ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠳ᠋ᠤᠭᠠᠷ ᠰᠠᠷ᠎ᠠ᠎ᠶᠢᠨ 10 ᠤ ᠡᠳᠦᠷ᠎ᠦᠨ ᠴᠠᠬᠢᠯᠭᠠᠨ ᠮᠡᠳᠡᠭᠡ 10 ᠳ᠋ᠤᠭᠠᠷ ᠰᠠᠷ᠎ᠠ᠎ᠶᠢᠨ 10 ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠢ ᠵᠢᠨ ᠫᠢᠩ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠶᠡᠷᠦᠩᠬᠡᠢ ᠱᠦᠵᠢ ᠵᠢᠨ ᠵᠧᠩ ᠧᠨ᠎ᠳᠦ ᠴᠠᠬᠢᠯᠭᠠᠨ ᠴᠢᠮᠡᠭᠡ ᠶᠠᠪᠤᠭᠤᠯᠵᠤ᠂ ᠰᠣᠯᠣᠩᠭᠣᠰ᠎ᠤᠨ ᠬᠥᠳᠡᠯᠮᠦᠷᠢᠴᠢᠨ ᠨᠠᠮ ᠪᠠᠢᠭᠤᠯᠤᠭᠳᠠᠭᠰᠠᠨ 80 ᠵᠢᠯ᠎ᠦᠨ ᠤᠢ᠎ᠳᠤ ᠪᠠᠶᠠᠷ ᠬᠦᠷᠭᠡᠪᠡ᠃
ᠰᠢ ᠵᠢᠨ ᠫᠢᠩ ᠪᠠᠶᠠᠷ᠎ᠤᠨ ᠴᠠᠬᠢᠯᠭᠠᠨ᠎ᠳᠤ᠎ᠪᠠᠨ᠂ ᠰᠣᠯᠣᠩᠭᠣᠰ᠎ᠤᠨ ᠬᠥᠳᠡᠯᠮᠦᠷᠢᠴᠢᠨ ᠨᠠᠮ ᠪᠠᠢᠭᠤᠯᠤᠭᠳᠠᠭᠰᠠᠨ 80 ᠵᠢᠯ᠎ᠦᠨ ᠤᠢ᠎ᠶᠢᠨ ᠲᠠᠰᠢᠷᠠᠮ᠎ᠢᠶᠠᠷ᠂ ᠪᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠡᠮᠦᠨ᠎ᠡ᠎ᠡᠴᠡ᠂ ᠲᠡᠷᠡᠴᠢᠯᠡᠨ ᠬᠤᠪᠢ᠎ᠶᠢᠨ ᠨᠡᠷ᠎ᠡ᠎ᠪᠡᠷ ᠶᠡᠷᠦᠩᠬᠡᠢ ᠱᠦᠵᠢ ᠨᠥᠬᠥᠷ ᠪᠠ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠲᠥᠪ ᠬᠣᠷᠢᠶ᠎ᠠ᠂ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠪᠦᠬᠦ ᠭᠡᠰᠢᠭᠦᠳ ᠵᠢᠴᠢ ᠰᠣᠯᠣᠩᠭᠣᠰ᠎ᠤᠨ ᠠᠷᠠᠳ ᠲᠦᠮᠡᠨ᠎ᠳᠦ ᠬᠠᠯᠠᠭᠤᠨ ᠪᠠᠶᠠᠷ ᠪᠠ ᠰᠠᠢᠨ ᠰᠠᠢᠬᠠᠨ ᠵᠥᠩᠨᠡᠯ ᠳᠡᠪᠰᠢᠭᠦᠯᠵᠦ ᠪᠠᠢᠨ᠎ᠠ ᠭᠡᠪᠡ᠃
ᠰᠢ ᠵᠢᠨ ᠫᠢᠩ ᠢᠯᠡᠷᠬᠡᠢᠯᠡᠬᠦ᠎ᠳᠦ᠎ᠪᠡᠨ᠂ 80 ᠵᠢᠯ᠎ᠦᠨ ᠲᠤᠷᠰᠢ᠂ ᠰᠣᠯᠣᠩᠭᠣᠰ᠎ᠤᠨ ᠬᠥᠳᠡᠯᠮᠦᠷᠢᠴᠢᠨ ᠨᠠᠮ ᠰᠣᠯᠣᠩᠭᠣᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠤᠷᠤᠭᠰᠢᠯᠠᠵᠤ᠂ ᠪᠡᠷᠬᠡ᠎ᠶᠢ ᠳᠤᠭᠤᠯᠤᠨ ᠪᠠᠷᠲᠠᠭ᠎ᠠ᠎ᠶᠢ ᠳᠠᠪᠠᠵᠤ᠂ ᠰᠣᠯᠣᠩᠭᠣᠰ᠎ᠤᠨ ᠨᠡᠢᠭᠡᠮ ᠵᠢᠷᠤᠮᠲᠤ ᠦᠢᠯᠡᠰ᠎ᠦᠨ ᠪᠠᠶᠠᠷᠯᠠᠭᠤᠰᠢᠲᠠᠢ ᠠᠮᠵᠢᠯᠲᠠ ᠣᠯᠬᠤ᠎ᠶᠢ ᠠᠬᠢᠭᠤᠯᠪᠠ᠃ ᠣᠢᠷ᠎ᠠ᠎ᠶᠢᠨ ᠵᠢᠯ᠎ᠦᠳ᠎ᠲᠦ᠂ ᠶᠡᠷᠦᠩᠬᠡᠢ ᠱᠦᠵᠢ ᠨᠥᠬᠥᠷ ᠰᠣᠯᠣᠩᠭᠣᠰ᠎ᠤᠨ ᠨᠠᠮ ᠪᠠ ᠠᠷᠠᠳ ᠲᠦᠮᠡᠨ᠎ᠢ ᠤᠳᠤᠷᠢᠳᠤᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠂ ᠠᠵᠤ ᠠᠬᠤᠢ᠎ᠶᠢ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠢᠳᠡᠪᠬᠢᠯᠡᠨ ᠴᠢᠷᠮᠠᠢᠵᠤ ᠪᠠᠢᠨ᠎ᠠ᠃ ᠶᠡᠷᠦᠩᠬᠡᠢ ᠱᠦᠵᠢ ᠨᠥᠬᠥᠷ᠎ᠢᠶᠡᠷ ᠲᠦᠷᠦᠭᠦᠯᠡᠭᠦᠯᠦᠭᠰᠡᠨ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠣᠯᠣᠩᠭᠣᠰ᠎ᠤᠨ ᠨᠡᠢᠭᠡᠮ ᠵᠢᠷᠤᠮᠲᠤ ᠦᠢᠯᠡᠰ ᠲᠠᠰᠤᠷᠠᠯᠲᠠ ᠦᠭᠡᠢ ᠰᠢᠨ᠎ᠡ ᠠᠮᠵᠢᠯᠲᠠ ᠣᠯᠵᠤ᠂ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠶᠢᠰᠦᠳᠦᠭᠡᠷ ᠶᠡᠬᠡ ᠬᠤᠷᠠᠯ᠎ᠤᠨ ᠠᠮᠵᠢᠯᠲᠠ ᠲᠠᠢ ᠬᠤᠷᠠᠯᠳᠤᠬᠤ᠎ᠶᠢ ᠬᠦᠰᠡᠵᠦ ᠪᠠᠢᠨ᠎ᠠ ᠭᠡᠪᠡ᠃
ᠰᠢ ᠵᠢᠨ ᠫᠢᠩ ᠴᠢᠬᠤᠯᠠᠴᠢᠯᠠᠭᠰᠠᠨ ᠨᠢ᠂ ᠳᠤᠮᠳᠠᠳᠤ ᠪᠠ ᠰᠣᠯᠣᠩᠭᠣᠰ ᠬᠣᠶᠠᠷ ᠤᠯᠤᠰ ᠪᠣᠯ ᠴᠥᠮ ᠡᠪ ᠬᠠᠮᠲᠤ ᠨᠠᠮ᠎ᠤᠨ ᠤᠳᠤᠷᠢᠳᠤᠭᠰᠠᠨ ᠨᠡᠢᠭᠡᠮ ᠵᠢᠷᠤᠮᠲᠤ ᠤᠯᠤᠰ ᠮᠥᠨ᠃ ᠣᠢᠷ᠎ᠠ᠎ᠶᠢᠨ ᠵᠢᠯ᠎ᠦᠳ᠎ᠲᠦ᠂ ᠪᠢ ᠶᠡᠷᠦᠩᠬᠡᠢ ᠱᠦᠵᠢ ᠨᠥᠬᠥᠷ ᠲᠠᠢ ᠣᠯᠠᠨᠲᠠ ᠠᠭᠤᠯᠵᠠᠯᠲᠠ ᠬᠢᠵᠦ᠂ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ᠎ᠶᠢᠨ ᠵᠢᠯᠣᠭᠣ᠌ᠶᠢ ᠠᠳᠬᠤᠨ᠂ ᠳᠤᠮᠳᠠᠳᠤ ᠪᠠ ᠰᠣᠯᠣᠩᠭᠣᠰ᠎ᠤᠨ ᠨᠥᠬᠥᠷᠯᠡᠯ᠎ᠦᠨ ᠴᠣ ᠰᠢᠨ᠎ᠡ ᠬᠠᠭᠤᠳᠠᠰᠤ᠎ᠶᠢ ᠨᠡᠭᠡᠭᠡᠵᠡᠢ᠃ ᠲᠦᠷᠦᠭᠦᠬᠡᠨ ᠶᠡᠷᠦᠩᠬᠡᠢ ᠱᠦᠵᠢ ᠨᠥᠬᠥᠷ ᠳᠤᠮᠳᠠᠳᠤ ᠤᠯᠤᠰ᠎ᠲᠤ ᠢᠷᠡᠵᠦ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠦ ᠲᠠᠢ᠍ᠢᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ᠎ᠶᠢᠨ ᠲᠠᠢ᠍ᠢᠨᠤ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠪᠠ᠂ ᠪᠢ ᠶᠡᠷᠦᠩᠬᠡᠢ ᠱᠦᠵᠢ ᠨᠥᠬᠥᠷ ᠲᠠᠢ ᠭᠦᠨᠵᠡᠭᠡᠢ ᠬᠡᠯᠡᠯᠴᠡᠭᠡ ᠬᠢᠵᠦ᠂ ᠳᠤᠮᠳᠠᠳᠤ ᠪᠠ ᠰᠣᠯᠣᠩᠭᠣᠰ ᠬᠣᠶᠠᠷ ᠲᠠᠯ᠎ᠠ᠎ᠶᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠤᠯᠠᠮ ᠨᠢᠭᠡ ᠠᠯᠬᠤᠮ ᠬᠥᠭᠵᠢᠭᠦᠯᠬᠦ᠎ᠳᠦ ᠤᠷᠤᠭᠰᠢᠯᠠᠬᠤ ᠴᠢᠭᠯᠡᠯ᠎ᠢ ᠲᠣᠳᠣᠷᠬᠠᠢᠯᠠᠵᠠᠢ᠃ ᠳᠡᠯᠡᠬᠡᠢ᠎ᠶᠢᠨ ᠪᠠᠢᠳᠠᠯ ᠬᠡᠷᠬᠢᠨ ᠬᠤᠪᠢᠷᠠᠭᠰᠠᠨ ᠴᠤ᠌᠂ ᠳᠤᠮᠳᠠᠳᠤ ᠪᠠ ᠰᠣᠯᠣᠩᠭᠣᠰ᠎ᠤᠨ ᠬᠠᠷᠢᠯᠴᠠᠭ᠎ᠠ᠎ᠶᠢ ᠰᠠᠢᠲᠤᠷ ᠬᠠᠮᠠᠭᠠᠯᠠᠬᠤ᠂ ᠰᠠᠢᠲᠤᠷ ᠪᠡᠬᠢᠵᠢᠭᠦᠯᠬᠦ᠂ ᠰᠠᠢᠲᠤᠷ ᠬᠥᠭᠵᠢᠭᠦᠯᠬᠦ ᠨᠢ ᠳᠤᠮᠳᠠᠳᠤ ᠤᠯᠤᠰ᠎ᠤᠨ ᠨᠠᠮ ᠪᠠ ᠵᠠᠰᠠᠭ᠎ᠤᠨ ᠣᠷᠳᠣᠨ᠎ᠤ ᠢᠮᠠᠭᠲᠠ ᠬᠤᠪᠢᠷᠠᠰᠢ ᠦᠭᠡᠢ ᠴᠢᠭᠯᠡᠯᠲᠡ ᠮᠥᠨ᠃ ᠳᠤᠮᠳᠠᠳᠤ᠎ᠶᠢᠨ ᠲᠠᠯ᠎ᠠ ᠳᠤᠷᠠᠲᠠᠶ᠎ᠠ ᠰᠣᠯᠣᠩᠭᠣᠰ᠎ᠤᠨ ᠲᠠᠯ᠎ᠠ ᠯᠤᠭ᠎ᠠ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠨᠢᠭ᠍ᠲᠠ ᠵᠣᠬᠢᠴᠠᠭᠤᠯᠤᠨ ᠬᠠᠮᠵᠢᠯᠴᠠᠵᠤ᠂ ᠳᠤᠮᠳᠠᠳᠤ ᠪᠠ ᠰᠣᠯᠣᠩᠭᠣᠰ᠎ᠤᠨ ᠬᠠᠷᠢᠯᠴᠠᠭᠠᠨ᠎ᠤ ᠲᠠᠰᠤᠷᠠᠯᠳᠡ ᠦᠭᠡᠢ ᠤᠷᠤᠭᠰᠢᠯᠠᠨ ᠬᠥᠭᠵᠢᠬᠦ᠎ᠶᠢ ᠠᠬᠢᠭᠤᠯᠵᠤ᠂ ᠬᠣᠶᠠᠷ ᠤᠯᠤᠰ᠎ᠤᠨ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶᠢᠨ ᠦᠢᠯᠡᠰ᠎ᠲᠦ ᠦᠢᠯᠡᠴᠢᠯᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ᠎ᠶᠢᠨ ᠡᠩᠬᠡ ᠲᠠᠢᠪᠤᠩ ᠲᠣᠭᠲᠠᠭᠤᠨ ᠪᠠᠢᠳᠠᠯ ᠪᠠ ᠬᠥᠭᠵᠢᠯ ᠴᠡᠴᠡᠭᠯᠡᠯ᠎ᠳᠦ ᠢᠳᠡᠪᠬᠢᠲᠡᠢ ᠬᠤᠪᠢ ᠨᠡᠮᠡᠷᠢ ᠣᠷᠣᠭᠤᠯᠤᠨ᠎ᠠ᠃ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠲᠠᠰᠤᠷᠠᠯᠲᠠ ᠦᠭᠡᠢ ᠨᠡᠩ ᠶᠡᠬᠡ ᠠᠮᠵᠢᠯᠲᠠ ᠣᠯᠬᠤ᠎ᠶᠢ ᠢᠷᠦᠭᠡᠶ᠎ᠡ! ᠳᠤᠮᠳᠠᠳᠤ ᠪᠠ ᠰᠣᠯᠣᠩᠭᠣᠰ᠎ᠤᠨ ᠨᠥᠬᠥᠷᠯᠡᠯ ᠥᠨᠢᠳᠡ ᠣᠷᠣᠰᠢᠬᠤ᠎ᠶᠢ ᠢᠷᠦᠭᠡᠶ᠎ᠡ!