10 ᠳ᠋ᠤᠭᠠᠷ ᠰᠠᠷ᠎ᠠ᠎ᠶᠢᠨ 9᠎ᠦ ᠡᠳᠦᠷ᠂ ᠤᠯᠤᠰ᠎ᠤᠨ ᠳᠣᠲᠣᠭᠠᠳᠤ᠎ᠳᠠᠬᠢ ᠠᠩᠬᠠᠳᠠᠭ᠍ᠴᠢ ᠵᠠᠳᠠᠭᠠᠢ ᠨᠡᠭᠦᠷᠡᠰᠦᠨ ᠠᠭᠤᠷᠬᠠᠢ᠎ᠶᠢᠨ TRD ᠠᠵᠢᠯ᠎ᠤᠨ ᠠᠷᠭ᠎ᠠ᠎ᠪᠠᠷ ᠤᠰᠤ ᠬᠣᠷᠢᠭ᠍ᠯᠠᠬᠤ ᠬᠥᠰᠢᠭᠡ᠎ᠶᠢᠨ ᠢᠨᠵᠧᠨᠧᠷᠢᠩ᠎ᠦᠨ ᠲᠥᠷᠥᠯ ᠵᠦᠢᠯ᠎ᠢ ᠤᠯᠤᠰ᠎ᠤᠨ ᠴᠠᠬᠢᠯᠭᠠᠨ ᠬᠦᠴᠦᠨ᠎ᠦ ᠪᠡᠯᠡ ᠣᠷᠣᠭᠤᠯᠤᠯᠲᠠ᠎ᠶᠢᠨ ᠵᠠᠬ᠎ᠠ ᠨᠠᠭᠤᠷ᠎ᠤᠨ ᠵᠠᠳᠠᠭᠠᠢ ᠨᠡᠭᠦᠷᠡᠰᠦᠨ ᠠᠭᠤᠷᠬᠠᠢ᠎ᠳᠤ ᠵᠢᠩᠬᠢᠨᠢ᠎ᠪᠡᠷ ᠠᠵᠢᠯ ᠡᠬᠢᠯᠡᠭᠦᠯᠪᠡ᠃ ᠲᠣᠰ ᠲᠦᠷᠦᠯ ᠵᠦᠢᠯ ᠨᠢ ᠵᠠᠬ᠎ᠠ ᠨᠠᠭᠤᠷ᠎ᠤᠨ ᠵᠠᠳᠠᠭᠠᠢ ᠠᠭᠤᠷᠬᠠᠢ᠎ᠶᠢᠨ ᠤᠰᠤ ᠦᠭᠡᠢᠳᠡᠭᠦᠯᠦᠨ ᠲᠠᠲᠠᠷᠠᠭᠤᠯᠬᠤ ᠠᠰᠢᠭ᠍ᠯᠠᠮᠵᠢ᠎ᠪᠠᠷ ᠳᠣᠣᠷ᠎ᠠ᠂ ᠦᠶᠡᠯᠡᠯ ᠨᠢ ᠤᠷᠳᠤ᠂ ᠵᠥᠭᠡᠯᠡᠨ ᠴᠢᠯᠠᠭᠤᠯᠢᠭ᠋ᠤᠨ ᠤᠰᠤ ᠡᠯᠪᠡᠭ ᠬᠠᠵᠠᠭᠤ᠎ᠶᠢᠨ ᠲᠣᠭᠲᠠᠪᠤᠷᠢᠲᠤ ᠴᠢᠨᠠᠷ᠎ᠢᠶᠠᠷ ᠠᠨᠠᠢ᠂ ᠠᠶᠤᠯ ᠦᠭᠡᠢ ᠦᠢᠯᠡᠳᠪᠦᠷᠢᠯᠡᠯ ᠪᠠ ᠭᠠᠵᠠᠷ ᠳᠣᠣᠷᠠᠬᠢ ᠤᠰᠤᠨ᠎ᠤ ᠡᠬᠢ ᠰᠤᠷᠪᠤᠯᠵᠢ᠎ᠶᠢᠨ ᠬᠠᠮᠠᠭᠠᠯᠠᠯᠲᠠ᠎ᠶᠢᠨ ᠳᠠᠷᠤᠯᠲᠠ ᠶᠡᠬᠡ ᠵᠡᠷᠭᠡ ᠬᠦᠴᠢᠷ ᠠᠰᠠᠭᠤᠳᠠᠯ᠎ᠢ ᠦᠨᠳᠦᠰᠦᠨ᠎ᠡᠴᠡ ᠨᠢ ᠰᠢᠢᠳᠪᠦᠷᠢᠯᠡᠵᠦ᠂ ᠠᠵᠤ ᠠᠬᠤᠢᠯᠠᠯ᠎ᠤᠨ ᠡᠷᠡᠭᠦᠯ᠎ᠢᠶᠡᠷ ᠦᠷᠭᠦᠯᠵᠢᠯᠡᠨ ᠬᠥᠭᠵᠢᠬᠦ᠎ᠳᠦ ᠰᠢᠨ᠎ᠡ ᠬᠥᠳᠡᠯᠭᠡᠭᠴᠢ ᠡᠨ᠋ᠸᠷᠬᠢ ᠨᠡᠮᠡᠷᠢᠯᠡᠬᠦ ᠪᠣᠯᠣᠨ᠎ᠠ᠃
ᠲᠥᠷᠥᠯ ᠵᠦᠢᠯ᠎ᠢ ᠪᠠᠢᠭᠤᠯᠵᠤ ᠳᠠᠭᠤᠰᠤᠭᠰᠠᠨ᠎ᠢ ᠳᠠᠷᠠᠭ᠎ᠠ᠂ ᠤᠰᠤ ᠰᠡᠷᠭᠡᠢᠯᠡᠬᠦ ᠨᠠᠢᠳᠠᠪᠤᠷᠢᠲᠠᠢ ᠬᠠᠯᠬᠠᠪᠴᠢ᠎ᠶᠢ ᠪᠣᠶ ᠪᠣᠯᠭᠠᠵᠤ᠂ ᠮᠠᠯᠲᠠᠬᠤ ᠲᠠᠯᠠᠪᠠᠶ ᠲᠡᠢᠰᠢ ᠨᠡᠪᠴᠢᠬᠦ ᠲᠠᠯᠠᠪᠠᠢ᠎ᠶᠢᠨ ᠣᠢᠷ᠎ᠠ ᠬᠠᠪᠢ᠎ᠳᠠᠬᠢ ᠭᠠᠵᠠᠷ ᠳᠣᠣᠷᠠᠬᠢ ᠤᠰᠤ᠎ᠶᠢ ᠪᠦᠲᠦᠮᠵᠢᠲᠡᠶ ᠬᠣᠷᠢᠭ᠍ᠯᠠᠵᠤ᠂ ᠤᠰᠤ ᠦᠭᠡᠢᠳᠡᠭᠦᠯᠦᠨ ᠲᠠᠲᠠᠷᠠᠭᠤᠯᠬᠤ ᠵᠠᠷᠤᠳᠠᠯ᠎ᠢ ᠰᠢᠭᠤᠳ ᠪᠠᠭᠤᠷᠠᠭᠤᠯᠤᠨ᠂ ᠵᠥᠭᠡᠯᠡᠨ ᠴᠢᠯᠠᠭᠤᠯᠢᠭ᠋ᠤᠨ ᠨᠡᠢᠯᠡᠮᠡᠯ ᠬᠠᠵᠠᠭᠤ᠎ᠶᠢᠨ ᠠᠮᠤᠷ ᠲᠦᠪᠰᠢᠨ ᠲᠣᠭᠲᠠᠭᠤᠨ ᠪᠠᠢᠬᠤ ᠢᠯᠡᠳᠬᠡᠮᠵᠢ᠎ᠶᠢ ᠳᠡᠭᠡᠭᠰᠢᠯᠡᠭᠦᠯᠬᠦ᠎ᠶᠢᠨ ᠬᠠᠮᠲᠤ ᠠᠭᠤᠷᠬᠠᠢ᠎ᠶᠢᠨ ᠳᠣᠣᠷ᠎ᠠ ᠠᠵᠢᠯᠯᠠᠬᠤ ᠣᠷᠴᠢᠨ ᠨᠥᠭᠦᠴᠡᠯ᠎ᠢ ᠰᠠᠢᠵᠢᠷᠠᠭᠤᠯᠵᠤ᠂ ᠮᠠᠯᠲᠠᠬᠤ ᠲᠥᠬᠦᠭᠡᠷᠦᠮᠵᠢ᠎ᠶᠢᠨ ᠠᠰᠢᠭ᠍ᠯᠠᠮᠵᠢ᠎ᠶᠢ ᠳᠡᠭᠡᠭᠰᠢᠯᠡᠭᠦᠯᠬᠦ ᠪᠣᠯᠣᠨ᠎ᠠ᠃ ᠢᠨᠵᠧᠨᠧᠷᠢᠩ᠎ᠦᠨ ᠲᠦᠷᠦᠯ ᠵᠦᠢᠯ ᠨᠢ ᠮᠠᠨ᠎ᠤ ᠤᠯᠤᠰ᠎ᠤᠨ ᠵᠠᠳᠠᠭᠠᠢ ᠨᠡᠭᠦᠷᠡᠰᠦᠨ ᠠᠭᠤᠷᠬᠠᠢ᠎ᠳᠤ ᠭᠠᠵᠠᠷ ᠳᠣᠣᠷᠠᠬᠢ ᠦᠷᠭᠦᠯᠵᠢᠯᠡᠭᠰᠡᠨ ᠠᠳᠠᠯᠢ ᠵᠤᠵᠠᠭᠠᠨ᠎ᠤ ᠬᠡᠮᠵᠢᠶ᠎ᠡ ᠲᠠᠢ ᠱᠦᠢᠨᠢ ᠬᠡᠷᠡᠮ᠎ᠦᠨ ᠠᠵᠢᠯ᠎ᠤᠨ ᠠᠷᠭ᠎ᠠ᠎ᠪᠠᠷ ᠤᠰᠤ᠎ᠶᠢ ᠬᠣᠷᠢᠭ᠍ᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠭᠰᠠᠨ ᠠᠩᠬᠠᠨ᠎ᠤ ᠵᠢᠱ᠌ᠢᠶ᠎ᠡ ᠪᠣᠯᠵᠤ᠂ ᠵᠠᠳᠠᠭᠠᠢ ᠨᠡᠭᠦᠷᠡᠰᠦᠨ ᠠᠭᠤᠷᠬᠠᠢ᠎ᠶᠢᠨ ᠭᠠᠵᠠᠷ ᠳᠣᠣᠷᠠᠬᠢ ᠤᠰᠤ᠎ᠶᠢ ᠡᠵᠡᠮᠳᠡᠬᠦ ᠵᠢᠴᠢ ᠠᠮᠤᠷ ᠲᠦᠪᠰᠢᠨ ᠪᠣᠬᠢᠷᠲᠤᠯ ᠦᠭᠡᠢ᠎ᠪᠡᠷ ᠨᠡᠭᠡᠭᠡᠨ ᠮᠠᠯᠲᠠᠬᠤ᠎ᠳᠤ ᠰᠢᠨ᠎ᠡ ᠰᠡᠳᠬᠢᠮᠵᠢ᠂ ᠰᠢᠨ᠎ᠡ ᠮᠡᠷᠭᠡᠵᠢᠯ᠂ ᠰᠢᠨ᠎ᠡ ᠤᠷᠠᠯᠠᠯ᠎ᠢ ᠬᠠᠩᠭᠠᠭᠰᠠᠨ᠎ᠢᠶᠠᠷ᠎ᠢᠶᠠᠨ ᠮᠠᠨ᠎ᠤ ᠤᠯᠤᠰ᠎ᠤᠨ ᠵᠠᠳᠠᠭᠠᠢ ᠨᠡᠭᠦᠷᠡᠰᠦᠨ ᠠᠭᠤᠷᠬᠠᠢ᠎ᠶᠢ ᠨᠡᠭᠡᠭᠡᠨ ᠬᠥᠭᠵᠢᠭᠦᠯᠬᠦ ᠶᠠᠪᠤᠴᠠ᠎ᠳᠠᠬᠢ ᠠᠮᠢ ᠠᠬᠤᠢ ᠣᠷᠴᠢᠨ ᠲᠣᠭᠣᠷᠢᠨ ᠬᠢᠭᠡᠳ ᠤᠰᠤᠨ᠎ᠤ ᠡᠬᠢ ᠰᠤᠷᠪᠤᠯᠵᠢ᠎ᠶᠢ ᠬᠠᠮᠠᠭᠠᠯᠠᠬᠤ᠂ ᠤᠰᠤᠨ᠎ᠤ ᠠᠶᠤᠯ᠎ᠢ ᠰᠡᠷᠭᠡᠢᠯᠡᠬᠦ ᠪᠠ ᠡᠵᠡᠮᠳᠡᠬᠦ᠎ᠳᠦ ᠵᠢᠱ᠌ᠢᠶ᠎ᠡ ᠦᠵᠡᠭᠦᠯᠦᠨ ᠲᠣᠯᠢᠯᠠᠬᠤ ᠴᠢᠬᠤᠯᠠ ᠠᠴᠢ ᠬᠣᠯᠪᠣᠭᠳᠠᠯ᠎ᠲᠠᠢ ᠶᠤᠮ᠃