10 ᠳ᠋ᠤᠭᠠᠷ ᠰᠠᠷ᠎ᠠ᠎ᠶᠢᠨ 12᠎ᠤᠨ ᠡᠳᠦᠷ᠂ ᠳᠥᠷᠪᠡᠳᠦᠭᠡᠷ ᠬᠤᠭᠤᠴᠠᠭᠠᠨ᠎ᠤ ᠺᠠᠢ ᠶᠠᠩ ᠬᠤᠨᠳᠠᠭᠠᠲᠤ (2025) ᠵᠡᠮᠳᠡᠭ ᠥᠷᠢᠰᠦᠯᠳᠦᠭᠴᠢᠳ᠎ᠦᠨ ᠤᠷᠤᠯᠳᠤᠭᠠᠨ ᠠᠯᠠᠱᠠ ᠠᠢᠮᠠᠭ᠎ᠤᠨ ᠠᠯᠠᠱᠠ ᠪᠠᠷᠠᠭᠤᠨ ᠬᠣᠰᠢᠭᠤᠨ᠎ᠤ ᠳᠡᠯᠡᠬᠡᠢ᠎ᠶᠢᠨ ᠪᠠᠢᠭᠠᠯᠢ᠎ᠶᠢᠨ ᠥᠪ᠎ᠦᠨ ᠭᠠᠵᠠᠷ — ᠪᠠᠳᠠᠢ᠎ᠶᠢᠨ ᠵᠢᠷᠠᠨᠦ ᠭᠠᠵᠠᠷ ᠰᠢᠨᠵᠢᠯᠡᠭᠡᠨ᠎ᠦ ᠴᠡᠴᠡᠷᠯᠢᠭ᠎ᠲᠦ ᠡᠬᠢᠯᠡᠪᠡ᠃ ᠲᠤᠰ ᠬᠤᠭᠤᠴᠠᠭᠠᠨ᠎ᠤ ᠤᠷᠤᠯᠳᠤᠭᠠᠨ᠎ᠢᠶᠡᠷ ᠪᠦᠬᠦ ᠤᠯᠤᠰ᠎ᠤᠨ 22 ᠮᠤᠵᠢ᠂ ᠣᠷᠣᠨ᠂ ᠬᠤᠳᠠ᠎ᠶᠢᠨ 208 ᠵᠡᠮᠳᠡᠭ ᠲᠠᠮᠢᠷᠴᠢᠨ ᠰᠦᠷᠯᠢᠭ ᠰᠠᠢᠬᠠᠨ ᠪᠠᠳᠠᠢ᠎ᠶᠢᠨ ᠵᠢᠷᠠᠨ ᠡᠯᠡᠰᠦ᠎ᠳᠦ ᠴᠤᠭᠯᠠᠷᠠᠵᠤ᠂ ᠮᠡᠷᠭᠡᠵᠢᠯ᠎ᠢᠶᠡᠨ ᠰᠣᠷᠢᠵᠤ ᠬᠦᠰᠡᠯ᠎ᠢᠶᠠᠨ ᠪᠡᠶᠡᠯᠡᠭᠦᠯᠬᠦ ᠠᠶᠠᠯᠠᠯ᠎ᠢᠶᠠᠨ ᠡᠬᠢᠯᠡᠭᠦᠯᠵᠡᠢ᠃
ᠣᠢᠯᠠᠭᠠᠭᠰᠠᠨ᠎ᠢᠶᠠᠷ᠂ ᠲᠣᠰ ᠬᠤᠭᠤᠴᠠᠭᠠᠨ᠎ᠤ ᠤᠷᠤᠯᠳᠤᠭᠠᠨ᠎ᠢ ᠳᠤᠮᠳᠠᠳᠤ ᠤᠯᠤᠰ᠎ᠤᠨ ᠵᠡᠮᠳᠡᠭᠴᠦᠳ᠎ᠦᠨ ᠬᠣᠯᠪᠣᠭᠠᠲᠤ ᠬᠤᠷᠠᠯ᠎ᠤᠨ ᠪᠡᠶ᠎ᠡ᠎ᠶᠢᠨ ᠲᠠᠮᠢᠷ᠎ᠤᠨ ᠬᠡᠯᠲᠡᠰ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠬᠣᠯᠪᠣᠭᠠᠲᠤ ᠬᠤᠷᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠠᠰᠠᠷᠠᠮᠵᠢ᠎ᠶᠢᠨ ᠰᠠᠭᠤᠷᠢ ᠮᠥᠩᠭᠥᠨ᠎ᠦ ᠨᠡᠢᠭᠡᠮᠯᠢᠭ᠂ ᠠᠯᠠᠱᠠ ᠠᠢᠮᠠᠭ᠎ᠤᠨ ᠵᠠᠬᠢᠷᠭ᠎ᠠ ᠬᠠᠮᠲᠤᠷᠠᠨ ᠡᠷᠭᠢᠯᠡᠵᠦ᠂ ᠠᠯᠠᠱᠠ ᠠᠢᠮᠠᠭ᠎ᠤᠨ ᠵᠡᠮᠳᠡᠭᠴᠦᠳ᠎ᠦᠨ ᠬᠣᠯᠪᠣᠭᠠᠲᠤ ᠬᠤᠷᠠᠯ᠂ ᠠᠯᠠᠱᠠ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠳᠠᠭᠠᠭᠠᠴᠢᠯᠠᠨ ᠡᠷᠭᠢᠯᠡᠵᠦ᠂ ᠠᠩᠬ᠎ᠠ ᠤᠳᠠᠭ᠎ᠠ 《 ᠤᠯᠤᠰ᠎ᠤᠨ ᠲᠠᠰ᠎ᠤᠨ ᠵᠢᠯᠣᠭᠣᠳᠤᠯᠭ᠎ᠠ + ᠣᠷᠣᠨ ᠨᠤᠲᠤᠭ᠎ᠤᠨ ᠣᠨᠴᠠᠯᠢᠭ᠋ ᠪᠦᠬᠦᠢ》 ᠤᠷᠤᠯᠳᠤᠭᠠᠨ ᠡᠷᠭᠢᠯᠡᠬᠦ ᠲᠥᠯᠥᠪ ᠪᠠᠢᠳᠠᠯ᠎ᠢ ᠪᠣᠶ ᠪᠣᠯᠭᠠᠭᠰᠠᠨ ᠪᠠᠢᠨ᠎ᠠ᠃ ᠤᠷᠤᠯᠳᠤᠭᠠᠨ᠎ᠳᠤ ᠣᠷᠣᠯᠴᠠᠬᠤ ᠲᠠᠮᠢᠷᠴᠢᠳ᠎ᠲᠤ ᠪᠡᠶ᠎ᠡ ᠮᠥᠴᠢ ᠵᠡᠮᠳᠡᠭ᠂ ᠬᠡᠯᠡ ᠰᠣᠨᠣᠷ ᠵᠡᠮᠳᠡᠭ᠂ ᠬᠠᠷᠠᠭ᠎ᠠ ᠵᠡᠮᠳᠡᠭ ᠵᠡᠷᠭᠡ ᠬᠥᠮᠥᠰ᠎ᠢ ᠪᠠᠭᠲᠠᠭᠠᠪᠠ; ᠡᠭᠦᠨ᠎ᠦ ᠬᠠᠮᠲᠤ ᠤᠷᠤᠯᠳᠤᠭᠠᠨ᠎ᠳᠤ ᠣᠷᠣᠯᠴᠠᠬᠤ ᠲᠠᠮᠢᠷᠴᠢᠳ᠎ᠤᠨ ᠨᠠᠰᠤᠨ᠎ᠤ ᠵᠥᠷᠢᠶ᠎ᠡ ᠨᠢ ᠶᠡᠬᠡ ᠪᠠᠢᠵᠤ᠂ ᠨᠠᠰᠤ᠎ᠪᠠᠷ ᠬᠠᠮᠤᠭ᠎ᠤᠨ ᠪᠠᠭ᠎ᠠ ᠲᠠᠮᠢᠷᠴᠢᠨ ᠨᠢ 17 ᠲᠠᠢ᠂ ᠨᠠᠰᠤ᠎ᠪᠠᠷ ᠬᠠᠮᠤᠭ᠎ᠤᠨ ᠥᠨᠳᠥᠷ ᠲᠠᠮᠢᠷᠴᠢᠨ ᠨᠢ 70 ᠬᠦᠷᠴᠦ᠂ ᠠᠳᠠᠯᠢ ᠪᠤᠰᠤ ᠨᠠᠰᠤᠨ᠎ᠤ ᠲᠠᠮᠢᠷᠴᠢᠳ ᠡᠷᠡᠰ ᠬᠠᠲᠠᠭᠤ ᠵᠣᠷᠢᠭ᠋ ᠶᠢ ᠡᠪᠦᠷᠯᠡᠨ 《ᠥᠪᠡᠷ ᠲᠠᠢ᠎ᠪᠠᠨ ᠥᠷᠢᠰᠦᠯᠳᠦᠬᠦ》 ᠤᠷᠤᠯᠳᠤᠭᠠᠨ᠎ᠤ ᠵᠣᠷᠢᠭ᠋ ᠰᠠᠨᠠᠭ᠎ᠠ ᠲᠠᠢ ᠪᠠᠢᠬᠤ᠎ᠶᠢ ᠬᠠᠷᠠᠭᠤᠯᠪᠠ᠃
ᠬᠣᠶᠠᠷ ᠡᠳᠦᠷ᠎ᠦᠨ ᠤᠷᠤᠯᠳᠤᠭᠠᠨ᠎ᠳᠤ᠂ ᠪᠠᠶᠠᠯᠢᠭ ᠠᠭᠤᠯᠭ᠎ᠠ ᠲᠠᠢ ᠤᠯᠠᠨ ᠡᠰᠢᠲᠦ ᠤᠷᠤᠯᠳᠤᠭᠠᠨ ᠪᠠ ᠪᠡᠶᠡᠴᠢᠯᠡᠨ ᠮᠡᠳᠡᠷᠡᠬᠦ ᠠᠵᠢᠯᠯᠠᠭ᠎ᠠ ᠳᠣᠬᠢᠷᠠᠭᠤᠯᠤᠭᠰᠠᠨ ᠮᠥᠷᠲᠡᠭᠡᠨ ᠵᠣᠬᠢᠶᠠᠨ ᠪᠠᠶ᠋ᠢᠭᠤᠯᠬᠤ ᠺᠣᠮᠢᠰ ᠨᠢ ᠪᠠᠳᠠᠢ᠎ᠶᠢᠨ ᠵᠢᠷᠠᠨ ᠡᠯᠡᠰᠦ᠎ᠶᠢᠨ ᠨᠠᠷᠢᠨ ᠪᠤᠳᠤᠯᠢᠶᠠᠨᠲᠠᠢ ᠭᠠᠵᠠᠷ᠎ᠤᠨ ᠪᠠᠢᠴᠠ᠎ᠳᠤ ᠴᠢᠭᠯᠡᠭᠦᠯᠵᠦ᠂ ᠡᠯᠸᠺᠲᠷᠣᠨ ᠵᠠᠮᠴᠢᠯᠠᠭᠤᠷ ᠨᠢᠳᠦᠨ ᠰᠢᠯ᠂ ᠡᠯᠸᠺᠲᠷᠣᠨ ᠬᠥᠲᠥᠴᠢ ᠨᠣᠬᠠᠢ ᠵᠡᠷᠭᠡ ᠲᠤᠨᠤᠭ ᠲᠥᠬᠦᠭᠡᠷᠦᠮᠵᠢ᠎ᠶᠢ ᠳᠣᠬᠢᠷᠠᠭᠤᠯᠤᠨ᠂ ᠬᠠᠷᠠᠭ᠎ᠠ ᠵᠡᠮᠳᠡᠭ ᠲᠠᠮᠢᠷᠴᠢᠳ᠎ᠲᠤ ᠣᠨᠣᠪᠴᠢᠲᠠᠢ ᠵᠢᠯᠤᠭᠤᠳᠤᠯᠭ᠎ᠠ ᠪᠠ ᠠᠮᠤᠷ ᠲᠦᠪᠰᠢᠨ᠎ᠦ ᠪᠠᠲᠤᠯᠠᠭ᠎ᠠ ᠬᠠᠩᠭᠠᠵᠠᠢ; ᠤᠷᠤᠯᠳᠤᠭᠠᠨ᠎ᠤ ᠬᠤᠭᠤᠴᠠᠭᠠᠨ᠎ᠳᠤ ᠪᠠᠰᠠ ᠲᠦᠳᠡᠭ ᠭᠠᠯ᠎ᠤᠨ ᠦᠳᠡᠰᠢᠯᠡᠭᠡ᠂ ᠡᠯᠡᠰᠦᠨ ᠴᠦᠯ᠎ᠢᠶᠡᠷ ᠡᠷᠳᠡᠨᠢ ᠬᠠᠢᠬᠤ ᠵᠡᠷᠭᠡ ᠠᠵᠢᠯᠯᠠᠭ᠎ᠠ᠎ᠶᠢ ᠵᠡᠷᠭᠡ᠎ᠪᠡᠷ ᠥᠷᠨᠢᠭᠦᠯᠵᠦ᠂ ᠤᠷᠤᠯᠳᠤᠭᠠᠨ᠎ᠤ ᠴᠢᠯᠦᠭᠡ ᠵᠠᠪ᠎ᠢᠶᠠᠷ ᠲᠠᠮᠢᠷᠴᠢᠳ᠎ᠲᠤ ᠠᠯᠠᠱᠠ᠎ᠶᠢᠨ ᠠᠮᠢ ᠠᠬᠤᠢ᠎ᠶᠢᠨ ᠰᠠᠢᠬᠠᠨ ᠬᠢᠭᠡᠳ ᠬᠥᠮᠥᠨ ᠰᠣᠶᠣᠯ᠎ᠤᠨ ᠭᠠᠢᠬᠠᠮᠰᠢᠭ᠋᠎ᠢ ᠮᠡᠳᠡᠷᠡᠭᠦᠯᠪᠡ᠃