ᠪᠦᠭᠦᠳᠡ ᠬᠤᠷᠠᠯ᠎ᠢ ᠲᠥᠪ ᠬᠣᠷᠢᠶ᠎ᠠ᠎ᠶᠢᠨ ᠤᠯᠤᠰ ᠲᠥᠷᠤ᠎ᠶ᠋ᠢᠨ ᠲᠣᠪᠴᠢᠶ᠎ᠠ᠎ᠡᠴᠡ ᠡᠷᠬᠢᠯᠡᠪᠡ
ᠲᠥᠪ ᠬᠣᠷᠢᠶ᠎ᠠ᠎ᠶᠢᠨ ᠶᠡᠷᠤᠩᠬᠡᠢ ᠱᠦᠵᠢ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ
ᠪᠦᠬᠦᠳᠡ ᠬᠤᠷᠠᠯ᠎ᠡᠴᠡ ᠰᠢ᠎ᠵᠢᠨ᠎ᠫᠢᠩ᠎ᠤᠨ ᠲᠥᠪ ᠬᠣᠷᠢᠶ᠎ᠠ᠎ᠶᠢᠨ ᠤᠯᠤᠰ ᠲᠥᠷᠤ᠎ᠶ᠋ᠢᠨ ᠲᠣᠪᠴᠢᠶᠠᠨ᠎ᠤ ᠨᠡᠢᠳᠠᠯᠭᠠᠪᠠᠷ ᠬᠢᠭ᠌ᠰᠡᠨ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠤᠨ ᠬᠥᠭ᠌ᠵᠢᠯᠲᠠ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠤᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ》᠎ᠶ᠋ᠢ ᠬᠢᠨᠠᠨ ᠶᠠᠷᠢᠯᠴᠠᠵᠤ ᠪᠠᠲᠤᠯᠠᠪᠠ᠃ ᠰᠢ᠎ᠵᠢᠨ᠎ᠫᠢᠩ 《ᠰᠠᠨᠠᠭᠤᠯᠭ᠎ᠠ (ᠶᠠᠷᠢᠯᠴᠠᠬᠤ ᠨᠣᠤᠷᠠᠭ) 》᠎ᠶ᠋ᠢᠨ ᠲᠤᠬᠠᠢ ᠪᠦᠭᠦᠳᠡ ᠬᠤᠷᠠᠯ᠎ᠳᠤ ᠲᠤᠳᠤᠷᠬᠠᠢᠯᠠᠯᠲᠠ ᠬᠢᠪᠡ᠃
ᠪᠦᠬᠦᠳᠡ ᠬᠤᠷᠠᠯ᠎ᠡᠴᠡ᠂ ᠵᠠᠩ ᠱᠸᠩ ᠮᠢᠨᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠶᠢᠨ ᠲᠡᠳ᠋ ᠲᠡᠷᠢᠭᠦᠯᠡᠭ᠌ᠴᠢ᠎ᠪᠠᠷ ᠨᠡᠮᠡᠵᠤ ᠨᠥᠬᠦᠬᠦ᠌᠎ᠪᠠᠷ ᠲᠣᠭ᠍ᠲᠠᠭᠠᠪᠠ᠃
ᠪᠦᠬᠦᠳᠡ ᠬᠤᠷᠠᠯ᠎ᠡᠴᠡ ᠤᠷᠢᠶᠠᠯᠠᠭ᠍ᠰᠠᠨᠨᠢ᠂ ᠪᠥᠬᠦ᠌ ᠨᠠᠮ ᠪᠥᠬᠦ᠌ ᠴᠡᠷᠢᠭ ᠪᠥᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠵᠢᠨ᠎ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠤᠷᠢᠨ᠎ᠳᠤ ᠨᠡᠩ ᠢᠯᠡᠭᠦᠦ ᠨᠢᠭ᠍ᠳᠠᠷᠠᠨ ᠪᠦᠯᠭᠦᠮᠳᠡᠵᠤ᠂ ᠨᠡᠢᠭᠡᠮ ᠵᠢᠷᠤᠮ᠎ᠤᠨ ᠣᠳᠤᠭᠢᠴᠢᠯᠠᠯᠲᠠᠶ᠋ᠢ ᠦᠨᠳᠦᠰᠤᠨ᠎ᠳᠡᠭᠡᠨ ᠪᠡᠶᠡᠯᠡᠭᠦᠯᠬᠦ᠌᠎ᠶ᠋ᠢᠨ ᠲᠦᠯᠤᠭᠡ ᠬᠠᠮᠲᠤ᠎ᠪᠠᠷ ᠲᠡᠮᠡᠴᠡᠵᠤ᠂ ᠳᠤᠮᠳᠠᠲᠤ ᠤᠯᠤᠰ᠎ᠤᠨ ᠮᠠᠶᠢᠭ᠎ᠤᠨ ᠤᠳᠤᠭᠢᠴᠢᠯᠡᠯᠲᠠᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠣᠲᠠᠨᠤ ᠰᠡᠷᠭᠦᠨ ᠮᠡᠨᠳᠤᠯᠲᠠᠶ᠋ᠢᠨ ᠠᠭᠤᠤ ᠦᠢᠯᠡᠰ᠎ᠢ ᠪᠥᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠨ ᠨᠡᠬᠡᠭᠡᠶᠡ᠃
ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ
ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠠᠯᠪᠠᠨ ᠮᠡᠳᠡᠭᠡ
(2025 ᠣᠨ᠎ᠤ 10 ᠰᠠᠷ᠎ᠠ᠎ᠶ᠋ᠢᠨ 23 ᠤ᠋ ᠡᠳᠤᠷ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ
ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠠᠴᠠ ᠪᠠᠲᠤᠯᠠᠪᠠ)
ᠳᠣᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠲᠥᠷᠪᠡᠳᠦᠭᠡᠷ ᠪᠦᠭᠦᠳᠡ ᠬᠤᠷᠠᠯ 2025 ᠣᠨ᠎ᠤ 10 ᠰᠠᠷ᠎ᠠ᠎ᠶ᠋ᠢᠨ 20 ᠤ᠋ ᠡᠳᠤᠷ᠎ᠡᠴᠡ 23 ᠤ᠋ ᠡᠳᠤᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ 2025 ᠣᠨ᠎ᠤ 10 ᠰᠠᠷ᠎ᠠ᠎ᠶ᠋ᠢᠨ 20 ᠡᠴᠡ 23 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠲᠥᠪ ᠬᠣᠷᠢᠶ᠎ᠠ᠎ᠶᠢᠨ ᠶᠡᠷᠦᠩᠬᠡᠶ ᠱᠦᠵᠢ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃
ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠰᠶ᠋ᠶᠸ ᠬᠤᠸᠠᠨ ᠤ᠋ᠣᠢ ᠰᠡᠭᠦᠳᠡᠷᠯᠡᠪᠡ
ᠡᠨᠡ ᠤᠳᠠᠭᠠᠨ᠎ᠤ ᠪᠦᠭᠦᠳᠡ ᠬᠤᠷᠠᠯ᠎ᠳᠤ ᠲᠥᠪ ᠬᠣᠷᠢᠶ᠎ᠠ᠎ᠶᠢᠨ ᠭᠡᠱᠢᠭᠦᠨ 168 ᠬᠦᠮᠥᠨ᠂ ᠲᠥᠪ ᠬᠣᠷᠢᠶ᠎ᠠ᠎ᠶᠢᠨ ᠣᠷᠣᠯᠠᠭ᠍ᠴᠢ ᠭᠡᠱᠢᠭᠦᠨ 147 ᠬᠦᠮᠤᠨ ᠣᠷᠣᠯᠴᠠᠪᠠ᠃ ᠲᠥᠪ ᠬᠣᠷᠢᠶ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ᠎ᠶᠢᠨ ᠭᠡᠱᠢᠭᠦᠳ ᠪᠣᠯᠣᠨ ᠬᠤᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠡ᠃ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠲᠦᠯᠥᠭᠡᠯᠡᠭ᠌ᠴᠢᠳ᠎ᠤᠨ ᠲᠣᠲᠤᠷᠠᠬᠢ ᠭᠡᠰᠡᠭ ᠦᠨᠳᠤᠰᠤᠨ ᠱᠠᠳᠤᠨ᠎ᠤ ᠨᠥᠬᠦᠳ ᠪᠣᠯᠣᠨ ᠲᠤᠰᠭᠠᠢ ᠮᠡᠷᠭᠡᠵᠢᠯᠲᠠᠳ ᠡᠷᠳᠡᠮᠲᠠᠳ ᠴᠦ᠍ ᠬᠤᠷᠠᠯ᠎ᠳᠤ ᠰᠤᠯᠠ ᠣᠷᠣᠯᠴᠠᠪᠠ᠃
ᠪᠦᠭᠦᠳᠡ ᠬᠤᠷᠠᠯ᠎ᠢ ᠲᠥᠪ ᠬᠣᠷᠢᠶ᠎ᠠ᠎ᠶᠢᠨ ᠤᠯᠤᠰ ᠲᠥᠷᠤ᠎ᠶ᠋ᠢᠨ ᠲᠣᠪᠴᠢᠶ᠎ᠠ᠎ᠡᠴᠡ ᠡᠷᠬᠢᠯᠡᠪᠡ᠃ ᠲᠥᠪ ᠬᠣᠷᠢᠶ᠎ᠠ᠎ᠶᠢᠨ ᠶᠡᠷᠤᠩᠬᠡᠢ ᠱᠦᠵᠢ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ 2025 ᠣᠨ᠎ᠤ 10 ᠰᠠᠷ᠎ᠠ᠎ᠶ᠋ᠢᠨ 20 ᠡᠴᠡ 23 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ ᠬᠤᠷᠠᠯ᠎ᠢ ᠡᠷᠬᠢᠯᠡᠪᠡ᠃
ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠳ᠋ᠢᠩ ᠬᠠᠶ ᠲᠤᠤ ᠰᠡᠭᠦᠳᠡᠷᠯᠡᠪᠡ
ᠪᠦᠬᠦᠳᠡ ᠬᠤᠷᠠᠯ᠎ᠡᠴᠡ ᠰᠢ᠎ᠵᠢᠨ᠎ᠫᠢᠩ᠎ᠤᠨ ᠲᠥᠪ ᠬᠣᠷᠢᠶ᠎ᠠ᠎ᠶᠢᠨ ᠤᠯᠤᠰ ᠲᠥᠷᠤ᠎ᠶ᠋ᠢᠨ ᠲᠣᠪᠴᠢᠶᠠᠨ᠎ᠤ ᠨᠡᠢᠳᠠᠯᠭᠠᠪᠠᠷ ᠬᠢᠭ᠌ᠰᠡᠨ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠤᠨ ᠬᠥᠭ᠌ᠵᠢᠯᠲᠠ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠤᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ》᠎ᠶᠢ ᠬᠢᠨᠠᠨ ᠶᠠᠷᠢᠯᠴᠠᠵᠤ ᠪᠠᠲᠤᠯᠠᠪᠠ᠃ ᠰᠢ᠎ᠵᠢᠨ᠎ᠫᠢᠩ 《ᠰᠠᠨᠠᠭᠤᠯᠭ᠎ᠠ (ᠶᠠᠷᠢᠯᠴᠠᠬᠤ ᠨᠣᠤᠷᠠᠭ)》᠎ᠶᠢᠨ ᠲᠤᠬᠠᠢ ᠪᠦᠭᠦᠳᠡ ᠬᠤᠷᠠᠯ᠎ᠳᠤ ᠲᠤᠳᠤᠷᠬᠠᠢᠯᠠᠯᠲᠠ ᠬᠢᠪᠡ᠃
ᠪᠦᠭᠦᠳᠡ ᠬᠤᠷᠠᠯ᠎ᠡᠴᠡ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠭᠦᠳᠡ ᠬᠤᠷᠠᠯ᠎ᠡᠴᠡ ᠨᠠᠭᠠᠱᠢᠬᠢ ᠲᠥᠪ ᠬᠣᠷᠢᠶ᠎ᠠ᠎ᠶᠢᠨ ᠤᠯᠤᠰ ᠲᠦᠷᠤ᠎ᠶ᠋ᠢᠨ ᠲᠣᠪᠴᠢᠶᠠᠨ᠎ᠤ ᠠᠵᠢᠯ᠎ᠢ ᠬᠦᠢᠴᠠᠳ ᠨᠤᠳᠠᠯᠠᠪᠠ᠃ ᠲᠥᠪ ᠬᠣᠷᠢᠶ᠎ᠠ᠎ᠶᠢᠨ ᠤᠯᠤᠰ ᠲᠦᠷᠤ᠎ᠶ᠋ᠢᠨ ᠲᠣᠪᠴᠢᠶ᠎ᠠ ᠨᠠᠮ᠎ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠣᠷᠣᠭ᠍ᠰᠢᠯᠠᠭᠤᠯᠬᠤ ᠠᠵᠢᠯ᠎ᠤᠨ ᠶᠡᠷᠤᠩᠬᠡᠢ ᠬᠦᠭ ᠠᠶᠠᠰ᠎ᠢ ᠪᠠᠷᠢᠮᠳᠠᠯᠠᠵᠤ᠂ ᠱᠢᠨ᠎ᠡ ᠬᠥᠭ᠌ᠵᠢᠯᠲᠠ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠤᠨ ᠣᠨᠣᠪᠴᠢᠲᠠᠢ ᠪᠥᠬᠦ᠌ ᠲᠠᠯ᠎ᠠ᠎ᠪᠠᠷ ᠲᠣᠭᠤᠱᠢᠯᠠᠭᠤᠯᠤᠨ᠂ 《ᠲᠠᠪᠤ᠎ᠶ᠋ᠢ ᠨᠢᠭᠡ ᠴᠣᠭ᠍ᠴᠠᠵᠢᠭᠤᠯᠬᠤ》 ᠶᠡᠷᠤᠩᠬᠡᠢ ᠪᠠᠢᠷᠢᠯᠠᠭᠤᠯᠤᠯᠲᠠ᠎ᠶ᠋ᠢ ᠨᠢᠭᠡᠳᠤᠯᠲᠠᠢ ᠲᠦᠯᠤᠪᠯᠡᠨ ᠠᠬᠢᠭᠤᠯᠵᠤ᠂ 《ᠳᠦᠷᠪᠡᠨ ᠪᠥᠬᠦ᠌ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ᠎ᠪᠠᠷ ᠠᠬᠢᠭᠤᠯᠵᠤ᠂ ᠤᠯᠤᠰ᠎ᠤᠨ ᠳᠣᠳᠤᠭᠠᠲᠤ ᠭᠠᠳᠠᠭᠠᠲᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠤᠯᠲᠠᠢ ᠲᠦᠯᠤᠪᠯᠡᠨ᠂ ᠬᠥᠭ᠌ᠵᠢᠯᠲᠠ ᠪᠠ ᠠᠮᠤᠷ ᠲᠦᠪᠱᠢᠨ᠎ᠢ ᠨᠢᠭᠡᠳᠦᠯᠲᠠᠢ ᠲᠦᠯᠤᠪᠯᠡᠵᠦ᠍᠂ ᠦᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠦ᠌ ᠲᠠᠯ᠎ᠠ᠎ᠪᠠᠷ ᠬᠦᠨᠵᠡᠭᠡᠢᠷᠡᠭᠦᠯᠦᠨ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠲᠠᠭᠤᠨ ᠪᠠᠲᠤᠲᠠᠢ ᠠᠬᠢᠭᠤᠯᠵᠤ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠠᠬᠢᠭᠤᠯᠵᠤ᠂ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠴᠢᠩᠭᠠᠳᠭᠠᠨ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠠᠮᠢ ᠠᠬᠤᠢ᠎ᠶ᠋ᠢᠨ ᠣᠷᠴᠢᠨ ᠨᠥᠭᠦᠴᠡᠯ᠎ᠢ ᠬᠠᠮᠠᠭᠠᠯᠠᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠤᠯᠤᠰ ᠣᠷᠣᠨ᠎ᠤ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠨ᠂ ᠲᠥᠪ ᠬᠣᠷᠢᠶ᠎ᠠ᠎ᠶᠢᠨ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠬᠦᠨᠵᠡᠭᠡᠢ ᠲᠣᠭᠤᠱᠢᠯᠠᠭᠤᠯᠬᠤ ᠰᠣᠷᠤᠯᠴᠠᠯᠭ᠎ᠠ ᠬᠦᠮᠤᠵᠢᠯ᠎ᠢ ᠦᠷᠨᠢᠭᠦᠯᠵᠤ᠂ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠬᠦᠨᠵᠡᠭᠡᠢᠷᠡᠭᠦᠯᠤᠨ ᠠᠬᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠤᠳᠤᠭᠢᠴᠢᠯᠠᠬᠤ ᠪᠦᠲᠤᠭᠡᠨ ᠪᠠᠢᠭᠤᠯᠤᠯᠲᠠ᠎ᠶ᠋ᠢ ᠴᠢᠩᠭᠠᠳᠭᠠᠨ᠂ ᠱᠢᠶᠠᠩᠭᠠᠩ ᠤᠤᠮᠧᠨ᠎ᠤ ᠠᠵᠢᠯ ᠪᠠ ᠲᠠᠢᠸᠠᠨ᠎ᠤ ᠲᠤᠬᠠᠢ ᠠᠵᠢᠯ᠎ᠢ ᠰᠠᠢᠳᠤᠷ ᠬᠢᠵᠤ᠂ ᠳᠤᠮᠳᠠᠲᠤ ᠤᠯᠤᠰ᠎ᠤᠨ ᠣᠨᠴᠠᠯᠢᠭ ᠪᠦᠬᠦᠢ ᠲᠣᠮᠣ ᠤᠯᠤᠰ᠎ᠤᠨ ᠭᠠᠳᠠᠭᠠᠲᠤ ᠬᠠᠷᠢᠯᠴᠠᠭ᠎ᠠ᠎ᠶ᠋ᠢ ᠬᠦᠨᠵᠡᠭᠡᠢᠷᠡᠭᠦᠯᠦᠨ ᠠᠬᠢᠭᠤᠯᠵᠤ᠂ ᠠᠵᠤ ᠠᠬᠤᠢ᠎ᠶ᠋ᠢᠨ ᠦᠷᠭᠦᠯᠵᠢᠯᠡᠨ ᠰᠡᠷᠭᠦᠵᠦ᠍ ᠰᠠᠢᠵᠢᠷᠠᠬᠤ᠎ᠶ᠋ᠢ ᠠᠬᠢᠭᠤᠯᠵᠤ᠂ ᠠᠷᠪᠠᠨ ᠳᠦᠷᠪᠡᠳᠦᠭᠡᠷ ᠲᠠᠪᠤᠨ ᠵᠢᠯ᠎ᠤᠨ ᠲᠦᠯᠣᠪᠵᠢᠭᠦᠯᠭᠡ᠎ᠶ᠋ᠢᠨ ᠭᠤᠣᠯ ᠭᠤᠣᠯ ᠬᠠᠷᠠᠯᠲᠠ ᠡᠭᠦᠷᠭᠡ᠎ᠶ᠋ᠢ ᠤᠳᠠᠯ ᠦᠭᠡᠢ ᠠᠮᠵᠢᠯᠲᠠ᠎ᠲᠠᠢ ᠪᠡᠶᠡᠯᠡᠭᠦᠯᠬᠦ᠌ ᠭᠡᠵᠦ᠍ ᠪᠠᠢᠨ᠎ᠠ᠃ ᠳᠤᠮᠳᠠᠲᠤ ᠤᠯᠤᠰ᠎ᠤᠨ ᠠᠷᠠᠳ ᠲᠦᠮᠡᠨ᠎ᠤ ᠶᠠᠪᠤ᠎ᠨᠢ ᠡᠰᠡᠷᠭᠦᠴᠡᠭ᠌ᠰᠡᠨ ᠳᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠭ᠌ᠰᠡᠨ ᠳᠠᠢᠨ ᠢᠯᠡᠯᠲᠡ ᠤᠯᠣᠭ᠍ᠰᠠᠨ 80 ᠵᠢᠯ᠎ᠤᠨ ᠣᠢ᠎ᠶ᠋ᠢ ᠥᠪᠡᠳᠡᠭ᠌ᠰᠢ ᠶᠡᠭᠡ᠎ᠪᠠᠷ ᠳᠤᠷᠠᠰᠭᠠᠭ᠍ᠰᠠᠨᠨᠢ ᠦᠨᠳᠦᠰᠤᠲᠠᠨᠤ ᠵᠣᠷᠢᠭ ᠰᠠᠨᠠᠭ᠎ᠠ᠎ᠶ᠋ᠢ ᠲᠣᠢᠯ᠎ᠤᠨ ᠶᠡᠭᠡ᠎ᠪᠠᠷ ᠬᠥᠭ᠌ᠵᠢᠭᠡᠵᠦ᠍᠂ ᠡᠬᠡ ᠣᠷᠣᠨᠴᠢ ᠬᠠᠯᠠᠭᠤᠨ ᠰᠡᠳᠭᠢᠯᠭᠡ᠎ᠶ᠋ᠢ ᠣᠷᠭᠢᠯᠤᠭᠤᠯᠵᠤ᠂ ᠲᠡᠮᠡᠴᠡᠯ᠎ᠤᠨ ᠬᠦᠴᠣᠨ᠎ᠢ ᠨᠢᠭ᠍ᠲᠠᠷᠠᠭᠤᠯᠪᠠ ᠭᠡᠵᠤ ᠰᠠᠨᠠᠯ ᠨᠢᠭᠡᠲᠡᠢ ᠦᠵᠡᠪᠡ᠃
ᠪᠦᠭᠦᠳᠡ ᠬᠤᠷᠠᠯ᠎ᠡᠴᠡ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠳᠤ ᠤᠯᠣᠭ᠍ᠰᠠᠨ ᠴᠢᠬᠤᠯᠠ ᠶᠡᠭᠡ ᠠᠮᠵᠢᠯᠲᠡ ᠪᠦᠲᠣᠮᠵᠢ᠎ᠶ᠋ᠢ ᠳᠡᠭᠡᠲᠦ ᠬᠡᠮᠵᠢᠶ᠎ᠡ᠎ᠪᠠᠷ ᠦᠨᠡᠯᠡᠪᠡ᠃ ᠠᠷᠪᠠᠨ ᠳᠥᠷᠪᠡᠳᠦᠭᠡᠷ ᠳᠠᠪᠤᠨ ᠵᠢᠯ᠎ᠤᠨ ᠲᠦᠯᠣᠪᠵᠢᠭᠦᠯᠭᠡ᠎ᠶ᠋ᠢᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ ᠪᠣᠯ ᠲᠦᠢᠯ᠎ᠤᠨ ᠶᠡᠷᠤ ᠪᠤᠰᠤ᠂ ᠲᠦᠢᠯ᠎ᠤᠨ ᠡᠭᠡᠯ ᠪᠤᠰᠤ ᠶᠤᠮ᠃ ᠡᠭᠡᠳᠡᠷᠡᠭᠡᠨ ᠪᠣᠳᠣᠯᠢᠶᠠᠨᠲᠠᠢ ᠳᠡᠯᠡᠬᠡᠢ᠎ᠶ᠋ᠢᠨ ᠪᠠᠢᠳᠠᠯ ᠪᠠ ᠤᠯᠤᠰ᠎ᠤᠨ ᠳᠣᠲᠤᠭᠠᠲᠤ᠎ᠶ᠋ᠢᠨ ᠥᠭᠡᠷᠡᠴᠢᠯᠠᠯᠲᠠ ᠬᠢᠬᠦ᠌ ᠬᠥᠭ᠌ᠵᠢᠭᠦᠯᠬᠦ᠌ ᠳᠣᠭ᠍ᠳᠠᠭᠤᠨ ᠪᠠᠢᠯᠭᠠᠬᠤ ᠬᠠᠲᠠᠭᠤ ᠪᠡᠷᠬᠡ ᠬᠦᠨᠳᠤ ᠨᠦᠰᠡᠷ ᠡᠭᠦᠷᠭᠡ᠎ᠶ᠋ᠢᠨ ᠡᠮᠤᠨ᠎ᠠ ᠰᠢ᠎ᠵᠢᠨ᠎ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠥᠬᠦ᠌ ᠨᠠᠮ ᠪᠥᠬᠦ᠌ ᠤᠯᠤᠰ᠎ᠤᠨ ᠦᠨᠳᠦᠰᠣᠲᠡᠨᠨᠦᠭᠦᠳᠤᠨ ᠠᠷᠠᠳ ᠲᠦᠮᠡᠨ᠎ᠢ ᠪᠦᠯᠭᠦᠮᠳᠡᠭᠦᠯᠦᠨ ᠳᠠᠭᠠᠭᠤᠯᠵᠤ᠂ ᠬᠦᠴᠢᠷ᠎ᠢ ᠰᠦᠷᠤᠨ᠂ ᠡᠷᠡᠮᠡᠭᠡᠢᠯᠡᠨ ᠤᠷᠣᠭ᠍ᠰᠢᠯᠡᠵᠦ᠍᠂ ᠡᠷᠢᠨ ᠵᠠᠭᠤᠨ᠎ᠤ ᠬᠢᠵᠢᠭ᠎ᠤᠨ ᠬᠦᠨᠳᠦ ᠨᠤᠴᠢᠲᠠᠢ ᠳᠠᠭᠠᠷᠢᠯᠲᠠ᠎ᠶ᠋ᠢ ᠳᠠᠭᠠᠭᠠᠵᠤ᠂ ᠠᠯᠢ ᠤᠯᠠᠨ ᠬᠦᠨᠳᠦ ᠶᠡᠭᠡ ᠲᠦᠭ᠌ᠰᠢᠭᠦᠷᠢ ᠱᠢᠯᠭᠠᠯᠲᠠ᠎ᠶ᠋ᠢ ᠪᠦᠳᠣᠮᠵᠢᠲᠠᠢ ᠠᠷᠭᠠᠴᠡᠭᠠᠭᠠᠳ᠂ ᠨᠠᠮ ᠪᠠ ᠤᠯᠤᠰ᠎ᠤᠨ ᠠᠵᠢᠯ ᠦᠢᠯᠡᠰ᠎ᠢ ᠠᠬᠢᠭᠤᠯᠵᠤ ᠱᠢᠨ᠎ᠡ ᠴᠢᠬᠤᠯᠠ ᠶᠡᠭᠡ ᠠᠮᠵᠢᠯᠲᠠ ᠪᠦᠳᠣᠮᠵᠢ ᠤᠯᠪᠠ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠪᠣᠳᠠᠲᠤ ᠬᠦᠴᠣᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠳᠠᠲᠤ ᠬᠦᠴᠣᠨ᠂ ᠤᠯᠤᠰ᠎ᠤᠨ ᠶᠡᠷᠤᠩᠬᠡᠢ ᠬᠦᠴᠣᠨ ᠱᠢᠨ᠎ᠡ ᠲᠡᠭ᠌ᠲᠠᠷᠲᠤ ᠭᠠᠷᠴᠤ᠌᠂ ᠳᠤᠮᠳᠠᠲᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠯᠠᠪᠲᠠᠭᠤᠨ ᠪᠠᠲᠤᠲᠠᠢ ᠱᠢᠨ᠎ᠡ ᠠᠯᠬᠤᠮ᠎ᠢ ᠠᠯᠬᠤᠭᠠᠳ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢᠨ ᠱᠢᠨ᠎ᠡ ᠠᠶᠠᠨ ᠰᠠᠢᠨ ᠡᠬᠢᠯᠡᠯᠲᠠ᠎ᠲᠠᠢ ᠪᠣᠯᠪᠠ᠃
ᠪᠦᠭᠦᠳᠡ ᠬᠤᠷᠠᠯ᠎ᠡᠴᠡ ᠵᠢᠭᠠᠵᠤ ᠭᠠᠷᠭᠠᠭ᠍ᠰᠠᠨ᠎ᠨᠢ᠂ ᠨᠡᠢᠭᠡᠮ ᠵᠢᠷᠤᠮ᠎ᠤᠨ ᠤᠳᠤᠭᠢᠴᠢᠯᠠᠯᠲᠠ᠎ᠶ᠋ᠢ ᠪᠠᠶᠡᠯᠡᠭᠦᠯᠬᠦ᠌ ᠪᠣᠯ ᠨᠢᠭᠡᠨ ᠥᠭ᠌ᠰᠤᠨ ᠠᠬᠢᠳᠠᠭ᠂ ᠲᠠᠰᠤᠷᠠᠯᠲᠠ ᠦᠭᠡᠢ ᠬᠥᠭ᠌ᠵᠢᠨ ᠲᠡᠪᠱᠢᠳᠠᠭ ᠲᠡᠤᠬᠡᠨ ᠶᠠᠪᠤᠴᠠ ᠮᠥᠨ ᠪᠣᠯᠬᠣᠷ ᠴᠥᠭᠦᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠬᠦ᠌ ᠴᠢᠬᠤᠯᠡᠲᠠᠢ ᠶᠤᠮ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠤᠳᠤᠭᠢᠴᠢᠯᠡᠯᠲᠡᠶ᠋ᠢ ᠦᠨᠳᠦᠰᠤᠨ᠎ᠳᠡᠭᠡᠨ ᠪᠡᠶᠡᠯᠡᠭᠦᠯᠬᠦ᠌᠎ᠳᠤ ᠰᠠᠭᠤᠷᠢ᠎ᠶ᠋ᠢ ᠪᠠᠲᠤᠳᠭᠠᠬᠤ᠂ ᠪᠥᠬᠦ᠌ ᠲᠠᠯ᠎ᠠ᠎ᠪᠠᠷ ᠬᠦᠴᠦᠯᠡᠬᠦ᠌ ᠵᠠᠩᠬᠢᠯᠠᠭ᠎ᠠ᠎ᠶ᠋ᠢᠨ ᠬᠤᠭᠤᠴᠠᠭ᠎ᠠ ᠮᠥᠨ᠂ ᠨᠡᠢᠭᠡᠮ ᠵᠢᠷᠤᠮ᠎ᠤᠨ ᠣᠳᠤᠬᠢᠴᠢᠯᠠᠯᠲᠠ᠎ᠶ᠋ᠢ ᠦᠨᠳᠦᠰᠤᠨ᠎ᠳᠡᠭᠡᠨ ᠪᠡᠶᠡᠯᠡᠭᠦᠯᠬᠦ᠌ ᠠᠬᠢᠴᠡ ᠳᠤᠮᠳᠠ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠬᠡᠭᠡᠬᠦ᠌ ᠴᠢᠬᠤᠯᠠ ᠪᠠᠢᠷᠢ ᠰᠠᠭᠤᠷᠢ᠎ᠲᠠᠢ ᠶᠤᠮ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠤᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠠ᠎ᠶ᠋ᠢᠨ ᠣᠷᠴᠢᠨ ᠨᠦᠬᠦᠴᠡᠯ᠎ᠳᠤ ᠬᠦᠨᠵᠡᠭᠡᠢ ᠪᠥᠭᠡᠳ ᠪᠣᠳᠣᠯᠢᠶᠠᠨᠲᠠᠢ ᠬᠤᠪᠢᠷᠠᠯᠲᠠ ᠲᠤᠯᠭᠠᠷᠠᠬᠤ ᠪᠣᠯᠣᠨ᠎ᠠ᠂ ᠮᠠᠨ᠎ᠤ ᠤᠯᠤᠰ᠎ᠤᠨ ᠬᠥᠭ᠌ᠵᠢᠯᠲᠠ ᠪᠠᠢᠯᠳᠤᠬᠤ ᠪᠣᠳᠣᠯᠭ᠎ᠠ᠎ᠶ᠋ᠢᠨ ᠲᠣᠬᠢᠶᠠᠯ ᠪᠠ ᠲᠦᠭ᠌ᠰᠢᠭᠦᠷᠢ ᠱᠢᠯᠭᠠᠯᠲᠠ ᠵᠡᠷᠭᠡ᠎ᠪᠠᠷ ᠣᠷᠣᠱᠢᠬᠤ᠂ ᠮᠠᠭᠠᠳ ᠪᠤᠰᠤ ᠪᠠ ᠲᠦᠰᠦᠭᠡᠯᠡᠭᠦᠶᠡ ᠪᠡᠷᠬᠡ ᠬᠦᠴᠣᠨ ᠵᠦᠢᠯ᠎ᠤᠳ ᠨᠡᠮᠡᠭ᠌ᠳᠡᠬᠦ᠌ ᠴᠠᠭ ᠬᠤᠭᠤᠴᠠᠭ᠎ᠠ᠎ᠳᠤ ᠣᠷᠣᠱᠢᠬᠤ ᠪᠣᠯᠣᠨ᠎ᠠ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠲᠠ ᠴᠢᠳᠠᠪᠤᠷᠢ ᠶᠡᠭᠡ ᠪᠠᠢᠵᠤ᠂ ᠤᠷᠲᠤ ᠬᠤᠭᠤᠴᠠᠭ᠎ᠠ᠎ᠪᠠᠷ ᠰᠠᠢᠵᠢᠷᠠᠬᠤ᠎ᠶ᠋ᠢᠨ ᠲᠤᠯᠭᠠᠭᠤᠷᠢᠯᠠᠬᠤ ᠨᠥᠬᠦᠴᠡᠯ ᠪᠠ ᠦᠨᠳᠤᠰᠤᠨ ᠬᠠᠨᠳᠤᠰᠢ ᠬᠤᠪᠢᠷᠠᠭ᠎ᠠ ᠦᠭᠡᠢ᠂ ᠳᠤᠮᠳᠠᠲᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠂ ᠬᠡᠳᠤ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠡᠪᠠᠭᠤᠯᠢᠭ᠂ ᠪᠦᠷᠢᠨ ᠪᠦᠳᠦᠨ ᠠᠵᠤ ᠦᠢᠯᠡᠰ᠎ᠤᠨ ᠱᠢᠰᠲ᠋ᠧᠮ᠎ᠤᠨ ᠳᠠᠪᠠᠭᠤᠯᠢᠭ᠂ ᠡᠯᠪᠡᠭ ᠳᠡᠯᠪᠡᠭ ᠴᠢᠳᠡᠪᠤᠷᠢᠳᠡᠨᠤ ᠡᠬᠢ ᠪᠠᠶᠠᠯᠢᠭ᠎ᠤᠨ ᠳᠠᠪᠠᠭᠤᠯᠢᠭ ᠨᠡᠩ ᠢᠯᠡ ᠲᠣᠳᠣ ᠪᠣᠯᠪᠠ᠃ ᠪᠥᠬᠦ᠌ ᠨᠠᠮ᠎ᠢᠶᠠᠷ᠎ᠢᠶᠠᠨ 《ᠬᠤᠶᠠᠷ᠎ᠢ ᠲᠣᠭ᠍ᠲᠠᠭᠠᠭ᠍ᠰᠠᠨ》᠎ᠤ ᠱᠢᠢᠳᠪᠤᠷᠢᠯᠡᠭᠴᠢ ᠴᠢᠨᠠᠷᠲᠠᠢ ᠠᠴᠢ ᠬᠤᠯᠪᠣᠭ᠍ᠳᠠᠯ᠎ᠢ ᠬᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠨ᠂ 《ᠳᠥᠷᠪᠡᠨ ᠢᠳᠡᠭᠡᠯ》᠎ᠢᠶᠡᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》᠎ᠶᠢ ᠪᠠᠶᠠᠯᠡᠭᠦᠯᠵᠤ᠂ ᠪᠠᠢᠯᠳᠤᠬᠤ ᠪᠣᠳᠣᠯᠭ᠎ᠠ᠎ᠶ᠋ᠢᠨ ᠪᠠᠲᠤ ᠬᠦᠴᠦᠨ᠎ᠢᠶᠠᠨ ᠬᠠᠳᠠᠭᠠᠯᠠᠨ᠂ ᠵᠠᠪᠠᠯ ᠢᠯᠠᠬᠤ ᠢᠳᠡᠭᠡᠯ᠎ᠢᠶᠠᠨ ᠨᠡᠮᠡᠭ᠌ᠳᠡᠭᠦᠯᠵᠤ᠂ ᠢᠳᠡᠪᠬᠢᠲᠡᠢ᠎ᠪᠠᠷ ᠬᠤᠪᠢᠷᠠᠯᠲᠠ᠎ᠶ᠋ᠢ ᠲᠠᠨᠢᠵᠤ ᠬᠤᠪᠢᠷᠠᠯᠲᠠ᠎ᠶ᠋ᠢ ᠠᠷᠭᠠᠴᠡᠭᠠᠨ ᠬᠤᠪᠢᠷᠠᠭᠤᠯᠬᠤ᠎ᠪᠠᠷ ᠴᠢᠷᠮᠠᠢᠨ᠂ ᠵᠣᠷᠢᠭ᠍ᠲᠠᠢ᠎ᠪᠠᠷ ᠲᠡᠮᠡᠴᠠᠯ ᠬᠢᠬᠦ᠌ ᠪᠠ ᠴᠢᠳᠠᠮᠠᠭᠠᠢ᠎ᠪᠠᠷ ᠲᠡᠮᠡᠴᠡᠯ ᠬᠢᠵᠦ᠍᠂ ᠶᠡᠭᠡ ᠰᠠᠯᠬᠢ ᠬᠦᠴᠦᠲᠣ ᠳᠠᠪᠠᠯᠭᠠᠨ ᠴᠢᠨᠠᠭ᠍ᠰᠢᠯᠠᠪᠡᠯ ᠳᠣᠭ᠍ᠰᠢᠨ ᠰᠠᠯᠬᠢ ᠱᠢᠷᠦᠭᠦᠨ ᠳᠠᠪᠠᠯᠭᠠᠨ᠎ᠤ ᠬᠦᠨᠳᠦ ᠶᠡᠭᠡ ᠱᠢᠯᠭᠠᠯᠲᠠ᠎ᠳᠤ ᠵᠣᠷᠢᠭ᠍ᠲᠠᠢ ᠬᠠᠨᠲᠤᠵᠤ᠂ ᠲᠡᠤᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠪᠡᠷᠬᠡ ᠪᠣᠭᠤᠮᠲᠠ᠎ᠶ᠋ᠢ ᠳᠠᠪᠠᠵᠤ᠂ ᠠᠶᠤᠯ ᠲᠦᠭ᠌ᠰᠢᠭᠦᠷᠢ᠎ᠶ᠋ᠢ ᠲᠣᠭᠤᠯᠤᠨ᠂ ᠦᠷᠢᠰᠤᠯᠳᠤᠭᠡᠨ ᠱᠢᠯᠭᠠᠯᠲᠠ᠎ᠶ᠋ᠢ ᠣᠭ᠍ᠲᠤᠵᠤ᠂ ᠬᠦᠴᠦᠨ᠎ᠢᠶᠠᠨ ᠲᠦᠪᠯᠡᠷᠡᠭᠦᠯᠦᠨ ᠥᠪᠡᠷ᠎ᠤᠨ ᠶᠠᠪᠤᠳᠠᠯ᠎ᠢᠶᠠᠨ ᠰᠠᠢᠲᠤᠷ ᠬᠢᠵᠦ᠍᠂ ᠠᠵᠤ ᠠᠬᠤᠢ ᠲᠦᠷᠭᠡᠨ ᠬᠥᠭ᠌ᠵᠢᠭ᠌ᠰᠡᠨ ᠪᠠ ᠨᠡᠢᠭᠡᠮ ᠣᠷᠲᠤ ᠬᠤᠭᠤᠴᠠᠭ᠎ᠠ᠎ᠪᠠᠷ ᠲᠣᠭ᠍ᠲᠠᠭᠤᠨ ᠪᠠᠢᠬᠤ ᠬᠤᠶᠠᠷ ᠶᠡᠭᠡ ᠭᠠᠢᠬᠠᠮᠱᠢᠭ᠎ᠤᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠤ᠂ ᠳᠤᠮᠳᠠᠲᠤ ᠤᠯᠤᠰ᠎ᠤᠨ ᠮᠠᠶᠢᠭ᠎ᠤᠨ ᠣᠳᠤᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠢ᠃
ᠪᠦᠬᠦᠳᠡ ᠬᠤᠷᠠᠯ᠎ᠡᠴᠡ ᠴᠢᠬᠤᠯᠠᠴᠢᠯᠠᠭ᠍ᠰᠠᠨ᠎ᠨᠢ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠤᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠨᠢ ᠡᠷᠬᠡᠪᠰᠢ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠱᠢᠶᠣᠣ ᠫᠢᠩ᠎ᠤᠨ ᠤᠨᠤᠯ᠂ 《ᠭᠤᠷᠪᠠ᠎ᠶ᠋ᠢ ᠲᠦᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠠ ᠵᠢᠨ ᠦᠵᠡᠯᠲᠠ᠎ᠶ᠋ᠢ ᠪᠠᠷᠢᠮᠳᠠᠯᠠᠵᠤ᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠲᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠬᠦᠲᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠦᠨᠵᠡᠭᠡᠢ ᠲᠣᠭᠤᠱᠢᠯᠠᠭᠤᠯᠵᠤ᠂ ᠨᠡᠢᠭᠡᠮ ᠵᠢᠷᠤᠮᠲᠤ ᠤᠳᠤᠭᠢᠴᠢᠯᠠᠭ᠍ᠰᠠᠨ ᠬᠦᠴᠦᠷᠬᠡᠭ ᠤᠯᠤᠰ᠎ᠢ ᠪᠥᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠂ ᠬᠤᠶᠠᠳᠤᠭᠠᠷ ᠵᠠᠭᠤᠨ ᠵᠢᠯ᠎ᠤᠨ ᠲᠡᠮᠡᠴᠠᠯ᠎ᠤᠨ ᠬᠠᠷᠠᠯᠲᠠ᠎ᠶ᠋ᠢ ᠪᠠᠶᠡᠯᠡᠭᠦᠯᠬᠦ᠌ᠶ᠋ᠢᠨ ᠲᠣᠭᠤᠷᠢᠨ᠎ᠳᠤ ᠳᠤᠮᠳᠠᠲᠤ ᠤᠯᠤᠰ᠎ᠤᠨ ᠮᠠᠶᠢᠭ᠎ᠤᠨ ᠤᠳᠣᠬᠢᠴᠢᠯᠠᠯᠲᠠ᠎ᠪᠠᠷ ᠳᠤᠮᠳᠠᠲᠤ᠎ᠶ᠋ᠢᠨ ᠦᠨᠳᠣᠰᠣᠲᠠᠨᠤ ᠠᠭᠤᠤ ᠶᠡᠭᠡ ᠰᠡᠷᠭᠦᠨ ᠮᠡᠨᠳᠤᠯᠲᠠᠶ᠋ᠢ ᠪᠥᠬᠦ᠌ ᠲᠠᠯ᠎ᠠ᠎ᠪᠠᠷ ᠠᠬᠢᠭᠤᠯᠤᠨ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠠᠷᠤᠩᠬᠡᠢ ᠪᠠᠢᠷᠢᠯᠠᠭᠤᠯᠤᠯᠲᠠ᠎ᠶ᠋ᠢ ᠨᠢᠭᠡᠳᠤᠯᠲᠠᠢ ᠲᠦᠯᠤᠪᠯᠡᠨ ᠠᠬᠢᠭᠤᠯᠵᠤ᠂ 《ᠳᠥᠷᠪᠡᠨ ᠪᠥᠬᠦ᠌ ᠲᠠᠯ᠎ᠠ》᠎ᠶᠢᠨ ᠪᠠᠢᠯᠳᠤᠬᠤ ᠪᠣᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ᠎ᠪᠠᠷ ᠠᠬᠢᠭᠤᠯᠤᠨ᠂ ᠤᠯᠤᠰ᠎ᠤᠨ ᠳᠣᠲᠤᠭᠠᠲᠤ ᠭᠠᠳᠠᠭᠠᠲᠤ᠎ᠶ᠋ᠢᠨ ᠬᠤᠶᠠᠷ ᠶᠡᠭᠡ ᠲᠠᠯ᠎ᠠ᠎ᠶ᠋ᠢ ᠨᠢᠭᠡᠳᠦᠯᠲᠡᠢ ᠲᠦᠯᠤᠪᠯᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠡᠢ ᠪᠥᠬᠦ᠌ ᠲᠠᠯ᠎ᠠ᠎ᠪᠠᠷ ᠲᠣᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠵᠤ᠂ ᠲᠣᠭ᠍ᠲᠠᠭᠤᠨ ᠪᠠᠢᠯᠭᠠᠬᠤ ᠵᠢᠨ ᠵᠡᠷᠭᠡ᠎ᠳᠤ ᠣᠷᠣᠭ᠍ᠰᠢᠯᠠᠭᠤᠯᠬᠤ ᠠᠵᠢᠯ᠎ᠤᠨ ᠶᠡᠷᠤᠩᠬᠡᠢ ᠭᠦᠭ ᠠᠶᠠᠰ᠎ᠢ ᠪᠠᠷᠢᠮᠳᠠᠯᠠᠨ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠤᠣᠯᠳᠠᠯᠭ᠎ᠠ ᠪᠣᠯᠭᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠣᠯ ᠰᠡᠳᠤᠪ ᠪᠣᠯᠭᠠᠬᠤ᠂ ᠦᠭᠡᠷᠡᠴᠢᠯᠡᠯᠲᠠ ᠬᠢᠵᠦ᠍ ᠱᠢᠨ᠎ᠡ᠎ᠶ᠋ᠢ ᠡᠭᠦᠳᠬᠦ᠌᠎ᠪᠠᠷ ᠦᠨᠳᠦᠰᠤᠨ ᠬᠥᠳᠡᠯᠭᠡᠭ᠌ᠴᠢ ᠬᠦᠴᠦᠨ ᠪᠣᠯᠭᠠᠬᠤ᠂ ᠠᠷᠠᠳ ᠲᠦᠮᠡᠨ᠎ᠤ ᠡᠳᠤᠷ ᠢᠷᠡᠭᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠡᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠬᠤ᠂ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ᠎ᠪᠠᠷ ᠦᠨᠳᠦᠰᠤᠨ ᠪᠠᠲᠤᠯᠠᠭ᠎ᠠ ᠪᠣᠯᠭᠠᠬᠤ᠎ᠶ᠋ᠢ ᠪᠠᠷᠢᠮᠳᠠᠯᠠᠵᠤ᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠣᠮᠵᠢᠲᠠᠢ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠤ ᠵᠦᠢ ᠵᠣᠬᠢᠰᠲᠡᠢ ᠨᠡᠮᠡᠭ᠌ᠳᠡᠯ᠎ᠢ ᠪᠡᠶᠡᠯᠡᠭᠦᠯᠭᠦ᠎ᠶ᠋ᠢ ᠠᠬᠢᠭᠤᠯᠤᠨ᠂ ᠬᠦᠮᠤᠨ᠎ᠤ ᠪᠥᠬᠦ᠌ ᠲᠠᠯ᠎ᠠ᠎ᠶ᠋ᠢᠨ ᠬᠥᠭ᠌ᠵᠢᠯᠲᠡ᠂ ᠪᠥᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠠ ᠯᠠᠪᠳᠠᠭᠤᠨ ᠪᠠᠳᠤᠲᠠᠢ ᠠᠯᠬᠤᠮ᠎ᠢ ᠠᠯᠬᠤᠬᠤ᠎ᠶ᠋ᠢ ᠠᠬᠢᠭᠤᠯᠵᠤ᠂ ᠨᠡᠢᠭᠡᠮ ᠵᠢᠷᠤᠮ᠎ᠤᠨ ᠤᠳᠤᠬᠢᠴᠢᠯᠡᠯᠲᠠ᠎ᠶ᠋ᠢ ᠦᠨᠳᠦᠰᠤᠨ᠎ᠳᠡᠭᠡᠨ ᠪᠡᠶᠡᠯᠡᠭᠦᠯᠬᠦ᠌ ᠶᠠᠪᠤᠳᠠᠯ᠎ᠢ ᠱᠢᠢᠳᠪᠤᠷᠢᠯᠡᠭ᠌ᠴᠢ ᠴᠢᠨᠡᠷᠲᠡᠢ ᠠᠬᠢᠯᠲᠠ᠎ᠲᠠᠢ ᠪᠣᠯᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
ᠪᠦᠬᠦᠳᠡ ᠬᠤᠷᠠᠯ᠎ᠡᠴᠡ ᠵᠢᠭᠠᠵᠤ ᠭᠠᠷᠭᠠᠭ᠍ᠰᠠᠨ᠎ᠨᠢ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠤᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠠ ᠨᠢ ᠡᠷᠬᠡᠪᠰᠢ ᠲᠣᠣᠷᠠᠬᠢ ᠵᠠᠷᠴᠢᠮ᠎ᠢ ᠪᠠᠷᠢᠮᠳᠠᠯᠠᠬᠤ ᠬᠡᠷᠡᠭ᠌ᠲᠡᠢ᠂ ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠳᠠᠯᠠᠨ᠎ᠠ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠳᠠᠯᠠᠨ᠎ᠠ᠂ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠳᠠᠯᠠᠨ᠎ᠠ᠂ ᠦᠭᠡᠷᠡᠴᠢᠯᠠᠯᠲᠡ᠎ᠶ᠋ᠢ ᠪᠥᠬᠦ᠌ ᠲᠠᠯ᠎ᠠ᠎ᠪᠠᠷ ᠬᠦᠨᠵᠡᠭᠡᠢᠷᠡᠭᠦᠯᠬᠦ᠌ᠶ᠋ᠢ ᠪᠠᠷᠢᠮᠳᠠᠯᠠᠨ᠎ᠠ᠂ ᠪᠦᠲᠦᠮᠵᠢ᠎ᠲᠠᠢ ᠵᠠᠬ᠎ᠠ ᠳᠡᠯᠭᠡᠭᠦᠷ ᠪᠠ ᠴᠢᠷᠮᠠᠢᠯᠲᠠ᠎ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠳᠠᠯᠠᠨ᠎ᠠ᠂ ᠬᠥᠭ᠌ᠵᠢᠯᠲᠠ ᠪᠠ ᠠᠮᠤᠷ ᠲᠦᠪᠱᠢᠨ᠎ᠢ ᠨᠢᠭᠡᠳᠤᠯᠲᠠᠢ ᠲᠦᠯᠤᠪᠯᠡᠬᠦ᠌ᠶ᠋ᠢ ᠪᠠᠷᠢᠮᠳᠠᠯᠠᠨ᠎ᠠ᠃
ᠪᠦᠬᠦᠳᠡ ᠬᠤᠷᠠᠯ᠎ᠡᠴᠡ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶᠢᠨ ᠭᠤᠣᠯ ᠭᠤᠣᠯ ᠬᠠᠷᠠᠯᠲᠡ᠎ᠶ᠋ᠢ ᠳᠤᠷᠠᠳᠪᠠ᠄ ᠴᠢᠨᠠᠷ ᠰᠠᠢᠲᠠᠢ ᠬᠥᠭ᠌ᠵᠢᠯᠲᠡ᠎ᠶ᠋ᠢ ᠢᠯᠡᠳᠲᠡ ᠦᠷ᠎ᠡ ᠪᠦᠲᠣᠮᠵᠢᠲᠠᠢ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠭᠦᠯᠬᠦ᠌ ᠬᠢᠷᠢ ᠬᠡᠮᠵᠢᠶ᠎ᠡ᠎ᠶ᠋ᠢ ᠶᠡᠭᠡ᠎ᠪᠠᠷ ᠳᠡᠭᠡᠭ᠌ᠰᠢᠯᠡᠭᠦᠯᠦᠨ᠂ ᠦᠭᠡᠷᠡᠴᠢᠯᠡᠯᠲᠠ᠎ᠶ᠋ᠢ ᠤᠯᠠᠮ ᠨᠢᠭᠡ ᠠᠯᠬᠤᠮ ᠪᠥᠬᠦ᠌ ᠲᠠᠯ᠎ᠠ᠎ᠪᠠᠷ ᠬᠦᠨᠵᠡᠭᠡᠢᠷᠡᠭᠦᠯᠬᠦ᠌ᠶ᠋ᠢ ᠱᠢᠨ᠎ᠡ ᠱᠢᠪᠳᠦᠯᠤᠯᠲᠠᠲᠠᠢ ᠪᠣᠯᠭᠠᠵᠤ᠂ ᠨᠡᠢᠭᠡᠮ᠎ᠤᠨ ᠪᠣᠯᠪᠡᠰᠦᠨᠤ ᠬᠡᠮᠵᠢᠶ᠎ᠠ᠎ᠶ᠋ᠢ ᠢᠯᠡᠳᠲᠡ ᠳᠡᠭᠡᠭ᠌ᠰᠢᠯᠡᠭᠦᠯᠦᠨ᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠲᠡ ᠦᠭᠡᠢ ᠲᠡᠭᠡᠭ᠌ᠰᠢᠯᠡᠭᠦᠯᠵᠦ᠍᠂ ᠦᠵᠡᠰᠭᠦᠯᠠᠩ᠎ᠲᠤ ᠰᠠᠢᠬᠠᠨ ᠲᠤᠮᠳᠠᠲᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠱᠢᠨ᠎ᠡ ᠴᠢᠬᠤᠯᠠ ᠶᠡᠭᠡ ᠠᠬᠢᠯᠲᠠ᠎ᠲᠠᠢ ᠪᠣᠯᠭᠠᠵᠤ᠂ ᠤᠯᠤᠰ᠎ᠤᠨ ᠠᠮᠤᠷ ᠲᠦᠪᠱᠢᠨ᠎ᠤ ᠬᠠᠯᠬᠠᠪᠴᠢ᠎ᠶᠢ ᠨᠡᠩ ᠢᠯᠡᠭᠦᠦ ᠪᠠᠬᠢᠵᠢᠭᠦᠯᠦᠨ᠎ᠠ᠃ ᠡᠨᠡ ᠬᠦ᠌ ᠰᠠᠭᠤᠷᠢᠨ ᠳᠡᠭᠡᠷ᠎ᠡ ᠳᠠᠬᠢᠭᠠᠳ ᠲᠠᠪᠤᠨ ᠵᠢᠯ ᠲᠡᠮᠡᠴᠡᠵᠦ᠍᠂ 2035 ᠣᠨ ᠪᠣᠯᠬᠤ᠎ᠳᠤ ᠮᠠᠨ᠎ᠤ ᠤᠯᠤᠰ᠎ᠤᠨ ᠠᠵᠤ ᠠᠬᠤᠢ᠎ᠶ᠋ᠢᠨ ᠪᠤᠲᠠᠲᠤ ᠬᠦᠴᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠣᠳᠠᠲᠤ ᠬᠦᠴᠦᠨ᠂ ᠤᠯᠤᠰ᠎ᠤᠨ ᠶᠡᠷᠤᠩᠬᠡᠢ ᠬᠦᠴᠣᠨ ᠪᠠ ᠳᠡᠯᠡᠬᠡᠢ ᠳᠡᠭᠡᠷᠡᠬᠢ ᠨᠦᠯᠥᠭᠡᠯᠡᠬᠦ᠌ ᠬᠦᠴᠣᠨ᠎ᠢ ᠶᠡᠭᠡ᠎ᠪᠠᠷ ᠳᠡᠭᠡᠭ᠌ᠰᠢᠯᠡᠭᠦᠯᠬᠦ᠂ ᠬᠥᠮᠤᠨ ᠳᠤᠮᠳᠠᠴᠢ᠎ᠶ᠋ᠢᠨ ᠤᠯᠤᠰ᠎ᠤᠨ ᠳᠣᠲᠣᠭᠠᠲᠤ᠎ᠶ᠋ᠢᠨ ᠦᠢᠯᠡᠳᠪᠤᠷᠢᠯᠡᠯ᠎ᠤᠨ ᠪᠥᠬᠦ᠌ ᠥᠷᠳᠡᠭ᠎ᠢ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠤ ᠬᠦᠷᠭᠡᠬᠦ᠂ ᠠᠷᠠᠳ ᠲᠦᠮᠡᠨ᠎ᠤ ᠠᠮᠢᠳᠤᠷᠠᠯ᠎ᠢ ᠨᠡᠩ ᠵᠤᠯ ᠵᠢᠷᠭᠠᠯ᠎ᠲᠠᠢ ᠰᠠᠢᠨ ᠰᠠᠢᠬᠠᠨ ᠪᠣᠯᠭᠠᠬᠤ᠎ᠶ᠋ᠢ ᠪᠡᠶᠡᠯᠡᠭᠦᠯᠵᠦ᠍᠂ ᠨᠡᠢᠭᠡᠮ ᠵᠢᠷᠤᠮ᠎ᠤᠨ ᠤᠳᠤᠬᠢᠴᠢᠯᠡᠯᠲᠠ᠎ᠶ᠋ᠢ ᠦᠨᠳᠦᠰᠤᠨ᠎ᠳᠡᠭᠡᠨ ᠪᠡᠶᠡᠯᠡᠭᠦᠯᠦᠨ᠎ᠡ᠃
ᠪᠦᠬᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠤᠳᠤᠬᠢᠴᠢᠯᠠᠭ᠍ᠰᠠᠨ ᠠᠵᠤ ᠣᠢᠯᠡᠰ᠎ᠤᠨ ᠱᠢᠰᠲ᠋ᠧᠮ᠎ᠢ ᠪᠠᠢᠭᠤᠯᠵᠤ᠂ ᠪᠣᠳᠠᠲᠤ ᠴᠤᠭ᠍ᠴᠠ ᠵᠢᠨ ᠠᠵᠤ ᠠᠬᠤᠢ᠎ᠶ᠋ᠢᠨ ᠰᠠᠭᠤᠷᠢ᠎ᠶ᠋ᠢ ᠪᠠᠬᠢᠵᠢᠭᠦᠯᠦᠨ ᠪᠤᠵᠠᠭᠠᠢᠷᠠᠭᠤᠯᠤᠨ᠎ᠠ᠃ ᠠᠵᠤ ᠠᠬᠤᠢ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠤᠭ᠍ᠴᠠ᠎ᠶ᠋ᠢᠨ ᠠᠵᠤ ᠠᠬᠤᠢ ᠳᠡᠭᠡᠷ᠎ᠡ ᠲᠠᠯᠪᠢᠬᠤ᠎ᠶ᠋ᠢ ᠪᠠᠷᠢᠮᠳᠠᠯᠠᠵᠤ᠂ ᠣᠶᠣᠨᠴᠢᠯᠡᠯᠲᠠ᠂ ᠨᠤᠭᠤᠭᠠᠨᠵᠢᠭᠤᠯᠤᠯᠲᠠ᠂ ᠠᠭᠤᠰᠤᠯᠴᠠᠵᠢᠭᠤᠯᠤᠯᠲᠠᠶ᠋ᠢᠨ ᠴᠢᠭ᠌ᠯᠡᠯ᠎ᠢ ᠪᠠᠷᠢᠮᠳᠠᠯᠠᠵᠤ᠂ ᠦᠢᠯᠡᠳᠬᠦ᠌ ᠦᠢᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠂ ᠵᠠᠮ ᠬᠠᠷᠢᠯᠴᠠᠭᠠᠨ᠎ᠤ ᠭᠦᠴᠦᠷᠬᠡᠭ ᠤᠯᠤᠰ᠂ ᠰᠦᠯᠵᠢᠶᠡᠨ᠎ᠤ ᠭᠦᠴᠦᠷᠬᠡᠭ ᠤᠯᠤᠰ᠎ᠢ ᠲᠦᠷᠭᠡᠯᠡᠨ ᠪᠠᠢᠭᠤᠯᠵᠤ᠂ ᠦᠢᠯᠡᠳᠬᠦ᠌ ᠦᠢᠯᠡᠰ᠎ᠤᠨ ᠵᠦᠢ ᠵᠣᠬᠢᠰᠲᠡᠢ ᠬᠤᠪᠢ᠎ᠶ᠋ᠢᠨ ᠵᠢᠩ᠎ᠢ ᠪᠠᠲᠤᠯᠠᠵᠤ᠂ ᠲᠡᠷᠢᠭᠦᠨ᠎ᠤ ᠦᠢᠯᠡᠳᠬᠦ᠌ ᠦᠢᠯᠡᠰ᠎ᠢᠶᠠᠷ ᠭᠤᠣᠯᠯᠠᠭ᠍ᠴᠢ ᠬᠦᠴᠦᠨ ᠪᠣᠯᠭᠠᠭ᠍ᠰᠠᠨ ᠣᠳᠤᠭᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠤᠨ᠎ᠠ᠃ ᠤᠯᠠᠮᠵᠢᠯᠡᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠢ ᠪᠥᠭᠡᠳ ᠦᠨᠳᠤᠷ ᠪᠦᠲᠣᠮᠵᠢᠲᠠᠢ ᠬᠥᠭ᠌ᠵᠢᠯᠲᠠ᠎ᠶ᠋ᠢ ᠠᠬᠢᠭᠤᠯᠤᠨ᠂ ᠤᠳᠤᠬᠢᠴᠢᠯᠠᠭ᠍ᠰᠠᠨ ᠰᠠᠭᠤᠷᠢ ᠲᠦᠭᠦᠭᠡᠷᠤᠮᠵᠢ᠎ᠶ᠋ᠢᠨ ᠱᠢᠰᠲ᠋ᠧᠮ᠎ᠢ ᠪᠠᠢᠭᠤᠯᠬᠤ ᠬᠡᠷᠡᠭᠲᠡᠢ᠃
ᠪᠦᠭᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠦᠨᠳᠤᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠭᠦᠯᠬᠦ᠌᠎ᠶ᠋ᠢ ᠲᠦᠷᠭᠡᠳᠭᠡᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠌᠎ᠶ᠋ᠢ ᠬᠦᠲᠦᠯᠤᠨ ᠳᠠᠭᠠᠭᠤᠯᠤᠨ᠎ᠠ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠤᠪᠢᠰᠭᠠᠯ ᠪᠠ ᠠᠵᠤ ᠦᠢᠯᠡᠰ᠎ᠤᠨ ᠬᠤᠪᠢᠰᠤᠯᠲᠠ᠎ᠶ᠋ᠢᠨ ᠲᠡᠤᠬᠡᠨ ᠲᠣᠬᠢᠶᠠᠯ᠎ᠢ ᠠᠮᠵᠢᠵᠤ᠂ ᠰᠤᠷᠭᠠᠨ ᠬᠦᠮᠤᠵᠢᠯ᠎ᠤᠨ ᠬᠦᠴᠦᠷᠬᠡᠭ ᠤᠯᠤᠰ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠳᠡᠨᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠠᠢ ᠲᠦᠯᠤᠪᠯᠡᠵᠦ᠍᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠤᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠦᠷᠢ᠎ᠶ᠋ᠢ ᠳᠡᠭᠡᠭ᠌ᠰᠢᠯᠡᠭᠦᠯᠦᠨ᠂ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠴᠢᠳᠠᠪᠦᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠵᠠᠪᠳᠤᠨ ᠡᠵᠡᠯᠠᠵᠤ᠂ ᠱᠢᠨ᠎ᠡ ᠴᠢᠨᠠᠷ᠎ᠤᠨ ᠦᠢᠯᠡᠳᠪᠤᠷᠢᠯᠡᠯ᠎ᠤᠨ ᠬᠦᠴᠣᠨ᠎ᠢ ᠲᠠᠰᠤᠷᠠᠯᠲᠡ ᠦᠭᠡᠢ ᠪᠣᠢ ᠪᠣᠯᠭᠠᠨ᠎ᠠ᠃ ᠤᠤᠭᠠᠯ ᠱᠢᠨ᠎ᠡ ᠡᠭᠦᠳᠦᠯᠲᠡ ᠪᠠ ᠵᠠᠩᠬᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌᠎ᠶ᠋ᠢᠨ ᠭᠦ᠋ᠨᠵᠡᠭᠡᠢ ᠠᠭᠤᠰᠤᠯᠴᠡᠯᠢ ᠠᠬᠢᠭᠤᠯᠤᠨ᠂ ᠰᠤᠷᠭᠠᠨ ᠬᠥᠮᠥᠵᠢᠯ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ ᠴᠢᠳᠡᠪᠤᠷᠢᠲᠡᠨᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠳ᠋ᠢᠵᠢᠲ᠋ᠡᠯ ᠳᠤᠮᠳᠠᠲᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠬᠦᠨᠵᠡᠭᠡᠢᠷᠡᠭᠦᠯᠤᠨ ᠠᠬᠢᠭᠤᠯᠬᠤ ᠬᠡᠷᠡᠭ᠌ᠲᠡᠢ᠃
ᠪᠦᠭᠦᠳᠡ ᠬᠤᠷᠠᠯ᠎ᠠᠴᠠ ᠳᠤᠷᠠᠳᠤᠨ ᠭᠠᠷᠭᠠᠭ᠍ᠰᠠᠨ᠎ᠨᠢ᠂ ᠬᠦᠴᠦᠷᠬᠡᠭ ᠶᠡᠭᠡ ᠤᠯᠤᠰ᠎ᠤᠨ ᠳᠣᠲᠤᠭᠠᠲᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠤᠨ᠎ᠠ᠃ ᠲᠣᠲᠣᠭᠠᠲᠤ ᠬᠡᠷᠡᠭ᠌ᠴᠡᠭᠡ᠎ᠶ᠋ᠢ ᠦᠷᠭᠡᠳᠭᠡᠬᠦ᠌ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠡᠭ᠎ᠢ ᠪᠠᠷᠢᠮᠳᠠᠯᠠᠨ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠤᠳᠡᠰ᠎ᠲᠤ ᠪᠡᠯᠡ ᠣᠷᠣᠭᠤᠯᠬᠤ ᠪᠠ ᠬᠦᠮᠤᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠳᠠᠯᠠᠵᠤ᠂ ᠱᠢᠨ᠎ᠡ ᠬᠡᠷᠡᠭ᠌ᠴᠡᠭᠡ ᠪᠡᠷ ᠱᠢᠨ᠎ᠡ ᠬᠠᠩᠭᠠᠯᠭ᠎ᠠ᠎ᠶ᠋ᠢ ᠬᠦᠲᠦᠯᠤᠨ ᠳᠠᠭᠠᠭᠤᠯᠵᠤ᠂ ᠱᠢᠨ᠎ᠡ ᠬᠠᠩᠭᠠᠯᠭ᠎ᠠ᠎ᠪᠠᠷ ᠱᠢᠨ᠎ᠡ ᠬᠡᠷᠡᠭ᠌ᠴᠡᠭᠡ᠎ᠶ᠋ᠢ ᠡᠭᠦᠳᠴᠤ᠌᠂ ᠬᠡᠷᠡᠭ᠌ᠯᠡᠭᠡ ᠪᠠ ᠪᠡᠯᠡ ᠣᠷᠣᠭᠤᠯᠤᠯᠲᠠ᠂ ᠬᠠᠩᠭᠠᠯᠭ᠎ᠠ ᠪᠠ ᠬᠡᠷᠡᠭ᠌ᠴᠡᠭᠡ᠎ᠶ᠋ᠢᠨ ᠰᠠᠢᠨ ᠨᠥᠭᠦᠴᠡᠯᠳᠤᠯᠢ ᠠᠬᠢᠭᠤᠯᠵᠤ᠂ ᠤᠯᠤᠰ᠎ᠤᠨ ᠲᠣᠲᠣᠭᠠᠲᠤ᠎ᠶᠢᠨ ᠶᠡᠭᠡ ᠣᠷᠴᠢᠯ᠎ᠤᠨ ᠲᠣᠲᠣᠭᠠᠲᠤ ᠬᠥᠳᠡᠯᠭᠡᠭ᠌ᠴᠢ ᠬᠦᠴᠦᠨ ᠪᠠ ᠨᠠᠢᠳᠡᠪᠤᠷᠢᠲᠤ ᠴᠢᠨᠠᠷ᠎ᠢ ᠴᠢᠩᠭᠠᠳᠭᠠᠨ᠎ᠠ᠃ ᠬᠡᠷᠡᠭ᠌ᠯᠡᠭᠡ᠎ᠶ᠋ᠢ ᠶᠡᠭᠡ᠎ᠪᠠᠷ ᠬᠥᠭ᠌ᠵᠢᠭᠡᠵᠦ᠍᠂ ᠪᠦᠲᠦᠮᠵᠢᠲᠡᠢ ᠪᠡᠯᠡ ᠤᠷᠣᠭᠤᠯᠤᠯᠲᠠ᠎ᠶ᠋ᠢ ᠦᠷᠭᠡᠳᠭᠡᠨ᠂ ᠪᠥᠬᠦ᠌ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠬᠠᠷᠱᠢᠯᠠᠵᠤ ᠪᠠᠢᠭ᠎ᠠ ᠪᠣᠭᠤᠭ᠍ᠳᠠᠯ ᠲᠦᠭ᠌ᠵᠢᠷᠡᠯ᠎ᠢ ᠡᠷᠡᠰ ᠠᠷᠢᠯᠭᠠᠬᠤ ᠬᠡᠷᠡᠭ᠌ᠲᠡᠢ᠃
ᠪᠦᠭᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠦᠨᠳᠤᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠲᠦᠷᠭᠡᠯᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠭ᠌ᠴᠢ ᠬᠦᠴᠦᠨ᠎ᠢ ᠴᠢᠩᠭᠠᠳᠭᠠᠨ᠎ᠠ᠃ ᠨᠡᠢᠭᠡᠮ ᠵᠢᠷᠤᠮ᠎ᠤᠨ ᠦᠨᠳᠦᠰᠤᠨ ᠠᠵᠤ ᠠᠬᠤᠢ᠎ᠶ᠋ᠢᠨ ᠪᠠᠢᠭᠤᠯᠤᠯ᠎ᠢ ᠪᠠᠷᠢᠮᠳᠡᠯᠠᠨ ᠲᠡᠭᠦᠯᠳᠡᠷᠵᠢᠭᠦᠯᠵᠦ᠍᠂ ᠠᠵᠤ ᠠᠬᠤᠢ᠎ᠶ᠋ᠢᠨ ᠪᠠᠢᠭᠤᠯᠤᠯ᠎ᠤᠨ ᠦᠭᠡᠷᠡᠴᠢᠯᠡᠯᠲᠡ᠎ᠶ᠋ᠢᠨ ᠬᠦᠲᠦᠯᠤᠮᠵᠢᠶ᠋ᠢᠨ ᠦᠢᠯᠡᠳᠤᠯ᠎ᠢ ᠨᠡᠩ ᠰᠠᠢᠨ ᠪᠠᠳᠠᠷᠠᠭᠤᠯᠵᠦ᠍᠂ ᠬᠤᠷᠸ᠎ᠠ ᠠᠵᠤ ᠠᠬᠤᠢ᠎ᠶ᠋ᠢᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠴᠢᠨᠠᠷ ᠰᠠᠢᠲᠠᠢ ᠬᠥᠭ᠌ᠵᠢᠯᠲᠠ᠎ᠶ᠋ᠢᠨ ᠯᠠᠪᠲᠠᠭᠤᠨ᠎ᠢᠶᠠᠷ ᠠᠯᠤᠰ᠎ᠢ ᠵᠣᠷᠢᠬᠤ᠎ᠶ᠋ᠢ ᠦᠨᠡᠨ ᠬᠦ᠌ ᠪᠠᠲᠤᠯᠡᠨᠠ᠃ ᠡᠯ᠎ᠡ ᠲᠦᠷᠤᠯ᠎ᠤᠨ ᠡᠵᠡᠩᠨᠠᠯᠲᠠ᠎ᠶ᠋ᠢᠨ ᠪᠠᠶᠠᠴᠢ ᠴᠣᠭ᠍ᠴᠠ᠎ᠶ᠋ᠢᠨ ᠠᠮᠢᠵᠢᠷᠡᠯ᠎ᠤᠨ ᠬᠦᠴᠦᠨ᠎ᠢ ᠭᠦᠢᠴᠡᠳ ᠬᠥᠭ᠌ᠵᠢᠭᠡᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠳᠣᠬᠢᠷᠠᠭᠤᠯᠬᠤ ᠪᠠᠢᠭᠤᠯᠤᠯ ᠲᠣᠭ᠍ᠲᠡᠴᠡ᠎ᠶ᠋ᠢ ᠲᠦᠷᠭᠡᠯᠡᠨ ᠳᠡᠭᠦᠯᠳᠡᠷᠵᠢᠭᠦᠯᠵᠦ᠍᠂ ᠬᠤᠷᠸ᠎ᠠ ᠠᠵᠤ ᠠᠬᠤᠢ᠎ᠶ᠋ᠢᠨ ᠵᠠᠰᠠᠯᠲᠡ᠎ᠶ᠋ᠢᠨ ᠦᠢᠯᠡᠳᠤᠯ ᠴᠢᠳᠡᠪᠦᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠦᠨᠳᠤᠷ ᠲᠦᠪᠱᠢᠨ ᠪᠦᠬᠦᠢ ᠭᠠᠳᠠᠭᠠᠲᠤ ᠨᠡᠬᠡᠭᠡᠯᠲᠠᠶ᠋ᠢ ᠦᠷᠭᠡᠳᠭᠡᠵᠦ᠍᠂ ᠬᠠᠮᠲᠤᠷᠠᠨ ᠠᠵᠢᠯᠯᠠᠵᠤ ᠬᠠᠮᠲᠤ᠎ᠪᠠᠷ ᠠᠱᠢᠭ ᠬᠦᠷᠲᠡᠬᠦ᠌ ᠱᠢᠨ᠎ᠡ ᠪᠠᠢᠳᠠᠯ᠎ᠢ ᠡᠭᠦᠳᠦᠨ ᠨᠡᠬᠡᠭᠡᠨ᠎ᠡ᠃ ᠲᠦᠷᠢᠮ᠎ᠤᠨ ᠬᠡᠯᠪᠡᠷᠢ᠎ᠶ᠋ᠢᠨ ᠨᠡᠬᠡᠭᠡᠯᠲᠡ᠎ᠶ᠋ᠢ ᠯᠠᠪᠲᠠᠭᠤᠨ᠎ᠢᠶᠠᠷ ᠦᠷᠭᠡᠳᠭᠡᠨ᠂ ᠤᠯᠠᠨ ᠳᠠᠯ᠎ᠠ᠎ᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠤᠯᠠᠨ ᠤᠯᠤᠰ᠎ᠤᠨ ᠣᠷᠴᠢᠯ᠎ᠢ ᠦᠷᠭᠡᠳᠭᠡᠵᠦ᠍᠂ ᠨᠡᠬᠡᠭᠡᠯᠲᠠᠪᠠᠷ ᠦᠭᠡᠷᠡᠴᠢᠯᠡᠯᠲᠠ᠎ᠶ᠋ᠢ ᠠᠬᠢᠭᠤᠯᠵᠤ ᠬᠥᠭ᠌ᠵᠢᠯᠲᠠ᠎ᠶ᠋ᠢ ᠠᠬᠢᠭᠤᠯᠤᠨ᠂ ᠳᠡᠯᠡᠬᠡᠢ᠎ᠶ᠋ᠢᠨ ᠡᠯ᠎ᠡ ᠤᠯᠤᠰ᠎ᠯᠤᠭ᠎ᠠ ᠠᠵᠠ ᠳᠣᠬᠢᠶᠡᠯᠢ ᠬᠠᠮᠲᠤ᠎ᠪᠠᠷ ᠡᠳ᠋ᠯᠠᠨ᠂ ᠬᠠᠮᠲᠤ᠎ᠪᠠᠷ ᠬᠥᠭ᠌ᠵᠢᠨ᠎ᠡ᠃ ᠪᠡᠶ᠎ᠡ᠎ᠪᠠᠨ ᠳᠠᠭᠠᠭᠠᠵᠤ ᠨᠡᠬᠡᠭᠡᠯᠲᠠ ᠬᠢᠬᠦ᠌᠎ᠶ᠋ᠢ ᠢᠳᠡᠪᠬᠢᠲᠡᠢ ᠦᠷᠭᠡᠳᠭᠡᠵᠦ᠍᠂ ᠠᠷᠠᠯᠵᠢᠶᠡᠨ᠎ᠤ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠤᠨ᠂ ᠬᠤᠣᠰ ᠴᠢᠭ᠌ᠯᠡᠯ᠎ᠲᠤ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠣᠷᠣᠨ ᠵᠠᠢ᠎ᠶ᠋ᠢ ᠦᠷᠭᠡᠳᠭᠡᠵᠦ᠍᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠢ᠎ᠪᠠᠷ ᠬᠠᠮᠲᠤ᠎ᠪᠠᠷ ᠪᠠᠢᠭᠤᠯᠬᠤ ᠬᠡᠷᠡᠭ᠌ᠲᠡᠢ᠃
ᠪᠦᠬᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠲᠠᠷᠢᠶᠠᠯᠠᠩ ᠬᠥᠳᠡᠭᠡ ᠲᠣᠰᠭᠤᠨ᠎ᠤ ᠣᠳᠤᠬᠢᠴᠢᠯᠠᠯᠲᠠ᠎ᠶ᠋ᠢ ᠲᠦᠷᠭᠡᠳᠭᠡᠵᠦ᠍᠂ ᠬᠥᠳᠡᠭᠡ ᠳᠣᠰᠭᠤᠨ᠎ᠢ ᠪᠥᠬᠦ᠌ ᠲᠠᠯ᠎ᠠ᠎ᠪᠠᠷ ᠬᠥᠭ᠌ᠵᠢᠭᠦᠯᠤᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ ᠲᠠᠷᠢᠶᠠᠯᠠᠩ ᠬᠥᠳᠡᠭᠡ ᠲᠤᠰᠭᠤᠨ ᠲᠠᠷᠢᠶᠠᠴᠢᠨ᠎ᠤ ᠠᠰᠠᠭᠤᠳᠠᠯ᠎ᠢ ᠰᠠᠢᠲᠤᠷ ᠱᠢᠢᠳᠪᠤᠷᠢᠯᠡᠬᠦ᠌ ᠶᠠᠪᠤᠳᠠᠯ᠎ᠢ ᠪᠥᠬᠦ᠌ ᠨᠠᠮ᠎ᠤᠨ ᠠᠵᠢᠯ᠎ᠤᠨ ᠭᠤᠣᠯᠳᠠᠯᠭ᠎ᠠ᠎ᠶ᠋ᠢᠨ ᠳᠣᠲᠤᠷᠠᠬᠢ ᠭᠤᠣᠯᠳᠠᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠬᠤᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠶᠠᠳᠠᠭᠤ᠎ᠡᠴᠡ ᠠᠩᠬᠢᠵᠢᠷᠠᠭᠤᠯᠬᠤ ᠪᠡᠷᠬᠡ ᠰᠡᠳᠦᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠤᠨ ᠦᠷᠭᠡᠳᠭᠡᠵᠤ᠂ ᠬᠥᠳᠡᠭᠡ ᠲᠣᠰᠭᠤᠨ᠎ᠳᠤ ᠣᠳᠣ ᠦᠶ᠎ᠡ᠎ᠶ᠋ᠢᠨ ᠠᠮᠢᠳᠤᠷᠡᠯ᠎ᠤᠨ ᠨᠥᠬᠦᠴᠡᠯ᠎ᠢ ᠦᠨᠳᠦᠰᠤᠨ᠎ᠳᠡᠭᠡᠨ ᠪᠦᠷᠢᠳᠦᠭᠦᠯᠬᠦ᠌᠎ᠶ᠋ᠢ ᠠᠬᠢᠭᠤᠯᠵᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠯᠡᠨ ᠪᠦᠲᠤᠭᠡᠨ ᠪᠠᠢᠭᠤᠯᠤᠨ᠎ᠠ᠃ ᠲᠠᠷᠢᠶᠠᠯᠠᠩ᠎ᠤᠨ ᠶᠡᠷᠤᠩᠬᠡᠢᠯᠡᠭ᠌ᠰᠡᠨ ᠦᠢᠯᠡᠳᠪᠤᠷᠢᠯᠡᠯ᠎ᠤᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠤ᠂ ᠠᠵᠢᠯᠯᠠᠵᠤ ᠠᠮᠢᠳᠤᠷᠠᠬᠤ᠎ᠳᠤ ᠳᠣᠬᠢᠲᠠᠢ ᠡᠶ᠎ᠡ ᠨᠠᠢᠷᠠᠮᠳᠠᠭᠤ ᠦᠵᠡᠰᠭᠦᠯᠡᠩᠲᠤ ᠰᠠᠢᠬᠠᠨ ᠬᠥᠳᠡᠭᠡ ᠲᠣᠰᠭᠤᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠲᠠᠷᠢᠶᠠᠯᠠᠩ᠎ᠢ ᠬᠦᠴᠦᠷᠬᠡᠭ᠌ᠵᠢᠭᠦᠯᠬᠦ᠂ ᠲᠠᠷᠢᠶᠠᠴᠢᠳ ᠲᠸ᠋ ᠠᠱᠢᠭ ᠬᠦᠷᠲᠡᠭᠡᠬᠦ᠂ ᠲᠠᠷᠢᠶᠠᠴᠢᠳ᠎ᠢ ᠪᠠᠶᠠᠵᠢᠭᠤᠯᠬᠤ ᠲᠥᠷᠤ᠎ᠶ᠋ᠢᠨ ᠪᠣᠳᠣᠯᠭ᠎ᠠ᠎ᠶ᠋ᠢᠨ ᠦᠢᠯᠡᠳᠦᠯ ᠴᠢᠳᠡᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠤ᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠠ᠎ᠶ᠋ᠢ ᠠᠬᠢᠭᠤᠯᠤᠨ᠎ᠠ᠃ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠠ᠎ᠶ᠋ᠢᠨ ᠪᠠᠢᠯᠳᠤᠬᠤ ᠪᠣᠳᠣᠯᠭ᠎ᠠ᠂ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠣᠳᠤᠯᠭ᠎ᠠ᠂ ᠪᠠᠶᠠᠴᠢ ᠴᠣᠭ᠍ᠴᠠ᠎ᠶ᠋ᠢᠨ ᠴᠢᠳᠠᠮᠵᠢᠲᠤ ᠣᠷᠣᠨ᠎ᠤ ᠪᠠᠢᠯᠳᠤᠬᠤ ᠪᠣᠳᠣᠯᠭ᠎ᠠ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠳᠠᠪᠬᠤᠴᠠᠯ ᠨᠦᠯᠣᠭᠡᠯᠡᠯᠢ ᠪᠠᠳᠠᠷᠠᠭᠤᠯᠵᠤ᠂ ᠴᠢᠬᠤᠯᠠ ᠶᠡᠭᠡ ᠣᠢᠯᠡᠳᠪᠤᠷᠢᠯᠡᠯᠤᠨ ᠬᠦᠴᠣᠨ᠎ᠤ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠤ᠂ ᠭᠤᠣᠯᠳᠠᠯᠭ᠎ᠠ᠎ᠲᠠᠢ ᠣᠷᠣᠨ ᠪᠦᠰᠠ᠎ᠶ᠋ᠢᠨ ᠨᠡᠮᠡᠭ᠌ᠳᠡᠯ᠎ᠤᠨ ᠲᠦᠢᠯ᠎ᠤᠨ ᠦᠢᠯᠡᠳᠦᠯ᠎ᠢ ᠪᠠᠲᠠᠷᠠᠭᠤᠯᠵᠤ᠂ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠭᠦᠪᠦᠷᠢᠯᠡᠭ᠌ᠰᠡᠨ᠂ ᠴᠢᠨᠠᠷ ᠰᠠᠢᠲᠠᠢ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠯᠠᠭᠤᠯᠤᠯᠲᠠ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢᠨ ᠱᠢᠰᠲ᠋ᠧᠮ᠎ᠢ ᠪᠠᠢᠭᠤᠯᠤᠨ᠎ᠠ᠃ ᠣᠷᠣᠨ ᠪᠦᠰᠡ᠎ᠶ᠋ᠢᠨ ᠬᠥᠭ᠌ᠵᠢᠯᠲᠠ᠎ᠶ᠋ᠢᠨ ᠵᠣᠬᠢᠴᠠᠯᠲᠤ ᠴᠢᠨᠠᠷ᠎ᠢ ᠴᠢᠩᠭᠠᠷᠠᠭᠤᠯᠵᠤ᠂ ᠣᠷᠣᠨ ᠪᠦᠰᠡ᠎ᠶ᠋ᠢᠨ ᠬᠤᠯᠪᠣᠯᠳᠤᠨ ᠬᠥᠳᠡᠯᠤᠯᠴᠠᠵᠤ ᠬᠥᠭ᠌ᠵᠢᠬᠦ᠌᠎ᠶ᠋ᠢ ᠠᠬᠢᠭᠤᠯᠵᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ᠎ᠶ᠋ᠢᠨ ᠬᠥᠭ᠌ᠵᠢᠯᠲᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠤᠨ᠂ ᠬᠦᠮᠤᠨ᠎ᠢᠶᠠᠷ ᠦᠨᠳᠦᠰᠤ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠬᠦᠨᠵᠡᠭᠡᠢᠷᠡᠭᠦᠯᠦᠨ ᠠᠬᠢᠭᠤᠯᠵᠤ᠂ ᠳᠠᠯᠠᠢ ᠳᠠᠩᠭᠢᠰᠢ ᠨᠡᠬᠡᠭᠡᠨ ᠠᠱᠢᠭ᠍ᠯᠠᠬᠤ ᠪᠠ ᠬᠠᠮᠠᠭᠠᠯᠠᠬᠤ᠎ᠶ᠋ᠢ ᠴᠢᠩᠭᠠᠳᠭᠠᠬᠤ ᠬᠡᠷᠡᠭ᠌ᠲᠡᠢ᠃
ᠪᠥᠬᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠪᠥᠬᠦ᠌ ᠦᠨᠳᠦᠰᠣᠲᠡᠨ᠎ᠤ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠦᠷᠢᠶᠡᠨ᠎ᠳᠠᠬᠢ ᠮᠠᠷᠺᠰ᠎ᠤᠨ ᠦᠵᠡᠯ᠎ᠤᠨ ᠵᠢᠯᠤᠭᠤᠳᠭᠤ ᠪᠠᠢᠷᠢ ᠰᠠᠭᠤᠷᠢ᠎ᠶ᠋ᠢ ᠪᠠᠷᠢᠮᠳᠠᠯᠠᠵᠤ᠂ ᠥᠷᠭᠡᠨ ᠳᠡᠯᠭᠡᠷ ᠭᠦᠨ ᠬᠦᠨᠵᠡᠭᠡᠢ ᠳᠤᠮᠳᠠᠲᠤ᠎ᠶ᠋ᠢᠨ ᠪᠣᠯᠪᠠᠰᠤᠨ᠎ᠳᠤ ᠦᠨᠳᠦᠰᠤᠯᠠᠨ᠂ ᠮᠡᠳᠡᠭᠡ ᠵᠠᠩᠬᠢ᠎ᠶ᠋ᠢᠨ ᠮᠡᠷᠭᠡᠵᠢᠯ᠎ᠤᠨ ᠬᠥᠭ᠌ᠵᠢᠯᠲᠡ᠎ᠶ᠋ᠢᠨ ᠤᠷᠤᠰᠭᠠᠯ᠎ᠢ ᠲᠠᠭᠠᠵᠤ᠂ ᠬᠦᠴᠦᠷᠬᠡᠭ ᠶᠡᠭᠡ ᠦᠵᠡᠯ ᠰᠠᠨᠠᠭᠠᠨ᠎ᠤ ᠬᠦᠲᠦᠯᠤᠨ ᠳᠠᠭᠠᠭᠤᠯᠬᠤ ᠬᠦᠴᠦᠨ᠂ ᠣᠶᠣᠨ ᠰᠠᠨᠠᠭᠠᠨ᠎ᠤ ᠨᠢᠭ᠍ᠲᠠᠷᠠᠭᠤᠯᠬᠤ ᠬᠦᠴᠦᠨ᠂ ᠥᠷᠳᠡᠭ᠎ᠤᠨ ᠤᠷᠢᠶᠠᠯᠠᠬᠤ ᠬᠦᠴᠦᠨ᠂ ᠳᠡᠯᠡᠬᠡᠢ ᠳᠡᠭᠡᠷ᠎ᠡ ᠨᠥᠯᠥᠭᠡᠯᠡᠬᠦ᠌ ᠬᠦᠴᠣᠨ ᠪᠦᠬᠦᠢ ᠱᠢᠨ᠎ᠡ ᠴᠠᠭ ᠦᠶ᠎ᠡ᠎ᠶ᠋ᠢᠨ ᠳᠤᠮᠳᠠᠲᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠯᠠᠪᠲᠠᠭᠤᠨ ᠪᠠᠲᠤᠲᠠᠢ ᠠᠬᠢᠭᠤᠯᠤᠨ᠎ᠠ᠃ ᠨᠡᠢᠭᠡᠮ ᠵᠢᠷᠤᠮ᠎ᠤᠨ ᠭᠤᠣᠯᠯᠠᠬᠤ ᠥᠷᠳᠡᠭ᠎ᠤᠨ ᠦᠵᠡᠯᠲᠠ᠎ᠶ᠋ᠢ ᠪᠠᠳᠠᠷᠠᠭᠤᠯᠤᠨ ᠦᠢᠯᠡᠳᠤᠯᠭᠡᠵᠢᠭᠦᠯᠵᠤ᠂ ᠰᠣᠶᠣᠯ᠎ᠤᠨ ᠠᠵᠢᠯ ᠦᠢᠯᠡᠰ᠎ᠢ ᠶᠡᠭᠡ᠎ᠪᠠᠷ ᠴᠡᠴᠡᠭ᠌ᠯᠡᠭᠦᠯᠦᠨ᠂ ᠰᠣᠶᠣᠯ᠎ᠤᠨ ᠠᠵᠤ ᠦᠢᠯᠡᠰ᠎ᠢ ᠲᠦᠷᠭᠡᠯᠡᠨ ᠬᠥᠭ᠌ᠵᠢᠭᠦᠯᠵᠦ᠍᠂ ᠲᠤᠮᠳᠠᠲᠤ᠎ᠶ᠋ᠢᠨ ᠪᠣᠯᠪᠡᠰᠦᠨᠤ ᠤᠯᠠᠮᠵᠢᠯᠡᠨ ᠲᠠᠷᠬᠠᠭᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠪᠥᠬᠦ᠌ ᠠᠷᠠᠳ ᠲᠦᠮᠡᠨ᠎ᠤ ᠬᠠᠮᠲᠤ᠎ᠶᠢᠨ ᠴᠢᠨᠡᠭᠡᠯᠢᠭ᠌ᠵᠢᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠥᠬᠦ᠌ ᠬᠦᠴᠤ᠎ᠪᠠᠷ᠎ᠢᠶᠠᠨ ᠴᠢᠷᠮᠠᠢᠬᠤ᠂ ᠴᠢᠳᠠᠯ᠎ᠤᠨ᠎ᠢᠶᠠᠨ ᠬᠢᠷᠢ ᠳᠣᠲᠣᠷ᠎ᠠ ᠬᠢᠬᠦ᠌᠎ᠶ᠋ᠢ ᠪᠠᠷᠢᠮᠳᠠᠯᠠᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠤᠰᠤᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠤᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠤᠯᠠᠨ᠎ᠤ ᠪᠠᠴᠢᠮᠳᠡᠵᠤ ᠬᠦᠴᠢᠷᠲᠡᠵᠤ ᠵᠣᠪᠠᠵᠤ ᠬᠦᠰᠡᠵᠤ ᠪᠠᠢᠭ᠎ᠠ ᠠᠰᠠᠭᠤᠳᠠᠯ᠎ᠢ ᠰᠠᠢᠲᠤᠷ ᠱᠢᠢᠳᠪᠤᠷᠢᠯᠡᠵᠤ᠂ ᠨᠡᠢᠭᠡᠮ᠎ᠤᠨ ᠴᠢᠨᠠᠷᠲᠠᠢ ᠱᠢᠯᠵᠢᠯᠲᠡ᠎ᠶ᠋ᠢᠨ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠤ᠂ ᠠᠷᠠᠳ ᠲᠦᠮᠡᠨ᠎ᠤ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠴᠢᠨᠠᠷ ᠰᠠᠢᠲᠠᠢ ᠪᠥᠭᠡᠳ ᠭᠦᠢᠴᠠᠳ ᠠᠵᠢᠯ ᠣᠯᠭᠤᠯᠲᠠ᠎ᠶ᠋ᠢ ᠠᠬᠢᠭᠤᠯᠵᠤ᠂ ᠣᠷᠣᠯᠭ᠎ᠠ᠎ᠶ᠋ᠢᠨ ᠬᠤᠪᠢᠶᠠᠷᠢᠯᠠᠯᠲᠡᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠠᠷᠠᠳ ᠲᠦᠮᠡᠨ᠎ᠳᠤ ᠳᠠᠭᠠᠱᠢᠶᠠᠭ᠍ᠳᠠᠭ᠍ᠰᠠᠨ ᠰᠤᠷᠭᠠᠨ ᠬᠦᠮᠤᠵᠢᠯ᠎ᠢ ᠰᠠᠢᠲᠤᠷ ᠡᠷᠬᠢᠯᠡᠵᠤ᠂ ᠨᠡᠢᠭᠡᠮ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠂ ᠭᠡᠷ ᠪᠠᠢᠱᠢᠩ ᠭᠠᠵᠠᠷ ᠱᠢᠷᠣᠢ᠎ᠶ᠋ᠢᠨ ᠬᠦᠷᠤᠩᠭᠡ᠎ᠶ᠋ᠢᠨ ᠴᠢᠨᠠᠷ ᠰᠠᠢᠲᠠᠢ ᠬᠥᠭ᠌ᠵᠢᠯᠲᠠ᠎ᠶ᠋ᠢ ᠠᠬᠢᠭᠤᠯᠵᠤ᠂ ᠡᠷᠡᠭᠦᠯ ᠡᠩᠬᠡ ᠳᠤᠮᠳᠠᠲᠤ ᠤᠯᠤᠰ᠎ᠢ ᠲᠦᠷᠭᠡᠯᠡᠨ ᠪᠠᠢᠭᠤᠯᠵᠤ᠂ ᠬᠥᠮᠤᠨ ᠠᠮᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠂ ᠦᠨᠳᠦᠰᠤᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠯᠠᠪᠲᠠᠭᠤᠨ᠎ᠢᠶᠠᠷ ᠠᠬᠢᠭᠤᠯᠬᠤ ᠬᠡᠷᠡᠭ᠌ᠲᠡᠢ᠃
ᠪᠦᠭᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠠᠵᠤ ᠠᠬᠤᠢ ᠨᠡᠢᠭᠡᠮ᠎ᠤᠨ ᠬᠥᠭ᠌ᠵᠢᠯᠲᠠ᠎ᠶ᠋ᠢᠨ ᠪᠥᠬᠦ᠌ ᠲᠠᠯ᠎ᠠ᠎ᠶ᠋ᠢᠨ ᠨᠤᠭᠤᠭᠠᠨ ᠬᠤᠪᠢᠷᠠᠭᠤᠯᠤᠯᠲᠠ᠎ᠶ᠋ᠢ ᠲᠦᠷᠭᠡᠳᠭᠡᠵᠦ᠍᠂ ᠦᠵᠡᠰᠭᠦᠯᠡᠩᠲᠦ ᠰᠠᠢᠬᠠᠨ ᠳᠤᠮᠳᠠᠲᠤ ᠤᠯᠤᠰ᠎ᠢ ᠪᠦᠳᠦᠭᠡᠨ ᠪᠠᠢᠭᠤᠯᠤᠨ᠎ᠠ᠃ ᠨᠣᠮᠢᠨ ᠤᠰᠤ ᠬᠥᠭᠡᠮᠳᠦᠭ ᠠᠭᠤᠯᠠ ᠪᠣᠯ ᠠᠯᠲᠠᠨ ᠠᠭᠤᠯᠠ ᠮᠦᠩᠭᠦᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠠᠬᠢ ᠪᠣᠢ ᠪᠣᠯᠭᠠᠨ ᠦᠢᠯᠡᠳᠤᠯᠭᠡᠵᠢᠭᠦᠯᠵᠦ᠍᠂ ᠨᠡᠭᠦᠷᠡᠰᠤᠳᠦ᠋ᠷᠣᠭ᠌ᠴᠢᠶ᠋ᠢᠨ ᠭᠠᠳᠠᠭ᠍ᠰᠢᠯᠠᠭᠤᠯᠤᠯᠲᠠ᠎ᠶ᠋ᠢ ᠤᠷᠬᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠠᠰᠤᠳᠦ᠋ᠷᠤᠭ᠌ᠴᠢᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠬᠠᠵᠢᠭᠤᠯᠬᠤ᠎ᠪᠠᠷ ᠬᠦᠲᠤᠯᠤᠮᠵᠢ ᠪᠣᠯᠭᠠᠵᠤ᠂ ᠨᠡᠭᠦᠷᠠᠰᠤᠳᠦ᠋ᠷᠤᠭ᠌ᠴᠢᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠤᠭᠤᠭᠠᠷᠠᠭᠤᠯᠤᠯᠲᠠ᠎ᠶ᠋ᠢ ᠦᠷᠭᠡᠳᠭᠡᠬᠦ᠂ ᠠᠵᠤ ᠠᠬᠤᠢ᠎ᠶ᠋ᠢ ᠨᠡᠮᠡᠭ᠌ᠳᠡᠭᠦᠯᠬᠦ᠌᠎ᠶ᠋ᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠵᠤ᠂ ᠨᠣᠭᠤᠭᠠᠨ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠬᠢ᠎ᠶ᠋ᠢ ᠨᠡᠮᠡᠭ᠌ᠳᠡᠭᠦᠯᠦᠨ᠎ᠡ᠃ ᠪᠤᠬᠢᠷᠲᠦᠯᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠠᠮᠢ ᠠᠬᠤᠢ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠬᠦᠨᠵᠡᠭᠡᠢᠷᠡᠭᠦᠯᠦᠨ ᠠᠬᠢᠭᠤᠯᠵᠤ᠂ ᠱᠢᠨ᠎ᠡ ᠬᠡᠯᠪᠡᠷᠢ᠎ᠶ᠋ᠢᠨ ᠡᠨᠧᠷᠬᠢ᠎ᠶ᠋ᠢᠨ ᠰᠤᠷᠪᠤᠯᠵᠢ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠵᠤ᠂ ᠨᠡᠭᠦᠷᠡᠰᠤᠳᠦ᠋ᠷᠦᠭ᠌ᠴᠢᠶ᠋ᠢᠨ ᠭᠠᠳᠠᠭ᠍ᠰᠢᠯᠠᠭᠤᠯᠤᠯᠲᠠ᠎ᠶ᠋ᠢ ᠣᠷᠬᠢᠯ ᠬᠡᠮᠵᠢᠭ᠌ᠳᠡᠯ᠎ᠳᠤᠨᠢ ᠬᠦᠷᠭᠡᠬᠦ᠌᠎ᠶ᠋ᠢ ᠢᠳᠡᠪᠬᠢᠲᠡᠢ ᠪᠥᠭᠡᠳ ᠯᠠᠪᠲᠠᠭᠤᠨ ᠳᠣᠬᠢᠲᠠᠢ ᠠᠬᠢᠭᠤᠯᠬᠤ ᠪᠠ ᠪᠠᠶᠡᠯᠡᠭᠦᠯᠵᠤ᠂ ᠨᠤᠭᠤᠭᠠᠨ ᠦᠢᠯᠡᠳᠪᠤᠷᠢᠯᠡᠯ ᠠᠮᠢᠳᠤᠷᠡᠯ᠎ᠤᠨ ᠠᠷᠭ᠎ᠠ ᠮᠠᠶᠢᠭ᠎ᠢ ᠲᠦᠷᠭᠡᠯᠡᠨ ᠪᠣᠢ ᠪᠣᠯᠭᠠᠬᠤ ᠬᠡᠷᠡᠭ᠌ᠲᠡᠢ᠃
ᠪᠦᠬᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠤᠳᠤᠭᠢᠴᠢᠯᠠᠯᠲᠠ᠎ᠶ᠋ᠢ ᠠᠬᠢᠭᠤᠯᠵᠤ᠂ ᠨᠡᠩ ᠦᠨᠳᠤᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠲᠤ ᠤᠯᠤᠰ᠎ᠢ ᠪᠦᠲᠦᠭᠡᠨ ᠪᠠᠢᠭᠤᠯᠤᠨ᠎ᠠ᠃ ᠤᠯᠤᠰ᠎ᠤᠨ ᠶᠡᠷᠤᠩᠬᠡᠢ ᠴᠣᠭ᠍ᠴᠠ᠎ᠶ᠋ᠢᠨ ᠠᠮᠤᠷ ᠲᠦᠪᠱᠢᠨ᠎ᠤ ᠦᠵᠡᠯᠲᠠ᠎ᠶ᠋ᠢ ᠡᠷᠡᠰ ᠭᠤᠢᠪᠢᠰᠢ ᠦᠭᠡᠢ ᠲᠣᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠨᠡᠢᠭᠡᠮ᠎ᠤᠨ ᠵᠠᠰᠠᠯᠲᠠ᠎ᠶ᠋ᠢᠨ ᠵᠠᠮ᠎ᠢᠶᠠᠷ ᠵᠠᠮᠨᠠᠵᠤ᠂ ᠨᠡᠢᠭᠡᠮ᠎ᠤᠨ ᠦᠷᠨᠢᠭᠦᠨ ᠪᠠᠳᠠᠷᠠᠩᠭᠤᠢ ᠪᠥᠭᠡᠳ ᠡᠮᠬᠢ ᠵᠢᠷᠤᠮ᠎ᠲᠠᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠤᠯᠤᠰ᠎ᠤᠨ ᠠᠮᠤᠷ ᠲᠦᠪᠱᠢᠨ᠎ᠤ ᠱᠢᠰᠲ᠋ᠧᠮ᠎ᠢ ᠪᠦᠷᠢᠨᠱᠢᠭᠦᠯᠵᠤ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠤᠯᠤᠰ᠎ᠤᠨ ᠠᠮᠤᠷ ᠲᠦᠪᠱᠢᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠬᠢᠷᠢ ᠬᠡᠮᠵᠢᠶ᠎ᠠ᠎ᠶ᠋ᠢ ᠳᠡᠭᠡᠭ᠌ᠰᠢᠯᠡᠭᠦᠯᠵᠤ᠂ ᠨᠡᠢᠭᠡᠮ᠎ᠤᠨ ᠵᠠᠰᠠᠯᠲᠠ᠎ᠶ᠋ᠢᠨ ᠱᠢᠰᠲ᠋ᠧᠮ᠎ᠢ ᠳᠡᠭᠦᠯᠳᠡᠷᠵᠢᠭᠦᠯᠬᠦ᠌ ᠬᠡᠷᠡᠭ᠌ᠲᠡᠢ᠃
ᠪᠦᠬᠦᠳᠡ ᠬᠤᠷᠠᠯ᠎ᠡᠴᠡ ᠳᠤᠷᠠᠳᠤᠨ ᠭᠠᠷᠭᠠᠭ᠍ᠰᠠᠨ᠎ᠨᠢ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠠᠶᠡᠯᠡᠭᠦᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠤᠳᠤᠭᠢᠴᠢᠯᠠᠯᠲᠠ᠎ᠶ᠋ᠢ ᠴᠢᠨᠠᠷ ᠰᠠᠢᠲᠠᠢ ᠠᠬᠢᠭᠤᠯᠤᠨ᠎ᠠ᠃ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠲᠣᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠠᠶ᠋ᠢ ᠲᠤᠭᠤᠱᠢᠯᠠᠭᠤᠯᠵᠤ᠂ ᠠᠷᠠᠳ᠎ᠤᠨ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠳᠠᠯᠠᠵᠤ᠂ ᠴᠡᠷᠢᠭ᠎ᠤᠨ ᠶᠠᠪᠤᠳᠠᠯ᠎ᠤᠨ ᠬᠣᠷᠢᠶ᠎ᠠ᠎ᠶᠢᠨ ᠲᠠᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠤᠳᠤᠬᠢᠴᠢᠯᠠᠯᠲᠠ᠎ᠶ᠋ᠢᠨ ᠱᠢᠨ᠎ᠡ 《ᠭᠤᠷᠪᠠᠨ ᠠᠯᠬᠤᠮ᠎ᠢᠶᠠᠷ ᠶᠠᠪᠤᠬᠤ》 ᠪᠠᠢᠯᠳᠤᠬᠤ ᠪᠣᠳᠤᠯᠭ᠎ᠠ᠎ᠶ᠋ᠢᠨ ᠶᠣᠰᠤᠭᠠᠷ ᠤᠯᠤᠰ ᠲᠥᠷᠦ᠍ᠪᠠᠷ ᠴᠡᠷᠢᠭ᠎ᠢ ᠪᠠᠢᠭᠤᠯᠬᠤ᠂ ᠦᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭ᠌ᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠴᠢᠳᠡᠪᠤᠷᠢᠲᠡᠨᠢᠶᠠᠷ ᠴᠡᠷᠢᠭ᠎ᠢ ᠬᠦᠴᠦᠷᠬᠡᠭ᠌ᠵᠢᠭᠦᠯᠬᠦ᠂ ᠬᠠᠤᠯᠢ ᠶᠣᠰᠤᠭᠠᠷ ᠴᠡᠷᠢᠭ᠎ᠢ ᠵᠠᠰᠠᠬᠤ᠎ᠶ᠋ᠢ ᠠᠬᠢᠭᠤᠯᠵᠤ᠂ ᠲᠡᠮᠡᠴᠡᠯ ᠬᠢᠬᠦ᠌᠎ᠶ᠋ᠢᠨ ᠳᠠᠭᠠᠤ ᠲᠠᠢᠨ᠎ᠳᠤ ᠪᠡᠯᠡᠳᠭᠡᠬᠦ᠌ ᠪᠠ ᠪᠦᠲᠦᠭᠡᠨ ᠪᠠᠢᠭᠤᠯᠤᠯᠲᠠ ᠬᠢᠵᠦ᠍᠂ ᠮᠧᠬᠠᠨᠢᠭ᠍ᠴᠢᠯᠠᠯᠲᠠ ᠮᠡᠳᠡᠭᠡ ᠵᠠᠩᠬᠢᠴᠢᠯᠠᠯᠲᠠ ᠣᠶᠣᠨᠴᠢᠯᠠᠯᠲᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠠ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠪᠠᠢᠯᠳᠤᠬᠤ ᠪᠣᠳᠣᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠠ᠃ ᠲᠡᠷᠢᠭᠦᠨ᠎ᠤ ᠲᠠᠢᠴᠢᠨ ᠬᠦᠴᠦᠨ᠎ᠤ ᠪᠠᠢᠭᠤᠯᠤᠯᠲᠠ᠎ᠶ᠋ᠢ ᠲᠦᠷᠭᠡᠳᠭᠡᠵᠤ᠂ ᠴᠡᠷᠢᠭ᠎ᠤᠨ ᠶᠠᠪᠤᠳᠠᠯ᠎ᠤᠨ ᠵᠠᠰᠠᠯᠲᠠ᠎ᠶ᠋ᠢᠨ ᠤᠳᠦᠬᠢᠴᠢᠯᠠᠯᠲᠠᠶ᠋ᠢ ᠠᠬᠢᠭᠤᠯᠵᠤ᠂ ᠨᠢᠭᠡ ᠴᠤᠭ᠍ᠴᠠᠵᠢᠭ᠍ᠰᠠᠨ ᠤᠯᠤᠰ᠎ᠤᠨ ᠪᠠᠢᠯᠳᠤᠬᠤ ᠪᠣᠳᠤᠯᠭ᠎ᠠ᠎ᠶ᠋ᠢᠨ ᠱᠢᠰᠲ᠋ᠧᠮ ᠪᠠ ᠴᠢᠳᠠᠪᠦᠷᠢ᠎ᠶ᠋ᠢ ᠪᠠᠬᠢᠵᠢᠭᠦᠯᠦᠨ ᠳᠡᠭᠡᠭ᠌ᠰᠢᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ᠎ᠡᠴᠡ ᠴᠢᠬᠤᠯᠠᠴᠢᠯᠠᠭ᠍ᠰᠠᠨ᠎ᠨᠢ᠂ ᠪᠥᠬᠦ᠌ ᠨᠠᠮ ᠪᠥᠬᠦ᠌ ᠤᠯᠤᠰ᠎ᠤᠨ ᠦᠨᠳᠦᠰᠣᠲᠠᠨᠨᠦᠭᠦᠳᠤᠨ ᠠᠷᠠᠳ ᠲᠦᠮᠡᠨ ᠪᠦᠯᠭᠦᠮᠳᠡᠵᠡᠭᠡᠵᠦ᠍᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠤᠪᠵᠢᠭᠦᠯᠭᠡ᠎ᠶ᠋ᠢ ᠪᠡᠶᠡᠯᠡᠭᠦᠯᠬᠦ᠌᠎ᠶ᠋ᠢᠨ ᠲᠦᠯᠥᠭᠡ ᠲᠡᠮᠡᠴᠡᠬᠦ᠌ ᠬᠡᠷᠡᠭ᠌ᠲᠡᠢ᠃ ᠨᠠᠮ᠎ᠤᠨ ᠥᠪᠡᠷ᠎ᠤᠨ ᠪᠡᠶ᠎ᠡ᠎ᠳᠡᠭᠡᠨ ᠬᠢᠬᠦ᠌ ᠬᠤᠪᠢᠰᠭᠠᠯ᠎ᠢᠶᠠᠷ ᠨᠡᠢᠭᠡᠮ᠎ᠤᠨ ᠬᠤᠪᠢᠰᠭᠠᠯ᠎ᠢ ᠬᠦᠲᠦᠯᠦᠨ ᠳᠠᠭᠠᠭᠤᠯᠬᠤ᠎ᠶ᠋ᠢ ᠪᠠᠷᠢᠮᠳᠠᠯᠠᠵᠤ᠂ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠴᠥᠭᠦᠷᠡᠰᠢ ᠦᠭᠡᠢ ᠠᠬᠢᠭᠤᠯᠵᠤ᠂ ᠨᠠᠮ᠎ᠤᠨ ᠤᠯᠤᠰ ᠲᠦᠷᠤ᠎ᠶ᠋ᠢᠨ ᠤᠳᠤᠷᠢᠳᠭᠤ ᠬᠦᠴᠣᠨ᠂ ᠦᠵᠡᠯ ᠰᠠᠨᠠᠭᠠᠨ᠎ᠤ ᠬᠦᠲᠦᠯᠤᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ ᠨᠡᠢᠲᠡ᠎ᠶ᠋ᠢ ᠤᠷᠢᠶᠠᠯᠠᠬᠤ ᠬᠦᠴᠦᠨ᠎ᠢ ᠴᠢᠩᠭᠠᠷᠠᠭᠤᠯᠤᠨ᠂ ᠨᠠᠮ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠠ᠎ᠶ᠋ᠢ ᠤᠳᠤᠷᠢᠳᠭᠤ ᠴᠢᠳᠠᠪᠤᠷᠢ ᠪᠠ ᠬᠢᠷᠢ ᠬᠡᠮᠵᠢᠶ᠎ᠠ᠎ᠶ᠋ᠢ ᠳᠡᠭᠡᠭ᠌ᠰᠢᠯᠡᠭᠦᠯᠵᠤ᠂ ᠳᠤᠮᠳᠠᠲᠤ ᠤᠯᠤᠰ᠎ᠤᠨ ᠮᠠᠶᠢᠭ᠎ᠤᠨ ᠤᠳᠤᠬᠢᠴᠢᠯᠡᠯᠲᠠ᠎ᠶ᠋ᠢ ᠠᠬᠢᠭᠤᠯᠬᠤ᠎ᠳᠤ ᠰᠦᠷ ᠲᠠᠯᠠᠢᠴᠠᠲᠠᠢ ᠬᠦᠴᠦᠨ ᠴᠢᠳᠠᠯ᠎ᠢ ᠨᠢᠭ᠍ᠳᠠᠷᠠᠭᠤᠯᠤᠨ᠎ᠠ᠃ ᠨᠠᠮ᠎ᠤᠨ ᠲᠥᠪ ᠬᠣᠷᠢᠶ᠎ᠠ᠎ᠶᠢᠨ ᠲᠦᠪᠯᠠᠷᠡᠩᠭᠦᠢ ᠨᠢᠭᠡᠳᠤᠯᠲᠠᠢ ᠤᠳᠤᠷᠢᠳᠤᠯᠭ᠎ᠠ᠎ᠶ᠋ᠢ ᠪᠠᠷᠢᠮᠳᠠᠯᠠᠨ ᠴᠢᠩᠭᠠᠳᠭᠠᠵᠤ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ ᠲᠠᠶᠠᠭᠠᠷ᠎ᠤᠨ ᠳᠤᠮᠳᠠᠲᠤ ᠤᠯᠤᠰ᠎ᠤᠨ ᠮᠠᠶᠢᠭ᠎ᠤᠨ ᠤᠳᠤᠬᠢᠴᠢᠯᠠᠬᠤ ᠪᠦᠳᠦᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠲᠠᠢᠴᠢᠯᠠᠬᠤ ᠬᠡᠷᠡᠭ᠌ᠲᠡᠢ᠃ ᠱᠢᠶᠠᠩᠭᠠᠩ᠂ ᠤᠤᠮᠧᠨ᠎ᠤ ᠣᠷᠲᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠳᠠᠭᠤᠨ ᠪᠠᠢᠳᠠᠯ᠎ᠢ ᠠᠬᠢᠭᠤᠯᠵᠤ᠂ ᠲᠠᠢᠸᠠᠨ ᠬᠤᠭᠤᠯᠠᠢ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠡᠬᠡ ᠤᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠠᠬᠢᠭᠤᠯᠵᠤ᠂ ᠬᠦᠮᠤᠨ ᠲᠥᠷᠤᠯᠬᠢᠲᠡᠨᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ᠃
ᠪᠦᠭᠦᠳᠡ ᠬᠤᠷᠠᠯ᠎ᠡᠴᠡ ᠵᠢᠭᠠᠵᠤ ᠭᠠᠷᠭᠠᠭ᠍ᠰᠠᠨ᠎ᠨᠢ᠂ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠣᠷᠤᠯᠴᠠᠨ ᠰᠠᠢᠲᠤᠷ ᠲᠣᠭᠤᠱᠢᠯᠠᠭᠤᠯᠬᠤ ᠪᠣᠯ ᠤᠳᠤᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠪᠥᠬᠦ᠌ ᠨᠠᠮ ᠪᠥᠬᠦ᠌ ᠤᠯᠤᠰ᠎ᠤᠨ ᠴᠢᠬᠤᠯᠠ ᠶᠡᠭᠡ ᠤᠯᠤᠰ ᠲᠥᠷᠤ᠎ᠶ᠋ᠢᠨ ᠡᠭᠦᠷᠭᠡ ᠪᠣᠯᠣᠨ᠎ᠠ᠃ ᠡᠯ᠎ᠡ ᠵᠣᠢᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠂ ᠤᠬᠠᠭᠤᠯᠤᠨ ᠲᠠᠢᠯᠪᠤᠷᠢᠯᠠᠬᠤ᠂ ᠤᠬᠠᠭᠤᠯᠬᠤ ᠠᠵᠢᠯ᠎ᠢ ᠰᠠᠢᠲᠤᠷ ᠵᠣᠬᠢᠶᠠᠨ ᠪᠠᠢᠭᠤᠯᠵᠤ᠂ ᠪᠥᠬᠦ᠌ ᠨᠠᠮ ᠪᠥᠬᠦ᠌ ᠨᠡᠢᠭᠡᠮ᠎ᠳᠤ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠣᠢᠯᠠᠭᠠᠭᠤᠯᠬᠤ ᠬᠡᠷᠡᠭ᠌ᠲᠡᠢ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠣᠭᠤᠱᠢᠯᠠᠭᠤᠯᠤᠨ ᠨᠡᠢᠳᠠᠪᠤᠷᠢᠵᠢᠭᠤᠯᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠠᠢᠭᠤᠯᠵᠤ᠂ ᠪᠥᠬᠦ᠌ ᠠᠷᠠᠳ ᠲᠦᠮᠡᠨ᠎ᠤ ᠬᠠᠮᠲᠤ᠎ᠶ᠋ᠢᠨ ᠴᠢᠨᠡᠭᠡᠯᠢᠭ᠌ᠵᠢᠯᠲᠠ ᠯᠠᠪᠲᠠᠭᠤᠨ ᠪᠠᠲᠤᠲᠠᠢ ᠠᠯᠬᠤᠮ᠎ᠢ ᠠᠯᠬᠤᠬᠤ᠎ᠶ᠋ᠢ ᠠᠬᠢᠭᠤᠯᠵᠤ᠂ ᠬᠥᠭ᠌ᠵᠢᠯᠲᠠ ᠪᠠ ᠠᠮᠤᠷ ᠲᠦᠪᠱᠢᠨ᠎ᠢ ᠨᠡᠩ ᠰᠠᠢᠨ ᠨᠢᠭᠡᠳᠦᠯᠲᠠᠢ ᠲᠦᠯᠦᠪᠯᠡᠵᠦ᠍᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠡ ᠪᠠ ᠡᠯ᠎ᠡ ᠬᠦᠷᠢᠶᠡᠨ᠎ᠤ ᠠᠵᠢᠯ᠎ᠢ ᠨᠢᠭᠡᠳᠦᠯᠲᠡᠢ ᠲᠦᠯᠤᠪᠯᠡᠨ ᠠᠬᠢᠭᠤᠯᠵᠤ᠂ ᠨᠡᠢᠭᠡᠮ ᠵᠢᠷᠤᠮ᠎ᠤᠨ ᠣᠳᠣᠬᠢᠴᠢᠯᠡᠯᠲᠡᠶ᠋ᠢ ᠦᠨᠳᠦᠰᠤᠨ᠎ᠳᠡᠭᠡᠨ ᠪᠡᠶᠡᠯᠡᠭᠦᠯᠬᠦ᠌᠎ᠳᠤ ᠰᠠᠭᠤᠷᠢ᠎ᠶ᠋ᠢ ᠪᠠᠲᠤᠳᠭᠠᠬᠤ ᠬᠡᠷᠡᠭ᠌ᠲᠡᠢ᠃
ᠪᠦᠭᠦᠳᠡ ᠬᠤᠷᠠᠯ᠎ᠡᠴᠡ ᠴᠢᠬᠤᠯᠠᠴᠢᠯᠠᠭ᠍ᠰᠠᠨ᠎ᠨᠢ᠂ ᠤᠯᠤᠰ᠎ᠢ ᠵᠠᠰᠠᠬᠤ᠎ᠳᠤ ᠡᠷᠬᠡᠪᠰᠢ ᠤᠷᠢᠳ᠎ᠢᠶᠠᠷ ᠨᠠᠮ᠎ᠢ ᠵᠠᠰᠠᠬᠤ ᠬᠡᠷᠡᠭ᠌ᠲᠡᠢ᠂ ᠨᠠᠮ ᠬᠥᠭ᠌ᠵᠢᠮᠡᠨᠵᠢᠨ ᠤᠯᠤᠰ ᠤᠷᠣᠨ ᠰᠠᠶᠢ ᠬᠦᠴᠦᠷᠬᠡᠭ᠌ᠵᠢᠵᠦ᠍ ᠲᠠᠢᠯᠤᠨ᠎ᠠ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠨᠢ ᠪᠦᠲᠣᠮᠵᠢᠲᠠᠢ ᠪᠣᠯᠬᠤ ᠲᠣᠳᠤᠮ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠪᠠᠲᠤᠯᠠᠭ᠎ᠠ᠎ᠨᠢ ᠤᠯᠠᠮ ᠬᠦᠴᠦᠲᠠᠢ ᠪᠣᠯᠣᠨ᠎ᠠ᠃ ᠡᠷᠬᠡᠪᠰᠢ ᠡᠭᠦᠷᠢᠳᠡ ᠵᠣᠭ᠍ᠰᠣᠰᠢ ᠦᠭᠡᠢ ᠬᠢᠬᠦ᠌ ᠬᠠᠳᠠᠨ ᠵᠣᠷᠢᠭ ᠪᠠ ᠡᠷᠡᠰ ᠪᠠᠷᠢᠮᠳᠠᠯᠠᠯ᠎ᠢᠶᠠᠷ ᠨᠠᠮ᠎ᠢ ᠪᠥᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠴᠥᠭᠦᠷᠡᠰᠢ ᠦᠭᠡᠢ ᠠᠬᠢᠭᠤᠯᠵᠤ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠤᠨ ᠪᠤᠳᠠᠲᠠᠢᠵᠢᠭᠤᠯᠵᠤ᠂ ᠨᠠᠮ᠎ᠤᠨ ᠰᠤᠷᠳᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠤᠷᠲᠤ ᠬᠤᠭᠤᠴᠠᠭ᠎ᠠ᠎ᠪᠠᠷ ᠪᠦᠲᠣᠮᠵᠢᠲᠠᠢ ᠪᠠᠢᠯᠭᠠᠬᠤ᠎ᠶ᠋ᠢ ᠠᠬᠢᠭᠤᠯᠤᠨ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠦᠷᠨᠢᠭᠦᠯᠵᠤ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠦᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠡ᠎ᠶ᠋ᠢ ᠪᠡᠶᠡᠯᠡᠭᠦᠯᠬᠦ᠌᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ᠃
ᠪᠦᠬᠦᠳᠡ ᠬᠤᠷᠠᠯ᠎ᠡᠴᠡ ᠣᠳᠣᠬᠠᠨ᠎ᠤ ᠪᠠᠢᠳᠠᠯ ᠪᠠ ᠡᠭᠦᠷᠭᠡ᠎ᠶ᠋ᠢ ᠵᠠᠳᠠᠯᠤᠨ ᠱᠢᠨᠵᠢᠯᠡᠭᠡᠳ ᠴᠢᠬᠤᠯᠡᠴᠢᠯᠠᠭ᠍ᠰᠠᠨᠨᠢ᠂ ᠪᠥᠬᠦ᠌ ᠵᠢᠯ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠡᠷᠡᠰ ᠪᠠᠶᠡᠯᠡᠭᠦᠯᠬᠦ᠌ ᠬᠡᠷᠡᠭ᠌ᠲᠡᠢ᠃ ᠨᠠᠮ᠎ᠤᠨ ᠲᠥᠪ ᠬᠣᠷᠢᠶ᠎ᠠ᠎ᠶᠢᠨ ᠱᠢᠢᠳᠪᠤᠷᠢᠲᠤ ᠪᠣᠳᠣᠯᠭ᠎ᠠ ᠪᠠᠢᠷᠢᠯᠠᠭᠤᠯᠤᠯᠲᠠ᠎ᠶ᠋ᠢ ᠦᠷᠭᠦᠯᠵᠢᠯᠠᠨ ᠨᠠᠷᠢᠯᠢᠭ ᠣᠨᠣᠴᠠᠲᠠᠢ ᠨᠡᠢᠳᠡᠪᠤᠷᠢᠵᠢᠭᠤᠯᠵᠤ᠂ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ᠂ ᠠᠵᠤ ᠠᠬᠤᠢᠯᠠᠯ᠎ᠢ ᠲᠣᠭ᠍ᠲᠠᠭᠤᠨ ᠪᠠᠢᠯᠭᠠᠬᠤ᠂ ᠵᠠᠬ᠎ᠠ ᠳᠡᠯᠭᠡᠭᠦᠷ᠎ᠢ ᠲᠣᠭ᠍ᠲᠠᠭᠤᠨ ᠪᠠᠢᠯᠭᠠᠬᠤ᠂ ᠵᠢᠱ᠌ᠢᠯᠲᠠ᠎ᠶ᠋ᠢ ᠲᠣᠭ᠍ᠲᠠᠭᠤᠨ ᠪᠠᠢᠯᠭᠠᠬᠤ ᠲᠠᠯ᠎ᠠ᠎ᠪᠠᠷ ᠬᠦᠴᠦᠯᠡᠵᠤ᠂ ᠠᠵᠤ ᠠᠬᠤᠢ᠎ᠶ᠋ᠢᠨ ᠦᠨᠳᠦᠰᠤᠨ ᠪᠠᠢᠳᠠᠯ᠎ᠢ ᠲᠣᠭ᠍ᠲᠠᠭᠤᠨ ᠪᠠᠢᠯᠭᠠᠵᠤ᠂ ᠠᠵᠤ ᠠᠬᠤᠢ᠎ᠶ᠋ᠢᠨ ᠰᠡᠷᠭᠦᠵᠦ᠍ ᠰᠠᠢᠵᠢᠷᠠᠬᠤ ᠬᠠᠨᠳᠤᠰᠢ᠎ᠶ᠋ᠢ ᠪᠠᠬᠢᠵᠢᠭᠦᠯᠦᠨ ᠦᠷᠭᠡᠳᠭᠡᠬᠦ᠌ ᠬᠡᠷᠡᠭ᠌ᠲᠡᠢ᠃ ᠬᠤᠷᠸ᠎ᠠ ᠲᠦᠷᠤ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠦᠴᠦᠯᠡᠭᠦᠯᠬᠦ᠌ ᠪᠥᠭᠡᠳ ᠴᠠᠭᠲᠤᠨᠢ ᠲᠣᠬᠢᠷᠠᠭᠤᠯᠤᠨ ᠡᠷᠴᠢᠮᠵᠢᠭᠦᠯᠵᠦ᠍᠂ ᠠᠵᠤ ᠠᠬᠤᠢᠯᠡᠯ᠎ᠢ ᠬᠠᠪᠰᠤᠷᠤᠨ ᠲᠡᠳᠭᠦᠬᠦ᠌ ᠲᠦᠷᠤ᠎ᠶ᠋ᠢᠨ ᠪᠣᠳᠣᠯᠭ᠎ᠠ᠎ᠶ᠋ᠢ ᠰᠠᠢᠲᠤᠷ ᠨᠡᠢᠳᠡᠪᠤᠷᠢᠵᠢᠭᠤᠯᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠦᠨᠳᠦᠰᠤᠨ ᠱᠠᠳᠤᠨ᠎ᠤ 《ᠭᠤᠷᠪᠠ᠎ᠶ᠋ᠢ ᠪᠠᠲᠤᠯᠠᠭ᠎ᠠ᠎ᠲᠠᠢ ᠪᠠᠢᠯᠭᠠᠬᠤ》 ᠬᠢᠵᠠᠭᠠᠷ ᠱᠤᠭᠤᠮ᠎ᠢ ᠪᠠᠲᠤ ᠰᠠᠬᠢᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠪᠥᠭᠡᠳ ᠯᠠᠪᠲᠠᠭᠤᠨ ᠳᠣᠬᠢᠲᠡᠢ ᠠᠷᠢᠯᠭᠠᠬᠤ ᠬᠡᠷᠡᠭ᠌ᠲᠡᠢ᠃
ᠪᠦᠭᠦᠳᠡ ᠬᠤᠷᠠᠯ᠎ᠡᠴᠡ ᠵᠢᠭᠠᠵᠤ ᠭᠠᠷᠭᠠᠭ᠍ᠰᠠᠨ᠎ᠨᠢ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠨᠡᠨ ᠬᠦ᠌ ᠰᠠᠢᠲᠤᠷ ᠠᠳᠭᠤᠵᠤ᠂ ᠤᠯᠠᠨ ᠠᠷᠭ᠎ᠠ ᠵᠠᠮ᠎ᠢᠶᠠᠷ ᠲᠠᠯᠲᠠ ᠬᠦᠴᠦᠨ᠎ᠢ ᠠᠭᠤᠳᠠᠯᠤᠨ᠂ ᠠᠵᠢᠯ᠎ᠤᠨ ᠪᠠᠢᠷᠢ᠎ᠶ᠋ᠢ ᠲᠣᠭ᠍ᠳᠠᠪᠤᠷᠢᠵᠢᠭᠤᠯᠤᠨ ᠠᠵᠢᠯ ᠣᠯᠭᠤᠯᠲᠠ᠎ᠶ᠋ᠢ ᠠᠬᠢᠭᠤᠯᠬᠤ ᠠᠵᠢᠯ᠎ᠢ ᠴᠢᠩᠭᠠᠳᠭᠠᠵᠤ᠂ ᠭᠤᠣᠯᠳᠠᠯᠭ᠎ᠠ᠎ᠲᠠᠢ ᠬᠠᠮᠳᠤᠯᠢᠭ᠎ᠤᠨ ᠲᠣᠭ᠍ᠳᠠᠭᠤᠨ᠎ᠢᠶᠠᠷ ᠠᠵᠢᠯ ᠤᠯᠬᠤ᠎ᠶ᠋ᠢ ᠠᠬᠢᠭᠤᠯᠵᠤ᠂ ᠴᠠᠯᠢᠩ᠎ᠢ ᠬᠤᠢᠱᠢᠯᠠᠭᠤᠯᠤᠨ ᠦᠷᠢᠳᠤᠵᠤ ᠪᠠᠢᠭ᠎ᠠ ᠠᠰᠠᠭᠤᠳᠠᠯ᠎ᠢ ᠴᠡᠭ᠌ᠴᠠᠯᠠᠨ ᠵᠠᠰᠠᠬᠤ ᠡᠷᠴᠢᠮ᠎ᠢ ᠴᠢᠩᠭᠠᠷᠠᠭᠤᠯᠤᠨ᠂ ᠦᠨᠳᠦᠰᠤᠨ ᠤᠯᠠᠨ ᠨᠡᠢᠲᠡ᠎ᠶ᠋ᠢᠨ ᠣᠢᠯᠡᠴᠢᠯᠡᠭᠡ᠎ᠶ᠋ᠢ ᠴᠢᠩᠭᠠᠳᠭᠠᠵᠤ᠂ ᠠᠷᠠᠳ ᠤᠯᠠᠨ᠎ᠤ ᠪᠠᠴᠢᠮᠳᠡᠵᠤ ᠬᠦᠴᠢᠷᠲᠡᠵᠤ ᠵᠤᠪᠠᠵᠤ ᠬᠦᠰᠡᠵᠤ ᠪᠠᠢᠭ᠎ᠠ ᠠᠰᠠᠭᠤᠳᠠᠯ᠎ᠢ ᠰᠠᠢᠲᠤᠷ ᠱᠢᠢᠳᠪᠤᠷᠢᠯᠡᠬᠦ᠌ ᠬᠡᠷᠡᠭ᠌ᠲᠡᠢ᠃ ᠭᠠᠮᠱᠢᠭ᠎ᠤᠨ ᠲᠠᠷᠠᠭ᠎ᠠ ᠰᠡᠷᠭᠦᠭᠡᠵᠦ᠍ ᠳᠠᠬᠢᠨ ᠪᠦᠲᠦᠭᠡᠨ ᠪᠠᠢᠭᠤᠯᠬᠤ᠂ ᠭᠠᠮᠱᠢᠭ᠍ᠳᠠᠭ᠍ᠰᠠᠨ ᠤᠯᠠᠨ ᠲᠦᠮᠡᠨ᠎ᠢ ᠲᠦᠪᠬᠢᠨᠡᠭᠦᠯᠬᠦ᠌ ᠪᠠ ᠠᠮᠢᠳᠤᠷᠠᠯ᠎ᠢ᠎ᠨᠢ ᠪᠠᠲᠤᠯᠠᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠭᠠᠮᠱᠢᠭ᠍ᠳᠠᠭ᠍ᠰᠠᠨ ᠤᠯᠠᠨ ᠲᠦᠮᠡᠨ᠎ᠤ ᠬᠠᠯᠠᠭᠤᠨ ᠲᠤᠯᠠᠭᠠᠨ ᠡᠪᠦᠯᠵᠢᠬᠦ᠌᠎ᠶ᠋ᠢ ᠦᠨᠡᠨ ᠬᠦ᠌ ᠪᠠᠲᠤᠯᠠᠨ᠎ᠠ᠃
ᠪᠦᠭᠦᠳᠡ ᠬᠤᠷᠠᠯ᠎ᠡᠴᠡ ᠴᠢᠬᠤᠯᠠᠴᠢᠯᠠᠭ᠍ᠰᠠᠨ᠎ᠨᠢ᠂ ᠠᠶᠤᠯ ᠦᠭᠡᠢ ᠣᠢᠯᠠᠳᠪᠤᠷᠢᠯᠠᠯ ᠪᠠ ᠲᠣᠭ᠍ᠳᠠᠭᠤᠨ ᠪᠠᠢᠳᠠᠯ᠎ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠠᠶᠤᠯ ᠦᠭᠡᠢ ᠣᠢᠯᠡᠳᠪᠤᠷᠢᠯᠠᠯᠤᠨ ᠬᠠᠷᠢᠭᠤᠴᠠᠯᠭ᠎ᠠ᠎ᠶ᠋ᠢ ᠴᠢᠩᠭᠠᠳᠭᠠᠨ ᠪᠤᠳᠠᠲᠠᠢᠵᠢᠭᠤᠯᠵᠤ᠂ ᠡᠯ᠎ᠡ ᠵᠦᠢᠯ᠎ᠤᠨ ᠬᠢᠨᠠᠨ ᠬᠠᠮᠢᠶᠠᠷᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠬᠦᠨᠳᠦ ᠶᠡᠭᠡ ᠣᠨᠴᠠ ᠶᠡᠭᠡ ᠠᠳᠠᠯ ᠭᠠᠷᠬᠤ᠎ᠶ᠋ᠢ ᠡᠷᠡᠰ ᠰᠡᠷᠭᠡᠢᠯᠡᠨ ᠬᠤᠷᠢᠭ᠍ᠯᠠᠬᠤ ᠬᠡᠷᠡᠭ᠌ᠲᠡᠢ᠃ ᠢᠳᠡᠭᠡᠨ᠎ᠤ ᠵᠦᠢᠯ ᠡᠮ᠎ᠤᠨ ᠵᠦᠢᠯ᠎ᠤᠨ ᠠᠮᠤᠷ ᠲᠦᠪᠱᠢᠨ᠎ᠤ ᠪᠥᠬᠦ᠌ ᠬᠡᠯᠬᠢᠶ᠎ᠡ᠎ᠶ᠋ᠢᠨ ᠬᠢᠨᠠᠯᠲᠠ ᠬᠠᠮᠢᠶᠡᠷᠤᠯᠲᠠ᠎ᠶ᠋ᠢ ᠴᠢᠩᠭᠠᠳᠭᠠᠨ᠎ᠠ᠃ ᠵᠥᠷᠢᠴᠡᠯ ᠵᠠᠭᠤᠷᠠᠯᠳᠤᠭᠠᠨ᠎ᠢ ᠬᠦᠨᠵᠡᠭᠡᠢᠷᠡᠭᠦᠯᠦᠨ ᠰᠠᠮᠨᠠᠨ ᠪᠠᠢᠴᠠᠭᠠᠵᠤ ᠱᠢᠢᠳᠪᠤᠷᠢᠯᠡᠨ᠂ ᠨᠡᠢᠭᠡᠮ᠎ᠤᠨ ᠠᠮᠤᠷ ᠲᠦᠪᠱᠢᠨ᠎ᠢ ᠪᠦᠬᠦᠯᠢ ᠴᠤᠭ᠍ᠴᠠ᠎ᠪᠠᠷ᠎ᠨᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠬᠠᠤᠯᠢ᠎ᠡᠴᠡ ᠵᠥᠷᠢᠴᠡᠭ᠌ᠰᠡᠨ ᠡᠯ᠎ᠡ ᠲᠦᠷᠤᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠡ ᠥᠭ᠌ᠭᠦᠨ᠎ᠡ᠃ ᠶᠠᠷᠢᠶ᠎ᠠ ᠬᠡᠯᠡᠯᠴᠡᠭᠡ᠎ᠶ᠋ᠢ ᠬᠦᠲᠤᠯ᠎ᠦᠨ ᠵᠢᠯᠤᠭᠤᠳᠭᠤ᠎ᠶ᠋ᠢ ᠴᠢᠩᠭᠠᠳᠭᠠᠨ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠶᠤᠯ ᠲᠦᠭ᠌ᠰᠢᠭᠦᠷᠢ᠎ᠶ᠋ᠢ ᠪᠦᠲᠣᠮᠵᠢᠲᠠᠢ ᠰᠡᠷᠭᠡᠢᠯᠡᠨ ᠠᠷᠢᠯᠭᠠᠨ᠎ᠠ᠃
ᠪᠦᠬᠦᠳᠡ ᠬᠤᠷᠠᠯ᠎ᠡᠴᠡ᠂ ᠵᠠᠩ ᠱᠸᠩ ᠮᠢᠨᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠶᠢᠨ ᠲᠡᠳ᠋ ᠲᠡᠷᠢᠭᠦᠯᠡᠭ᠌ᠴᠢ᠎ᠪᠠᠷ ᠨᠡᠮᠡᠵᠤ ᠨᠥᠬᠦᠬᠦ᠌᠎ᠪᠠᠷ ᠲᠣᠭ᠍ᠲᠠᠭᠠᠪᠠ᠃
ᠪᠦᠬᠦᠳᠡ ᠬᠤᠷᠠᠯ᠎ᠡᠴᠡ ᠨᠠᠮ᠎ᠤᠨ ᠲᠦᠷᠢᠮ᠎ᠤᠨ ᠲᠣᠭ᠍ᠲᠠᠭᠠᠯ ᠶᠣᠰᠣᠭᠠᠷ᠂ ᠲᠥᠪ ᠬᠣᠷᠢᠶ᠎ᠠ᠎ᠶᠢᠨ ᠣᠷᠣᠯᠠᠭ᠍ᠴᠢ ᠭᠡᠱᠢᠭᠦᠨ ᠢᠦᠢ ᠬᠤᠢ ᠸᠧᠨ᠂ ᠮᠠ ᠬᠠᠨ ᠴᠧᠩ᠂ ᠸᠠᠩ ᠵᠢᠶᠠᠨ᠂ ᠸᠠᠩ ᠰᠢ᠂ ᠸᠠᠩ ᠶᠦᠩ ᠬᠤᠩ᠂ ᠸᠠᠩ ᠲᠢᠩ ᠺᠠᠢ᠂ ᠸᠠᠩ ᠱᠢᠨ ᠸᠧᠢ᠂ ᠸᠧᠢ ᠲᠣᠣ᠂ ᠳ᠋ᠧᠩ ᠢ ᠡᠦ᠂ ᠳ᠋ᠧᠩ ᠱᠢᠤ ᠮᠢᠩ᠂ ᠯᠦ᠍ ᠬᠤᠩ᠎ᠢ ᠲᠥᠪ ᠬᠣᠷᠢᠶ᠎ᠠ᠎ᠶᠢᠨ ᠭᠡᠱᠢᠭᠦᠨ᠎ᠢᠶᠠᠷ ᠲᠠᠷᠠᠭᠠᠯᠠᠨ ᠨᠥᠬᠦᠬᠦ᠌᠎ᠪᠠᠷ ᠲᠣᠭ᠍ᠲᠠᠭᠠᠪᠠ᠃
ᠪᠦᠬᠦᠳᠡ ᠬᠤᠷᠠᠯ᠎ᠡᠴᠡ ᠳᠠᠩ ᠷᠧᠨ ᠵᠢᠶᠠᠨ᠂ ᠶ᠋ᠢᠨ ᠱᠢᠶᠠᠩ ᠵᠢᠶᠦ᠋ᠨ᠂ ᠯᠢ ᠱ᠌ᠢ ᠰᠦᠩ᠂ ᠶᠠᠩ ᠹᠠ ᠰᠧᠨ᠂ ᠵᠦ᠍ ᡁᠢ ᠰᠦᠩ᠎ᠤᠨ ᠰᠠᠬᠢᠯᠭ᠎ᠠ ᠪᠠᠲᠤ ᠬᠠᠤᠯᠢ ᠴᠠᠭᠠᠵᠠ᠎ᠡᠴᠡ ᠬᠦᠨᠳᠤ ᠨᠣᠴᠢᠲᠠᠢ ᠵᠥᠷᠢᠴᠡᠭ᠌ᠰᠠᠨ ᠠᠰᠠᠭᠤᠳᠠᠯ᠎ᠤᠨ ᠲᠤᠬᠠᠢ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠬᠢᠯᠭ᠎ᠠ ᠪᠠᠳᠦ ᠪᠠᠢᠴᠠᠭᠠᠬᠤ ᠬᠣᠷᠢᠶ᠎ᠠ᠎ᠶᠢᠨ ᠬᠢᠨᠠᠨ ᠪᠠᠢᠴᠠᠭᠠᠭ᠍ᠰᠠᠨ ᠮᠡᠳᠡᠭᠦᠯᠦᠯᠲᠠ᠎ᠶ᠋ᠢ ᠬᠢᠨᠠᠨ ᠶᠠᠷᠢᠯᠴᠠᠵᠤ ᠪᠠᠲᠤᠯᠠᠪᠠ᠂ ᠡᠾᠧ ᠸᠧᠢ ᠳ᠋ᠦᠩ᠂ ᠮᠢᠶᠣᠣ ᠬᠤᠸᠠ᠂ ᠡᠾᠧ ᠬᠤᠩ ᠵᠢᠶᠦ᠋ᠨ᠂ ᠸᠠᠩ ᠱᠢᠤ ᠪᠢᠨ᠂ ᠯᠢᠨ ᠱᠢᠶᠠᠩ ᠶᠠᠩ᠂ ᠴᠢᠨ ᠱᠦ᠍ ᠲᠦᠩ᠂ ᠶᠤᠸᠠᠨ ᠬᠤᠸᠠ ᡁᠢ᠂ ᠸᠠᠩ ᠴᠥᠨ ᠨᠢᠩ᠂ ᠵᠠᠩ ᠹᠧᠩ ᠵᠦᠩ᠎ᠤᠨ ᠰᠠᠬᠢᠯᠭ᠎ᠠ ᠪᠠᠳᠤ ᠬᠠᠤᠯᠢ ᠴᠠᠭᠠᠵᠠ᠎ᠡᠴᠡ ᠬᠦᠨᠳᠣ ᠨᠤᠴᠢᠲᠠᠢ ᠵᠥᠷᠢᠴᠡᠭ᠌ᠰᠠᠨ ᠠᠰᠠᠭᠤᠳᠠᠯ᠎ᠤᠨ ᠲᠤᠬᠠᠢ ᠲᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠶᠢᠨ ᠬᠢᠨᠠᠨ ᠪᠠᠢᠴᠠᠭᠠᠭ᠍ᠰᠠᠨ ᠮᠡᠳᠡᠭᠦᠯᠤᠯᠲᠠ᠎ᠶ᠋ᠢ ᠬᠢᠨᠠᠨ ᠶᠠᠷᠢᠯᠴᠠᠵᠤ ᠪᠠᠲᠤᠯᠠᠪᠠ᠂ ᠲᠥᠪ ᠬᠣᠷᠢᠶ᠎ᠠ᠎ᠶᠢᠨ ᠤᠯᠤᠰ ᠲᠦᠷᠤ᠎ᠶ᠋ᠢᠨ ᠲᠣᠪᠴᠢᠶᠠᠨ᠎ᠡᠴᠡ ᠲᠦᠷᠦᠭᠦᠭᠡᠨ ᠭᠠᠷᠭᠠᠭ᠍ᠰᠠᠨ ᠡᠾᠧ ᠸᠧᠢ ᠳ᠋ᠦᠩ᠂ ᠮᠢᠶᠣᠣ ᠬᠤᠸᠠ᠂ ᠳᠠᠩ ᠷᠧᠨ ᠵᠢᠶᠠᠨ᠂ ᠶ᠋ᠢᠨ ᠱᠢᠶᠠᠩ ᠵᠢᠶᠦ᠋ᠨ᠂ ᠡᠾᠧ ᠬᠤᠩ ᠵᠢᠶᠦ᠋ᠨ᠂ ᠸᠠᠩ ᠱᠢᠤ ᠪᠢᠨ᠂ ᠯᠢᠨ ᠱᠢᠶᠠᠩ ᠶᠠᠩ᠂ ᠴᠢᠨ ᠱᠦ᠍ ᠲᠦᠩ᠂ ᠶᠤᠸᠠᠨ ᠬᠤᠸᠠ ᡁᠢ᠂ ᠸᠠᠩ ᠴᠥᠨ ᠨᠢᠩ᠂ ᠯᠢ ᠱ᠌ᠢ ᠰᠦᠩ᠂ ᠶᠠᠩ ᠹᠠ ᠰᠧᠨ᠂ ᠵᠦ᠍ ᡁᠢ ᠰᠦᠩ᠂ ᠵᠠᠩ ᠹᠧᠩ ᠵᠦᠩᠳᠤ ᠦᠭ᠌ᠭᠦᠭ᠌ᠰᠡᠨ ᠨᠠᠮ᠎ᠡᠴᠡ ᠬᠥᠭᠡᠭᠡᠬᠦ᠌ ᠱᠢᠢᠳᠭᠡᠯ᠎ᠢ ᠨᠤᠲᠠᠯᠠᠪᠠ᠃
ᠪᠦᠬᠦᠳᠡ ᠬᠤᠷᠠᠯ᠎ᠡᠴᠡ ᠤᠷᠢᠶᠠᠯᠠᠭ᠍ᠰᠠᠨᠨᠢ᠂ ᠪᠥᠬᠦ᠌ ᠨᠠᠮ ᠪᠥᠬᠦ᠌ ᠴᠡᠷᠢᠭ ᠪᠥᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ᠎ᠵᠢᠨ᠎ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠤᠷᠢᠨ᠎ᠳᠤ ᠨᠡᠩ ᠢᠯᠡᠭᠦᠦ ᠨᠢᠭ᠍ᠳᠠᠷᠠᠨ ᠪᠦᠯᠭᠦᠮᠳᠡᠵᠤ᠂ ᠨᠡᠢᠭᠡᠮ ᠵᠢᠷᠤᠮ᠎ᠤᠨ ᠣᠳᠤᠭᠢᠴᠢᠯᠠᠯᠲᠠᠶ᠋ᠢ ᠦᠨᠳᠦᠰᠤᠨ᠎ᠳᠡᠭᠡᠨ ᠪᠡᠶᠡᠯᠡᠭᠦᠯᠬᠦ᠌᠎ᠶ᠋ᠢᠨ ᠲᠦᠯᠤᠭᠡ ᠬᠠᠮᠲᠤ᠎ᠪᠠᠷ ᠲᠡᠮᠡᠴᠡᠵᠤ᠂ ᠳᠤᠮᠳᠠᠲᠤ ᠤᠯᠤᠰ᠎ᠤᠨ ᠮᠠᠶᠢᠭ᠎ᠤᠨ ᠤᠳᠤᠭᠢᠴᠢᠯᠡᠯᠲᠠᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠣᠲᠠᠨᠤ ᠰᠡᠷᠭᠦᠨ ᠮᠡᠨᠳᠤᠯᠲᠠᠶ᠋ᠢᠨ ᠠᠭᠤᠤ ᠦᠢᠯᠡᠰ᠎ᠢ ᠪᠥᠬᠦ᠌ ᠲᠠᠯ᠎ᠠ᠎ᠪᠠᠷ ᠠᠬᠢᠭᠤᠯᠬᠤ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠨ ᠨᠡᠬᠡᠭᠡᠶᠡ᠃
ᠰᠢᠨᠬᠤᠸᠠ ᠬᠣᠷᠢᠶ᠎ᠠ᠎ᠶᠢᠨ ᠪᠡᠭᠡᠵᠢᠩ᠎ᠤᠨ 10 ᠰᠠᠷ᠎ᠠ ᠵᠢᠨ 23 ᠤ᠋ ᠴᠠᠬᠢᠯᠭᠠᠨ ᠮᠡᠳᠡᠭᠡ