠢᠴᠡᠳᠬᠡᠬᠦ᠎ᠶᠢ ᠬᠠᠷᠢᠭᠤᠴᠠᠨ᠎ᠠ᠃ 

ᠲᠠᠪᠤᠳᠤᠭᠠᠷ ᠪᠦᠯᠦᠭ   ᠪᠡᠯᠡ ᠮᠥᠩᠭᠥᠨ᠎ᠦ ᠬᠠᠮᠢᠶᠠᠷᠤᠯᠲᠠ 

ᠬᠣᠷᠢᠳᠤᠭᠠᠷ ᠵᠦᠢᠯ  ᠣᠷᠣᠯᠠᠨ ᠪᠠᠶ᠋ᠢᠭᠤᠯᠬᠤ ᠪᠠᠢᠭᠤᠯᠤᠮᠵᠢ ᠪᠣᠳᠠᠲᠠᠢ ᠠᠵᠢᠯ᠎ᠤᠨ ᠠᠬᠢᠴᠠ ᠪᠠ ᠪᠡᠯᠡ ᠮᠥᠩᠭᠥᠨ᠎ᠦ ᠬᠡᠷᠡᠭᠴᠡᠭᠡ᠎ᠶᠢ ᠦᠨᠳᠦᠰᠦᠯᠡᠨ᠂ ᠲᠥᠷᠥᠯ ᠵᠦᠢᠯ᠎ᠤᠨ ᠣᠨ᠎ᠤ ᠦᠨᠳᠦᠰᠦᠨ ᠪᠦᠲᠦᠭᠡᠨ ᠪᠠᠢᠭᠤᠯᠤᠯᠲᠠ ᠎ᠶᠢᠨ ᠵᠠᠷᠤᠯᠭ᠎ᠠ ᠎ᠶᠢᠨ ᠲᠥᠰᠥᠪ᠎ᠢ ᠨᠠᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠡᠳᠡᠭᠦᠯᠵᠦ ᠬᠢᠨᠠᠨ ᠬᠠᠷᠭᠤᠭᠤᠯᠤᠭᠠᠳ ᠪᠠᠭᠤᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠲᠥᠷᠥᠯ ᠵᠦᠢᠯ᠎ᠦᠨ ᠵᠠᠷᠤᠯᠭ᠎ᠠ᠎ᠶᠢ ᠵᠢᠯ᠎ᠦᠨ ᠡᠬᠢᠨ᠎ᠦ ᠲᠥᠰᠥᠪ᠎ᠲᠦ ᠨᠠᠢᠷᠠᠭᠤᠯᠤᠨ ᠣᠷᠣᠭᠤᠯᠵᠤ᠂ ᠤᠯᠤᠰ᠎ᠤᠨ ᠬᠥᠮᠥᠷᠭᠡ᠎ᠡᠴᠡ ᠲᠥᠪᠯᠡᠷᠡᠭᠦᠯᠦᠨ ᠥᠭᠬᠦ᠎ᠶᠢ ᠬᠡᠷᠡᠭᠵᠢᠭᠦᠯᠦᠨ᠂ ᠵᠠᠷᠴᠢᠮ ᠳᠡᠭᠡᠷ᠎ᠡ᠎ᠪᠡᠨ ᠵᠢᠯ᠎ᠦᠨ ᠳᠤᠮᠳᠠ ᠳᠠᠬᠢᠵᠤ ᠨᠡᠮᠡᠬᠦ ᠦᠭᠡᠢ᠃ 

ᠣᠷᠣᠯᠠᠨ ᠪᠠᠶ᠋ᠢᠭᠤᠯᠬᠤ ᠲᠥᠷᠥᠯ ᠵᠦᠢᠯ᠎ᠦᠨ ᠥᠪᠡᠷ᠎ᠲᠤ᠎ᠪᠠᠨ ᠴᠤᠭᠯᠠᠭᠤᠯᠤᠭᠰᠠᠨ ᠪᠡᠯᠡ ᠮᠥᠩᠭᠥ ᠪᠤᠶᠤ ᠪᠤᠰᠤᠳ ᠲᠥᠬᠥᠷᠵᠢᠭᠦᠯᠦᠭᠰᠡᠨ ᠪᠡᠯᠡ ᠮᠥᠩᠭᠥ᠎ᠶᠢ ᠬᠡᠷᠡᠭᠯᠡᠬᠦ ᠨᠢᠭᠡᠴᠢ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ᠎ᠤᠨ ᠪᠠᠭᠤᠯᠭᠠᠭᠰᠠᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠲᠥᠯᠥᠪᠯᠡᠭᠡ ᠪᠠ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠵᠠᠷᠤᠯᠭ᠎ᠠ᠎ᠶᠢᠨ ᠲᠥᠰᠥᠪ᠎ᠦᠨ ᠶᠣᠰᠣᠭᠠᠷ᠂ ᠣᠷᠣᠯᠠᠨ ᠪᠠᠶ᠋ᠢᠭᠤᠯᠬᠤ ᠪᠠᠢᠭᠤᠯᠤᠮᠵᠢ᠎ᠳᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠯᠤᠭ᠎ᠠ ᠵᠡᠷᠭᠡ᠎ᠳᠦ ᠨᠢ᠂ ᠠᠳᠠᠯᠢ ᠬᠠᠷᠢᠴᠠᠯ᠎ᠢᠶᠠᠷ ᠰᠠᠯᠭᠠᠨ ᠥᠭᠬᠦ ᠬᠡᠷᠡᠭᠲᠡᠢ ᠃ 

ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠵᠠᠷᠤᠳᠠᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃ 

ᠬᠣᠷᠢᠨ ᠨᠢᠭᠡᠳᠦᠭᠡᠷ ᠵᠦᠢᠯ  ᠣᠷᠣᠯᠠᠨ ᠪᠠᠶ᠋ᠢᠭᠤᠯᠬᠤ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠤᠨ ᠬᠣᠯᠪᠣᠭᠳᠠᠯ ᠪᠦᠬᠦᠢ ᠶᠠᠪᠤᠴᠠ ᠳ᠋ᠦᠩᠨᠡᠨ ᠪᠤᠳᠤᠬᠤ ᠲᠤᠬᠠᠢ ᠲᠣᠭᠲᠠᠭᠠᠯ ᠶᠣᠰᠣᠭᠠᠷ᠂ ᠳᠠᠭᠠᠭᠠᠴᠢᠯᠠᠯᠲᠠ ᠵᠠᠷᠯᠠᠬᠤ᠎ᠶᠢᠨ ᠪᠢᠴᠢᠭ ᠮᠠᠲᠧᠷᠢᠶᠠᠯ ᠪᠠ ᠪᠠᠷᠢᠯᠭ᠎ᠠ᠎ᠤᠨ ᠠᠵᠢᠯ᠎ᠤᠨ ᠭᠡᠷ᠎ᠡ᠎ᠳᠦ ᠲᠣᠳᠣᠷᠬᠠᠢᠯᠠᠭᠰᠠᠨ ᠪᠠᠷᠢᠯᠭ᠎ᠠ᠎ᠶᠢᠨ ᠠᠵᠢᠯ᠎ᠤᠨ ᠶᠠᠪᠤᠴᠠ᠎ᠳᠠᠬᠢ  ᠳ᠋ᠦᠩᠨᠡᠨ ᠪᠤᠳᠤᠬᠤ ᠵᠠᠩᠭᠢᠶᠠᠰᠤ ᠴᠡᠭ ᠵᠢᠴᠢ ᠦᠨ᠎ᠡ ᠮᠥᠩᠭᠥᠨ᠎ᠦ ᠲᠣᠭᠠᠴᠠᠭ᠎ᠠ ᠬᠢᠬᠦ ᠲᠡᠰ ᠳᠠᠷᠠᠭᠠᠯᠠᠯ᠂ ᠬᠠᠷᠢᠴᠠᠯ ᠵᠡᠷᠭᠡ ᠠᠭᠤᠯᠭ᠎ᠠ᠎ᠪᠠᠷ᠂ ᠪᠠᠷᠢᠯᠭ᠎ᠠ᠎ᠶᠢᠨ ᠠᠵᠢᠯ᠎ᠤᠨ ᠶᠠᠪᠤᠴᠠ᠎ᠶᠢ ᠳ᠋ᠦᠩᠨᠡᠨ ᠪᠤᠳᠤᠬᠤ᠎ᠶᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ 

ᠬᠣᠷᠢᠨ ᠬᠣᠶᠠᠳᠤᠭᠠᠷ ᠵᠦᠢᠯ  ᠣᠷᠣᠯᠠᠨ ᠪᠠᠶ᠋ᠢᠭᠤᠯᠬᠤ ᠪᠠᠢᠭᠤᠯᠤᠮᠵᠢ ᠨᠢ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ᠎ᠶᠢ ᠤᠯᠤᠰ᠎ᠤᠨ ᠲᠣᠭᠲᠠᠭᠠᠭᠰᠠᠨ ᠲᠥᠰᠥᠪ᠎ᠤᠨ ᠬᠠᠮᠢᠶᠠᠷᠤᠯᠲᠠ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ᠎ᠶᠢᠨ ᠳᠦᠷᠢᠮ᠂ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥᠨ᠎ᠦ ᠲᠠᠨᠭᠰᠠᠨ ᠡᠷᠥᠭᠡ᠎ᠶᠢᠨ ᠬᠠᠮᠢᠶᠠᠷᠤᠯᠲᠠ᠎ᠶᠢᠨ ᠳᠦᠷᠢᠮ ᠵᠡᠷᠭᠡ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ ᠬᠠᠮᠢᠶᠠᠷᠬᠤ ᠪᠠ ᠲᠣᠭᠠᠴᠠᠭ᠎ᠠ ᠬᠢᠵᠦ᠂ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥᠨ᠎ᠦ ᠬᠡᠷᠡᠭᠯᠡᠯᠲᠡ᠎ᠶᠢᠨ ᠠᠮᠤᠷ ᠲᠦᠪᠰᠢᠨ᠎ᠢ ᠪᠠᠲᠤᠯᠠᠵᠤ᠂ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠲᠣᠭ᠎ᠠ ᠪᠦᠷᠢᠳᠬᠡᠯ᠎ᠤᠨ ᠮᠠᠲᠧᠷᠢᠶᠠᠯ᠎ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ 

ᠬᠣᠷᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ ᠨᠢ ᠣᠷᠣᠯᠠᠨ ᠪᠠᠶ᠋ᠢᠭᠤᠯᠬᠤ ᠲᠥᠷᠥᠯ ᠵᠦᠢᠯ᠎ᠳᠤ ᠬᠠᠤᠯᠢ ᠶᠣᠰᠣᠭᠠᠷ ᠬᠢᠨᠠᠨ ᠪᠣᠳᠣᠯᠲᠠ᠎ᠪᠠᠷ ᠬᠢᠨᠠᠯᠲᠠ ᠲᠠᠯᠪᠢᠬᠤ᠎ᠶᠢ ᠬᠡᠷᠡᠭᠵᠢᠭᠦᠯᠦᠨ᠎ᠡ᠃ 

ᠬᠣᠷᠢᠨ ᠳᠥᠷᠪᠡᠳᠦᠭᠡᠷ ᠵᠦᠢᠯ  ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠵᠠᠷᠤᠳᠠᠯ᠎ᠳᠤ ᠬᠢᠵᠠᠭᠠᠷᠲᠤ ᠲᠣᠭᠠᠨ᠎ᠤ ᠬᠠᠮᠢᠶᠠᠷᠤᠯᠲᠠ᠎ᠶᠢ ᠬᠡᠷᠡᠭᠵᠢᠭᠦᠯᠵᠦ᠂ 《ᠦᠨᠳᠦᠰᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢᠨ ᠥᠪᠡᠷ᠎ᠤᠨ ᠥᠷᠳᠡᠭ᠎ᠤᠨ ᠬᠠᠮᠢᠶᠠᠷᠤᠯᠲᠠ᠎ᠶᠢᠨ ᠲᠣᠭᠲᠠᠭᠠᠯ》᠎ᠠᠴᠠ ᠬᠡᠲᠦᠷᠡᠭᠦᠯᠬᠦ ᠦᠭᠡᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠵᠠᠷᠤᠳᠠᠯ᠎ᠤᠨ ᠪᠠᠷᠢᠮᠵᠢᠶ᠎ᠠ᠎ᠪᠠᠷ ᠬᠠᠷᠭᠤᠭᠤᠯᠤᠨ ᠲᠣᠭᠲᠠᠭᠠᠵᠤ (ᠳᠠᠭᠠᠯᠳᠤᠭᠤᠯᠤᠯ᠎ᠳᠤ ᠨᠠᠷᠢᠨ  ᠦᠵᠡᠭᠡᠷᠡᠢ)᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠯᠡᠨ᠎ᠡ᠃ ᠬᠡᠷᠡᠭᠯᠡᠬᠦ ᠨᠢᠭᠡᠴᠢ ᠪᠠ ᠣᠷᠣᠯᠠᠨ ᠪᠠᠶ᠋ᠢᠭᠤᠯᠬᠤ ᠪᠠᠢᠭᠤᠯᠤᠮᠵᠢ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠵᠠᠷᠤᠳᠠᠯ᠎ᠢ ᠵᠠᠷᠴᠢᠮ ᠳᠡᠭᠡᠷ᠎ᠡ᠎ᠪᠡᠨ 3 ᠄ 7᠎ᠶᠢᠨ ᠬᠠᠷᠢᠴᠠᠯ᠎ᠢᠶᠠᠷ ᠬᠤᠪᠢᠶᠠᠨ ᠳᠠᠭᠠᠭᠠᠨ᠎ᠠ᠃ 

ᠵᠢᠷᠭᠤᠳᠤᠭᠠᠷ ᠪᠦᠯᠦᠭ   ᠬᠠᠷᠢᠭᠤᠴᠠᠯᠭ᠎ᠠ ᠨᠡᠬᠡᠮᠵᠢᠯᠡᠬᠦ 

ᠬᠣᠷᠢᠨ ᠲᠠᠪᠤᠳᠤᠭᠠᠷ ᠵᠦᠢᠯ  ᠣᠷᠣᠯᠠᠨ ᠪᠠᠶ᠋ᠢᠭᠤᠯᠬᠤ ᠪᠠᠢᠭᠤᠯᠤᠮᠵᠢ᠎ᠳᠤ ᠳᠣᠣᠷᠠᠬᠢ ᠪᠠᠢᠳᠠᠯ᠎ᠤᠨ ᠨᠢᠭᠡ ᠨᠢ ᠪᠠᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ ᠵᠢᠴᠢ ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠵᠠᠷᠤᠳᠠᠯ ᠥᠭᠬᠦ᠎ᠶᠢ ᠨᠢ ᠲᠥᠷ ᠵᠣᠭᠰᠤᠭᠠᠬᠤ᠎ᠶᠢᠨ ᠬᠠᠮᠲᠤ ᠨᠢᠭᠡᠴᠢ᠎ᠶᠢᠨ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠡᠴᠡ ᠥᠢᠯᠡ ᠪᠠᠢᠳᠠᠯ᠎ᠤᠨ ᠬᠦᠨᠳᠦ ᠬᠥᠩᠭᠡᠨ᠎ᠢ ᠨᠢ ᠦᠵᠡᠵᠦ ᠪᠠᠢᠭᠠᠳ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ 

(ᠨᠢᠭᠡ) ᠣᠷᠣᠯᠠᠨ ᠪᠠᠶ᠋ᠢᠭᠤᠯᠬᠤ ᠪᠠᠢᠭᠤᠯᠤᠮᠵᠢ᠎ᠶᠢᠨ ᠰᠢᠯᠲᠠᠭᠠᠨ᠎ᠠᠴᠠ ᠪᠣᠯᠵᠤ ᠪᠠᠷᠢᠯᠭ᠎ᠠ᠎ᠶᠢᠨ ᠶᠠᠰᠤ ᠴᠢᠨᠠᠷ ᠬᠢᠷᠢ ᠲᠡᠩᠴᠡᠬᠦ ᠦᠭᠡᠢ ᠪᠣᠯᠤᠭᠰᠠᠨ ᠪᠠ ᠠᠮᠤᠷ ᠲᠦᠪᠰᠢᠨ᠎ᠦ ᠬᠦᠨᠳᠦ ᠶᠡᠬᠡ ᠬᠠᠷᠢᠭᠤᠴᠠᠯᠭ᠎ᠠ᠎ᠶᠢᠨ ᠡ᠊ᠨᠳᠡᠯ ᠭᠠᠷᠤᠭᠰᠠᠨ;

(ᠬᠣᠶᠠᠷ) ᠬᠡᠷᠡᠭᠯᠡᠬᠦ ᠨᠢᠭᠡᠴᠢ᠎ᠲᠠᠢ ᠰᠥᠯᠪᠡᠭᠡᠯᠳᠦᠵᠦ᠂ ᠤᠯᠤᠰ ᠣᠷᠣᠨ᠎ᠤ ᠠᠰᠢᠭ᠋ ᠲᠤᠰᠠ ᠪᠤᠶᠤ ᠨᠡᠢᠭᠡᠮ ᠨᠡᠶ᠋ᠢᠲᠡ᠎ᠶᠢᠨ ᠠᠰᠢᠭ᠋ ᠲᠤᠰᠠ᠎ᠶᠢ ᠬᠣᠪᠢᠷᠠᠭᠤᠯᠤᠭᠰᠠᠨ;

(ᠭᠤᠷᠪᠠ) ᠬᠠᠢᠨ ᠪᠠᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠵᠤ ᠬᠠᠮᠢᠶᠠᠷᠬᠤ᠂ ᠯᠠᠪᠯᠠᠭ᠎ᠠ ᠠᠪᠬᠤ᠂ ᠲᠥᠬᠦᠭᠡᠷᠦᠮᠵᠢ ᠮᠠᠲᠧᠷᠢᠶᠠᠯ ᠬᠠᠩᠭᠠᠬᠤ ᠵᠡᠷᠭᠡ ᠨᠢᠭᠡᠴᠢ᠎ᠲᠠᠢ ᠰᠥᠯᠪᠡᠭᠡᠯᠳᠦᠵᠦ ᠪᠠᠢᠭᠠᠳ ᠵᠦᠢ ᠪᠤᠰᠤ ᠠᠰᠢᠭ᠋ ᠣᠯᠣᠭᠰᠠᠨ; 

( ᠳᠥᠷᠪᠡ ) ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ᠎ᠶᠢᠨ ᠬᠡᠷᠡᠭᠯᠡᠯᠲᠡ ᠪᠠ  ᠡᠳ᠋᠎ᠤᠨ ᠶᠠᠪᠤᠳᠠᠯ᠎ᠤᠨ ᠬᠠᠮᠢᠶᠠᠷᠤᠯᠲᠠ᠎ᠶᠢᠨ ᠲᠣᠭᠲᠠᠭᠠᠯ᠎ᠢ ᠵᠥᠷᠢᠴᠡᠭᠰᠡᠨ; 

(ᠲᠠᠪᠤ) ᠣᠷᠣᠯᠠᠨ ᠪᠠᠶ᠋ᠢᠭᠤᠯᠬᠤ ᠲᠤᠬᠠᠢᠯᠠᠭᠰᠠᠨ ᠠᠵᠢᠯ᠎ᠢ ᠰᠢᠯᠵᠢᠭᠦᠯᠦᠨ ᠥᠭᠭᠦᠭᠰᠡᠨ;

( ᠵᠢᠷᠭᠤᠭ᠎ᠠ ) ᠣᠷᠣᠯᠠᠨ ᠪᠠᠶ᠋ᠢᠭᠤᠯᠬᠤ ᠪᠠᠷᠢᠯᠭ᠎ᠠ᠎ᠶᠢᠨ ᠪᠤᠰᠤᠳ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠲᠣᠭᠲᠠᠭᠠᠯ᠎ᠠᠴᠠ ᠵᠥᠷᠢᠴᠡᠨ ᠡᠭᠦᠷᠭᠡᠯᠡᠭᠰᠡᠨ; 

(ᠲᠤᠯᠤᠭ᠎ᠠ) ᠨᠢᠭᠤᠴᠠ᠎ᠶᠢ ᠬᠠᠮᠠᠭᠠᠯᠠᠬᠤ ᠶᠣᠰᠣᠲᠠᠢ ᠣᠷᠣᠯᠠᠨ ᠪᠠᠶ᠋ᠢᠭᠤᠯᠬᠤ ᠲᠦᠷᠦᠯ ᠵᠦᠢᠯ᠎ᠦᠨ ᠬᠣᠯᠪᠣᠭᠳᠠᠯ ᠪᠦᠬᠦᠢ ᠪᠠᠢᠳᠠᠯ ᠪᠠ ᠮᠠᠲᠧᠷᠢᠶᠠᠯ᠎ᠢ ᠵᠠᠳᠠᠷᠠᠭᠤᠯᠤᠭᠰᠠᠨ;

( ᠨᠠᠢ᠍ᠮᠠ ) ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠬᠣᠯᠪᠣᠭᠳᠠᠯ ᠪᠦᠬᠦᠢ ᠲᠣᠭᠲᠠᠭᠠᠯ᠎ᠠᠴᠠ ᠵᠥᠷᠢᠴᠡᠵᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ᠎ᠶᠢ ᠵᠣᠬᠢᠶᠠᠨ  ᠪᠠᠢᠭᠤᠯᠤᠭᠰᠠᠨ;

( ᠶᠢᠰᠦ ) ᠬᠠᠤᠯᠢ ᠲᠣᠭᠲᠠᠭᠠᠯ᠎ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ᠃ 

ᠬᠣᠷᠢᠨ ᠵᠢᠷᠭᠤᠳᠤᠭᠠᠷ ᠵᠦᠢᠯ  ᠬᠡᠷᠡᠭᠯᠡᠬᠦ ᠨᠢᠭᠡᠴᠢ᠎ᠳᠤ ᠳᠣᠣᠷᠠᠬᠢ ᠪᠠᠢᠳᠠᠯ᠎ᠤᠨ ᠨᠢᠭᠡ ᠨᠢ ᠪᠠᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠢᠭᠡᠴᠢ ᠎ᠶᠢᠨ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠥᠰ᠎ᠡᠴᠡ ᠥᠢᠯᠡ ᠪᠠᠢᠳᠠᠯ᠎ᠤᠨ ᠬᠦᠨᠳᠦ ᠬᠥᠩᠭᠡᠨ᠎ᠢ ᠨᠢ ᠦᠵᠡᠵᠦ ᠪᠠᠢᠭᠠᠳ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ 

( ᠨᠢᠭᠡ ) ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠬᠦ ᠦᠭᠡᠢ᠂ ᠣᠷᠣᠯᠠᠨ ᠪᠠᠶ᠋ᠢᠭᠤᠯᠬᠤ ᠪᠠᠢᠭᠤᠯᠤᠮᠵᠢ᠎ᠳᠤ ᠢᠳᠡᠪᠬᠢᠲᠡᠢ ᠪᠦᠲᠦᠮᠵᠢᠲᠡᠶ ᠬᠠᠮᠵᠢᠯᠴᠠᠬᠤ ᠦᠭᠡᠢ᠂ ᠡᠰᠡᠬᠦᠯ᠎ᠡ ᠥᠪᠡᠷ᠎ᠲᠤ᠎ᠪᠠᠨ ᠴᠤᠭᠯᠠᠭᠤᠯᠬᠤ ᠪᠡᠯᠡ ᠮᠥᠩᠭᠥ᠎ᠶᠢ ᠴᠠᠭ ᠲᠤᠬᠠᠢ᠎ᠳᠤ ᠨᠢ ᠪᠣᠳᠠᠲᠠᠢᠵᠢᠭᠤᠯᠤᠭᠰᠠᠨ ᠦᠭᠡᠢ᠎ᠡᠴᠡ ᠪᠣᠯᠵᠤ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶᠢ ᠶᠠᠪᠤᠭᠳᠠᠭᠤᠯᠬᠤ᠎ᠶᠢᠨ ᠠᠷᠭ᠎ᠠ ᠦᠭᠡᠢ ᠪᠣᠯᠭᠠᠭᠰᠠᠨ ᠪᠤᠶᠤ ᠪᠠᠷᠢᠯᠭ᠎ᠠ᠎ᠶᠢᠨ ᠬᠤᠭᠤᠴᠠᠭ᠎ᠠ᠎ᠶᠢ ᠤᠳᠠᠭᠠᠰᠢᠷᠠᠭᠤᠯᠤᠭᠰᠠᠨ; 

(ᠬᠣᠶᠠᠷ)ᠣᠷᠣᠯᠠᠨ ᠪᠠᠶ᠋ᠢᠭᠤᠯᠬᠤ ᠪᠠᠢᠭᠤᠯᠤᠮᠵᠢ ᠪᠤᠶᠤ ᠬᠠᠢᠨ ᠪᠠᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠯᠠᠪᠯᠠᠭ᠎ᠠ ᠠᠪᠬᠤ᠂ ᠲᠥᠬᠦᠭᠡᠷᠦᠮᠵᠢ ᠮᠠᠲᠧᠷᠢᠶᠠᠯ ᠬᠠᠩᠭᠠᠬᠤ ᠵᠡᠷᠭᠡ ᠨᠢᠭᠡᠴᠢ᠎ᠲᠠᠢ ᠰᠥᠯᠪᠡᠭᠡᠯᠳᠦᠵᠦ᠂ ᠤᠯᠤᠰ ᠣᠷᠣᠨ᠎ᠤ ᠠᠰᠢᠭ᠋ ᠲᠤᠰᠠ ᠪᠤᠶᠤ ᠨᠡᠢᠭᠡᠮ ᠨᠡᠶ᠋ᠢᠲᠡ᠎ᠶᠢᠨ ᠠᠰᠢᠭ᠋ ᠲᠤᠰᠠ᠎ᠶᠢ ᠬᠣᠪᠢᠷᠠᠭᠤᠯᠤᠭᠰᠠᠨ;

(ᠭᠤᠷᠪᠠ) ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠦᠨ ᠪᠡᠯᠡ ᠮᠥᠩᠭᠥ᠎ᠶᠢᠨ ᠬᠡᠷᠡᠭᠯᠡᠯᠲᠡ ᠪᠠ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶᠢᠨ ᠲᠣᠭᠲᠠᠭᠠᠯ᠎ᠢ ᠵᠥᠷᠢᠴᠡᠭᠰᠡᠨ;

(ᠳᠥᠷᠪᠡ) ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠬᠤ ᠠᠷᠭ᠎ᠠ ᠬᠡᠯᠪᠡᠷᠢ ᠠᠪᠤᠭᠰᠠᠨ ᠨᠢ ᠲᠥᠷᠥᠯ ᠵᠦᠢᠯ᠎ᠤᠨ ᠠᠩᠬᠠᠨ᠎ᠤ ᠵᠢᠷᠤᠭ ᠲᠥᠯᠥᠪᠯᠡᠭᠡ ᠴᠣᠬᠣᠯᠠᠪᠤᠷᠢᠯᠠᠭᠳᠠᠭᠰᠠᠨ᠎ᠤ ᠲᠠᠷᠠᠭ᠎ᠠ᠂ ᠪᠠᠷᠢᠯᠭ᠎ᠠ᠎ᠶᠢᠨ ᠠᠵᠢᠯ᠎ᠤᠨ ᠵᠢᠷᠤᠭ ᠲᠥᠯᠥᠪᠯᠡᠭᠡ᠎ᠶᠢᠨ ᠪᠢᠴᠢᠭ ᠮᠠᠲᠧᠷᠢᠶᠠᠯ᠎ᠤᠨ ᠶᠠᠰᠤ ᠴᠢᠨᠠᠷ᠎ᠢ ᠴᠢᠩᠭ᠎ᠠ ᠡᠵᠡᠮᠰᠢᠭᠰᠡᠨ ᠦᠭᠡᠢ ᠵᠢᠴᠢ ᠲᠥᠷᠥᠯ ᠵᠦᠢᠯ᠎ᠤᠨ ᠪᠦᠲᠦᠭᠡᠨ ᠪᠠᠶ᠋ᠢᠭᠤᠯᠬᠤ ᠶᠠᠪᠤᠴᠠ᠎ᠳᠤ ᠲᠥᠷᠥᠯ ᠵᠦᠢᠯ᠎ᠤᠨ ᠪᠦᠬᠦ ᠪᠤᠶᠤ ᠬᠡᠰᠡᠭ ᠬᠡᠷᠡᠭᠯᠡᠬᠦ ᠴᠢᠳᠠᠮᠵᠢ᠎ᠶᠢ ᠨᠢ ᠵᠥᠪᠰᠢᠶᠡᠷᠡᠭᠦᠯᠦᠭᠰᠡᠨ ᠦᠭᠡᠢ᠎ᠪᠡᠷ ᠳᠤᠷ᠎ᠠ᠎ᠪᠠᠷ᠎ᠢᠶᠠᠨ ᠬᠤᠪᠢᠷᠠᠭᠠᠬᠤ᠎ᠪᠠᠷ ᠱᠠᠭᠠᠷᠳᠠᠵᠤ᠂ ᠪᠦᠲᠦᠴᠡ᠎ᠶᠢ ᠨᠢ ᠵᠠᠳᠠᠯᠤᠨ ᠥᠭᠡᠷᠡᠴᠢᠯᠡᠵᠦ᠂ ᠪᠦᠲᠦᠭᠡᠨ ᠪᠠᠶ᠋ᠢᠭᠤᠯᠬᠤ ᠪᠠᠷᠢᠮᠵᠢᠶ᠎ᠠ᠎ᠶᠢ ᠳᠡᠭᠡᠭᠰᠢᠯᠡᠭᠦᠯᠦᠭᠡᠳ᠂ ᠪᠡᠯᠡ ᠣᠷᠣᠭᠤᠯᠤᠯᠲᠠ᠎ᠶᠢ ᠲᠣᠢᠮᠣ᠌ ᠲᠥᠰᠥᠪ᠎ᠡᠴᠡ ᠬᠡᠲᠦᠷᠡᠭᠦᠯᠦᠭᠰᠡᠨ ᠪᠤᠶᠤ ᠠᠬᠢᠴᠠ᠎ᠶᠢ ᠨᠡᠯᠢᠶᠡᠳ ᠶᠡᠬᠡ ᠰᠠᠭᠠᠲᠠᠭᠠᠭᠰᠠᠨ; 

(ᠲᠠᠪᠤ) ᠪᠠᠷᠢᠯᠭ᠎ᠠ᠎ᠶᠢᠨ ᠠᠵᠢᠯ ᠳᠠᠭᠤᠰᠴᠤ ᠰᠢᠯᠭᠠᠨ ᠬᠤᠷᠢᠶᠠᠬᠤ᠎ᠳᠤ ᠬᠢᠷᠢ ᠲᠡᠩᠴᠡᠭᠰᠡᠨ᠎ᠦ ᠲᠠᠷᠠᠭ᠎ᠠ᠂ ᠪᠠᠷᠢᠯᠭ᠎ᠠ᠎ᠶᠢᠨ ᠲᠦᠷᠦᠯ ᠵᠦᠢᠯ᠎ᠢ ᠬᠦᠯᠢᠶᠡᠨ ᠠᠪᠬᠤ᠎ᠶᠢ ᠤᠳᠠᠭᠠᠰᠢᠷᠠᠭᠤᠯᠤᠭᠰᠠᠨ; 

(ᠵᠢᠷᠭᠤᠭ᠎ᠠ) ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠲᠣᠭᠲᠠᠭᠠᠯ᠎ᠠᠴᠠ ᠵᠥᠷᠢᠴᠡᠨ ᠭᠠᠷ ᠲᠥᠷᠥᠭᠰᠡᠨ; 

(ᠲᠤᠯᠤᠭ᠎ᠠ) ᠬᠠᠤᠯᠢ ᠲᠣᠭᠲᠠᠭᠠᠯ᠎ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ᠃ 

ᠬᠣᠷᠢᠨ ᠳᠣᠯᠣᠳᠤᠭᠠᠷ ᠵᠦᠢᠯ  ᠬᠣᠯᠪᠣᠭᠳᠠᠯ ᠪᠦᠬᠦᠢ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ᠎ᠦ ᠠᠵᠢᠯᠲᠠᠨ ᠣᠷᠣᠯᠠᠨ ᠪᠠᠶ᠋ᠢᠭᠤᠯᠬᠤ ᠲᠦᠷᠦᠯ ᠵᠦᠢᠯ᠎ᠦᠨ ᠡᠯ᠎ᠡ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢᠴᠡᠳᠬᠡᠬᠦ᠎ᠳᠤ᠎ᠪᠠᠨ ᠤᠳᠠᠭᠠᠰᠢᠷᠠᠭᠤᠯᠤᠨ ᠠᠯᠪᠠ ᠬᠠᠰᠢᠭ᠍ᠰᠠᠨ᠂ ᠡᠷᠬᠡ ᠲᠤᠰᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠭᠰᠠᠨ᠂ ᠬᠤᠪᠢ᠎ᠶᠢᠨ ᠨᠠᠢᠷ ᠬᠠᠷᠠᠵᠤ ᠬᠠᠤᠯᠢ ᠶᠣᠰᠣ᠌᠎ᠶᠢ ᠵᠥᠷᠢᠴᠡᠭᠰᠡᠨ᠂ ᠬᠡᠭᠡᠯᠢ ᠠᠪᠴᠤ ᠬᠠᠬᠤᠤᠯᠢ ᠢᠳᠡᠭᠰᠡᠨ ᠵᠡᠷᠭᠡ ᠦᠢᠯᠡ ᠠᠵᠢᠯᠯᠠᠭ᠎ᠠ᠎ᠲᠠᠢ ᠪᠠᠢᠪᠠᠯ᠂ ᠰᠠᠬᠢᠯᠭ᠎ᠠ ᠪᠠᠲᠤ ᠳᠦᠷᠢᠮ ᠲᠣᠭᠲᠠᠭᠠᠯ ᠬᠠᠤᠯᠢ ᠴᠠᠭᠠᠵᠠ᠎ᠶᠢᠨ ᠶᠣᠰᠣᠭᠠᠷ ᠰᠢᠶ᠋ᠳᠪᠦᠷᠢᠯᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 

ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ 

ᠬᠣᠷᠢᠨ ᠨᠠᠢ᠍ᠮᠠᠳᠤᠭᠠᠷ ᠵᠦᠢᠯ  ᠡᠯ᠎ᠡ ᠠᠢᠮᠠᠭ ᠬᠣᠲᠠ ᠨᠢ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢ ᠬᠡᠷᠡᠭᠯᠡᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠢ ᠣᠷᠣᠯᠠᠨ ᠪᠠᠢᠭᠤᠯᠵᠤ ᠬᠠᠮᠢᠶᠠᠷᠬᠤ᠎ᠳᠤ᠂ ᠲᠣᠰ ᠠᠷᠭ᠎ᠠ᠎ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠃ 

ᠬᠣᠷᠢ ᠶᠢᠰᠦᠳᠦᠭᠡᠷ ᠵᠦᠢᠯ  ᠲᠤᠰ ᠠᠷᠭ᠎ᠠ᠎ᠶᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠡᠵᠡᠩᠨᠡᠯᠲᠡ᠎ᠶᠢᠨ ᠪᠤᠰᠤ ᠴᠢᠨᠠᠷᠲᠠᠢ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ ᠳᠦᠷᠢᠮ᠎ᠦᠨ ᠬᠠᠮᠢᠶᠠᠷᠤᠯᠲᠠ᠎ᠶᠢᠨ ᠠᠷᠭ᠎ᠠ᠎ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠮᠡᠳᠡᠭᠳᠡᠯ 》 ( ᠥᠪᠥᠷ ᠵᠠᠰᠠᠭ ᠠᠯᠪᠠᠨ ᠲᠠᠷᠬᠠᠭᠠᠭᠰᠠᠨ 〔 2020〕 7 ᠳ᠋ᠤᠭᠠᠷ ᠲᠣᠭᠠᠲᠤ )᠎ᠢ ᠬᠠᠮᠲᠤ᠎ᠳᠤ ᠨᠢ ᠬᠦᠴᠦᠨ ᠦᠭᠡᠢ ᠪᠣᠯᠭᠠᠨ᠎ᠠ ᠃ 

ᠳᠠᠭᠠᠯᠳᠤᠭᠤᠯᠤᠯ ᠄ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠵᠠᠷᠤᠳᠠᠯ᠎ᠤᠨ ᠶᠡᠷᠦᠩᠬᠡᠢ ᠲᠣᠭ᠎ᠠ᠎ᠶᠢ ᠬᠢᠵᠠᠭᠠᠷᠯᠠᠬᠤ ᠵᠠᠷᠤᠳᠠᠯ᠎ᠤᠨ ᠨᠣᠷᠮ᠎ᠠ᠎ᠶᠢᠨ ᠬᠦᠰᠦᠨᠦᠭᠲᠦ 

 

ᠳᠠᠭᠠᠯᠳᠤᠭᠤᠯᠤᠯ ᠲᠥᠷᠥᠯ ᠵᠦᠢᠯ᠎ᠦᠨ ᠣᠷᠣᠯᠠᠨ ᠪᠠᠶ᠋ᠢᠭᠤᠯᠬᠤ ᠬᠠᠮᠢᠶᠠᠷᠤᠯᠲᠠ᠎ᠶᠢᠨ ᠵᠠᠷᠤᠳᠠᠯ᠎ᠤᠨᠶᠡᠷᠦᠩᠬᠡᠢ ᠲᠣᠭ᠎ᠠ᠎ᠶᠢ ᠬᠢᠵᠠᠭᠠᠷᠯᠠᠬᠤ ᠵᠠᠷᠤᠳᠠᠯ᠎ᠤᠨ ᠨᠣᠷᠮ᠎ᠠ᠎ᠶᠢᠨ ᠬᠦᠰᠦᠨᠦᠭᠲᠦ 

 ᠨᠢᠭᠡᠴᠢ᠄ ᠲᠦᠮᠡᠨ ᠲᠥᠭᠥᠷᠢᠭ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

2025 ᠣᠨ᠎ᠤ 4 ᠳ᠋ᠦ᠍ᠭᠡᠷ ᠰᠠᠷ᠎ᠠ᠎ᠶᠢᠨ 23᠎ᠦ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ