11 ᠰᠠᠷ᠎ᠠ᠎ᠶᠢᠨ 1 ᠦ ᠡᠳᠦᠷ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠶᠧᠵᠢᠫᠲ᠎ᠦᠨ ᠶᠡᠷᠦᠩᠬᠡᠢᠯᠡᠭᠴᠢ ᠰᠠᠢ᠍ᠢᠰᠢᠳᠤ ᠪᠠᠶᠠᠷ᠎ᠤᠨ ᠵᠠᠬᠢᠳᠠᠯ ᠢᠯᠡᠭᠡᠵᠦ᠂ ᠶᠡᠬᠡ ᠶᠧᠵᠢᠫᠲ᠎ᠦᠨ ᠮᠦᠽᠧᠢ᠎ᠶᠢᠨ ᠨᠡᠭᠡᠭᠡᠯᠲᠡᠬᠢᠭᠰᠡᠨᠳᠦ ᠪᠠᠶᠠᠷ ᠬᠦᠷᠭᠡᠪᠡ᠃
ᠰᠢ᠎ᠵᠢᠨ᠎ᠫᠢᠩ᠂ ᠶᠡᠬᠡ ᠶᠧᠵᠢᠫᠲ᠎ᠦᠨ ᠮᠦᠽᠧᠢ᠎ᠶᠢᠨ ᠨᠡᠭᠡᠭᠡᠯᠲᠡ ᠬᠢᠬᠦ ᠲᠠᠰᠢᠷᠠᠮ᠎ᠢᠶᠠᠷ᠂ ᠪᠢ ᠶᠡᠷᠦᠩᠬᠡᠢᠯᠡᠭᠴᠢ ᠰᠠᠢ᠍ᠢᠰᠢ ᠪᠣᠯᠣᠨ ᠶᠧᠵᠢᠫᠲ᠎ᠦᠨ ᠠᠷᠠᠳ ᠲᠦᠮᠡᠨ᠎ᠳᠦ ᠴᠢᠩ ᠰᠡᠳᠬᠢᠯ᠎ᠦᠨ ᠪᠠᠶᠠᠷ ᠬᠦᠷᠭᠡᠵᠦ ᠪᠠᠢᠨ᠎ᠠ᠃ ᠶᠡᠬᠡ ᠶᠧᠵᠢᠫᠲ᠎ᠦᠨ ᠮᠦᠽᠧᠢ ᠨᠢ ᠶᠧᠵᠢᠫᠲ᠎ᠦᠨ ᠰᠣᠶᠣᠯ᠎ᠤᠨ ᠲᠡᠦᠬᠡᠨ᠎ᠳᠦ ᠭᠡᠷᠡᠯ ᠰᠠᠴᠤᠷᠠᠨᠭᠭᠤᠢ ᠨᠢᠭᠡ ᠬᠠᠭᠤᠳᠠᠰᠤ᠎ᠶᠢ ᠪᠢᠴᠢᠭᠯᠡᠨ ᠦᠯᠡᠳᠡᠭᠡᠵᠦ᠂ ᠡᠷᠲᠡᠨ᠎ᠦ ᠶᠧᠵᠢᠫᠲ᠎ᠦᠨ ᠪᠣᠯᠪᠠᠰᠤᠨ᠎ᠢ ᠬᠠᠮᠠᠭᠠᠯᠠᠨ ᠤᠯᠠᠮᠵᠢᠯᠠᠬᠤ᠎ᠳᠤ ᠴᠢᠬᠤᠯᠠ ᠦᠢᠯᠡᠳᠦᠯ ᠦᠵᠡᠭᠦᠯᠦᠨ᠎ᠡ ᠭᠡᠳᠡᠭ᠎ᠢ ᠢᠲᠡᠭᠡᠵᠦ ᠪᠠᠢᠨ᠎ᠠ ᠭᠡᠵᠦ ᠢᠯᠡᠳᠭᠡᠪᠡ᠃
ᠰᠢ᠎ᠵᠢᠨ᠎ᠫᠢᠩ᠂ ᠳᠤᠮᠳᠠᠳᠤ ᠤᠯᠤᠰ ᠪᠣᠯᠣᠨ ᠶᠧᠵᠢᠫᠲ᠎ᠦᠨ ᠨᠥᠬᠥᠷᠯᠡᠯ ᠥᠨᠢ ᠤᠳᠠᠭᠠᠨ ᠲᠡᠦᠬᠡ ᠲᠠᠢ ᠶᠤᠮ᠃ ᠣᠢᠷ᠎ᠠ᠎ᠶᠢᠨ ᠵᠢᠯ᠎ᠡᠴᠡ᠂ ᠳᠤᠮᠳᠠᠳᠤ ᠶᠧᠵᠢᠫᠲ᠎ᠦᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠥᠷᠨᠢᠭᠦᠨ ᠬᠥᠭᠵᠢᠵᠦ᠂ ᠬᠣᠶᠠᠷ ᠤᠯᠤᠰ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ ᠵᠢᠨ ᠭᠡᠷᠡᠯ ᠭᠢᠯᠪᠠᠭ᠎ᠠ ᠵᠠᠯᠭᠠᠭ᠎ᠠ ᠪᠡᠷ ᠢᠯᠡᠷᠡᠭᠰᠡᠨ ᠪᠠᠢᠨ᠎ᠠ᠃ ᠱᠠᠩᠬᠠᠢ ᠶᠢᠨ ᠮᠦᠽᠧᠢ᠎ᠶᠢᠨ 《ᠡᠷᠲᠡᠨ᠎ᠦ ᠶᠧᠵᠢᠫᠲ᠎ᠦᠨ ᠪᠣᠯᠪᠠᠰᠤᠨ᠎ᠤ ᠦᠵᠡᠰᠬᠦᠯᠡᠩ》 ᠠᠮᠵᠢᠯᠲᠠ ᠲᠠᠢ ᠶᠠᠪᠤᠭᠳᠠᠵᠤ᠂ ᠳᠤᠮᠳᠠᠳᠤ ᠶᠧᠵᠢᠫᠲ᠎ᠦᠨ ᠬᠠᠮᠲᠤᠷᠠᠭᠰᠠᠨ ᠬᠠᠭᠤᠴᠢ ᠰᠤᠳᠤᠯᠤᠯ᠎ᠤᠨ ᠠᠩᠭᠢ ᠶᠠᠭ ᠰᠠᠺᠠᠷᠨ ᠫᠢᠷᠠᠮᠢᠳ᠋ ᠰᠤᠪᠤᠷᠭᠠᠳᠤᠤᠷᠠ ᠡᠷᠲᠡᠨ᠎ᠦ ᠶᠧᠵᠢᠫᠲ᠎ᠦᠨ ᠭᠠᠢᠬᠠᠮᠰᠢᠭᠳᠤ ᠪᠣᠯᠪᠠᠰᠤᠨ᠎ᠢ ᠬᠠᠮᠲᠤ᠎ᠪᠠᠷ ᠬᠠᠢᠨ ᠰᠦᠪᠡᠭᠴᠢᠯᠡᠵᠦ ᠪᠠᠢᠨ᠎ᠠ᠃ ᠬᠣᠶᠠᠷ ᠶᠡᠬᠡ ᠡᠷᠲᠡᠨ᠎ᠦ ᠪᠣᠯᠪᠠᠰᠤᠨ ᠦᠭᠡᠳᠡ ᠦᠭᠡᠳᠡᠡᠴᠡᠪᠡᠨ ᠲᠡᠮᠡᠤᠯᠵᠤ᠂ ᠬᠣᠶᠠᠷ ᠤᠯᠤᠰ᠎ᠤᠨ ᠠᠷᠠᠳ ᠲᠦᠮᠡᠨ ᠡᠳᠦᠷ ᠢᠷᠡᠬᠦᠶ᠎ᠡ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠵᠤ ᠪᠠᠢᠬᠤ᠎ᠶᠢ ᠪᠢᠳᠡ ᠪᠠᠶᠠᠷᠲᠠᠢ ᠣᠯᠵᠤ ᠬᠠᠷᠠᠯ᠎ᠠ᠃ ᠣᠳᠣᠬᠠᠨ᠎ᠳᠤ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠤᠨ ᠠᠬᠢᠵᠤ ᠪᠠᠢᠨ᠎ᠠ᠂ ᠳᠤᠮᠳᠠᠳᠤ ᠶᠧᠵᠢᠫᠲ ᠬᠣᠶᠠᠷ ᠶᠡᠬᠡ ᠡᠷᠲᠡᠨ᠎ᠦ ᠪᠣᠯᠪᠠᠰᠤᠨ ᠤᠯᠤᠰ ᠪᠣᠯᠪᠠᠰᠤᠨ᠎ᠢᠶᠠᠨ ᠬᠠᠷᠢᠯᠴᠠᠨ ᠲᠣᠯᠢᠯᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ ᠶᠧᠵᠢᠫᠲ᠎ᠦᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠥᠭᠵᠢᠯᠲᠡ᠎ᠳᠦ ᠲᠠᠰᠤᠷᠠᠯᠳᠠ ᠦᠭᠡᠢ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠪᠣᠯᠪᠠᠰᠤᠨ᠎ᠤ ᠬᠦᠴᠦᠨ᠎ᠢ ᠨᠢᠭ᠍ᠲᠠᠷᠠᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃
ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 2 ᠤ᠋ᠨ ᠴᠠᠬᠢᠯᠭᠠᠨ ᠮᠡᠳᠡᠭᠡ