ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
《ᠨᠥᠬᠥᠷᠯᠡᠯ᠎ᠦᠨ ᠠᠶᠠᠯᠠᠯ》 ᠣᠷᠣᠰ᠎ᠤᠨ ᠵᠠᠭᠤᠴᠢᠯᠠᠭᠤᠷ᠎ᠤᠨ ᠬᠢᠨ᠎ᠦ ᠳᠤᠮᠳᠠᠳᠤ ᠤᠯᠤᠰ᠎ᠲᠠᠬᠢ ᠠᠶᠠᠯᠠᠯ᠎ᠤᠨ ᠲᠣᠭᠤᠷᠢᠨ ᠠᠢᠯᠴᠢᠯᠠᠬᠤ ᠠᠵᠢᠯᠯᠠᠭ᠎ᠠ ᠡᠬᠢᠯᠡᠪᠡ
ᠨᠡᠶ᠋ᠢᠲᠡᠯᠡᠭᠰᠡᠨ ᠴᠠᠭ᠄ 2025-10-17

10 ᠳ᠋ᠤᠭᠠᠷ ᠰᠠᠷ᠎ᠠ᠎ᠶᠢᠨ 16 ᠎ᠤ ᠡᠳᠦᠷ᠂ 《ᠨᠥᠬᠥᠷᠯᠡᠯ᠎ᠦᠨ ᠠᠶᠠᠯᠠᠯ》 ᠣᠷᠣᠰ᠎ᠤᠨ ᠵᠠᠭᠤᠴᠢᠯᠠᠭᠤᠷ᠎ᠤᠨ ᠬᠢᠨ᠎ᠦ ᠳᠤᠮᠳᠠᠳᠤ ᠤᠯᠤᠰ᠎ᠲᠠᠬᠢ ᠠᠶᠠᠯᠠᠯ᠎ᠤᠨ ᠲᠣᠭᠤᠷᠢᠨ ᠠᠢᠯᠴᠢᠯᠠᠬᠤ ᠠᠵᠢᠯᠯᠠᠭ᠎ᠠ ᠮᠠᠨᠵᠤᠤᠷ ᠬᠣᠲᠠ᠎ᠳᠤ ᠡᠬᠢᠯᠡᠪᠡ᠃ 

ᠲᠣᠰ ᠤᠳᠠᠭᠠᠨ᠎ᠤ ᠠᠵᠢᠯᠯᠠᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠡᠴᠡ ᠭᠣᠣᠯᠯᠠᠨ ᠡᠷᠭᠢᠯᠡᠵᠦ᠂ ᠮᠠᠨᠵᠤᠤᠷ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠳᠠᠭᠠᠭᠠᠨ ᠡᠷᠬᠢᠯᠡᠵᠡᠢ᠂ ᠡᠨᠡ ᠨᠢ 2024 – 2025 《ᠳᠤᠮᠳᠠᠳᠤ ᠪᠠ ᠣᠷᠣᠰ᠎ᠤᠨ ᠰᠣᠶᠣᠯ᠎ᠤᠨ ᠣᠨ》᠎ᠤ ᠲᠦᠷᠦᠭᠦᠴᠦᠳ᠎ᠦᠨ ᠬᠠᠮᠲᠤ᠎ᠶᠢᠨ ᠲᠠᠨᠢᠯᠲᠠ᠎ᠶᠢ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠨᠥᠬᠥᠷᠰᠡᠭ ᠶᠠᠪᠤᠯᠴᠠᠭ᠎ᠠ᠎ᠶᠢ ᠨᠢᠭ᠍ᠲᠠᠷᠠᠭᠤᠯᠬᠤ ᠢᠳᠡᠪᠬᠢᠲᠡᠢ ᠠᠷᠭ᠎ᠠ ᠬᠡᠮᠵᠢᠶ᠎ᠡ ᠪᠣᠯᠣᠨ᠎ᠠ᠃ ᠣᠷᠣᠰ᠎ᠤᠨ ᠤᠯᠠᠭᠠᠨ᠌ᠦ᠌ᠳ᠋ᠡ ᠬᠣᠲᠠ᠂ ᠢᠷᠺᠦ᠋ᠼᠺ ᠬᠣᠲᠠ᠂ ᠴᠢᠲ᠋ᠠ ᠬᠣᠲᠠ ᠵᠡᠷᠭᠡ ᠭᠠᠵᠠᠷ᠎ᠤᠨ ᠰᠣᠨᠢᠨ ᠮᠡᠳᠡᠭᠡᠨ᠎ᠦ ᠭᠣᠣᠯᠴᠢᠯᠠᠨ ᠬᠠᠮᠢᠶᠠᠷᠬᠤ ᠪᠠᠢᠭᠤᠯᠤᠮᠵᠢ᠎ᠶᠢᠨ ᠬᠠᠷᠢᠭᠤᠴᠠᠯᠭᠠᠲᠠᠨ ᠪᠠ ᠵᠠᠭᠤᠴᠢᠯᠠᠭᠤᠷ᠎ᠤᠨ ᠰᠤᠷᠪᠤᠯᠵᠢᠯᠠᠭ᠍ᠴᠢ 11 ᠬᠦᠮᠦᠨ ᠲᠤᠰ ᠠᠵᠢᠯᠯᠠᠭ᠎ᠠ᠎ᠳᠤ ᠣᠷᠣᠯᠴᠠᠵᠠᠢ᠃ 

ᠡᠨᠡ ᠬᠦ᠌ ᠬᠤᠭᠤᠴᠠᠭᠠᠨ᠎ᠳᠤ᠂ ᠲᠣᠭᠣᠷᠢᠨ ᠠᠢᠯᠴᠢᠯᠠᠬᠤ ᠪᠦᠯᠬᠦᠮ ᠵᠧᠵᠢᠶᠠᠩ ᠮᠤᠵᠢ᠎ᠶᠢᠨ ᠬᠠᠩᠵᠧᠦ ᠬᠣᠲᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠴᠢ ᠮᠠᠨᠵᠤᠤᠷ ᠬᠣᠲᠠ᠎ᠳᠤ ᠬᠦᠷᠴᠦ᠂ ᠭᠤᠷᠪᠠᠳᠤᠭᠠᠷ ᠬᠤᠭᠤᠴᠠᠭᠠᠨ᠎ᠤ 《ᠯᠢᠶᠠᠩᠵᠦ᠍᠎ᠶ᠋ᠢᠨ ᠶᠠᠷᠢᠶᠠᠨ᠎ᠤ ᠲᠠᠪᠴᠠᠩ》᠎ᠳᠤ ᠣᠷᠣᠯᠴᠠᠬᠤ ᠪᠣᠯᠣᠨ᠎ᠠ᠂ ᠲᠡᠳᠡ ᠣᠳᠣ᠌ ᠦᠶ᠎ᠡ᠎ᠶᠢᠨ ᠠᠵᠤ ᠠᠬᠤᠢᠯᠠᠯ᠂ ᠢᠷᠡᠭᠡᠳᠦᠢ᠎ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠣᠲᠠ᠂ ᠰᠣᠶᠣᠯ ᠦᠵᠡᠰᠬᠦᠯᠡᠩ᠎ᠦᠨ ᠲᠠᠯᠠᠪᠤᠷ ᠣᠷᠳᠣᠨ᠂ ᠬᠠᠮ ᠵᠠᠭᠤᠴᠢᠯᠠᠭᠤᠷ᠎ᠤᠨ ᠲᠥᠪ ᠵᠡᠷᠭᠡ᠎ᠶ᠋ᠢᠨ ᠲᠤᠬᠠᠢ᠎ᠶ᠋ᠢᠨ ᠭᠠᠵᠠᠷ᠎ᠲᠤ ᠨᠢ ᠬᠦᠷᠴᠦ᠍ ᠰᠤᠷᠪᠤᠯᠵᠢᠯᠠᠨ᠂ ᠴᠢᠨᠠᠷ ᠰᠠᠢᠲᠠᠢ ᠬᠥᠭᠵᠢᠯᠲᠡ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠤᠯᠠᠮᠵᠢᠯᠠᠯᠲᠤ ᠰᠣᠶᠣᠯ᠎ᠢ ᠬᠠᠮᠠᠭᠠᠯᠠᠨ ᠤᠯᠠᠮᠵᠢᠯᠠᠬᠤ᠂ ᠵᠠᠭᠤᠴᠢᠯᠠᠭᠤᠷ᠎ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠭᠤᠯᠭ᠎ᠠ᠎ᠶᠢᠨ ᠲᠣᠭᠣᠷᠢᠨ᠎ᠳᠤ ᠰᠤᠷᠪᠤᠯᠵᠢᠯᠠᠨ ᠮᠡᠳᠡᠭᠡᠯᠡᠬᠦ ᠪᠠ ᠰᠣᠯᠢᠯᠴᠠᠨ ᠲᠣᠯᠢᠳᠠᠪᠠ᠂ ᠲᠤᠬᠠᠢ᠎ᠶᠢᠨ ᠭᠠᠵᠠᠷ᠎ᠲᠤ ᠨᠢ ᠦᠵᠡᠵᠦ ᠰᠣᠨᠣᠰᠤᠭᠰᠠᠨ ᠪᠠ ᠪᠡᠶᠡᠴᠢᠯᠡᠨ ᠣᠢᠯᠠᠭᠠᠬᠤ᠎ᠪᠠᠷ ᠳᠠᠮᠵᠢᠭᠤᠯᠤᠨ᠂ ᠤᠷᠤᠰ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠠᠷᠠᠳ ᠤᠯᠠᠨ᠎ᠳᠤ ᠳᠤᠮᠳᠠᠳᠤ ᠪᠠ ᠤᠷᠤᠰ᠎ᠤᠨ ᠨᠥᠬᠥᠷᠯᠡᠯ᠎ᠦᠨ ᠦᠯᠢᠭᠡᠷ᠎ᠢ ᠰᠠᠢᠲᠤᠷ ᠶᠠᠷᠢᠵᠤ᠂ ᠤᠳᠤ ᠦᠶ᠎ᠡ᠎ᠶᠢᠨ ᠳᠤᠮᠳᠠᠳᠤ ᠤᠯᠤᠰ᠎ᠤᠨ ᠬᠥᠭᠵᠢᠯᠲᠡ᠎ᠶᠢᠨ ᠠᠮᠵᠢᠯᠲᠠ ᠪᠦᠲᠦᠮᠵᠢ ᠪᠣᠯᠣᠨ ᠦᠨᠡᠨ ᠪᠣᠳᠠᠲᠠᠢ ᠳᠦᠷᠰᠦ ᠪᠠᠢᠳᠠᠯ᠎ᠢ ᠤᠬᠠᠭᠤᠯᠤᠨ ᠲᠠᠨᠢᠯᠴᠠᠭᠤᠯᠵᠤ᠂ ᠰᠢᠨ᠎ᠡ ᠴᠠᠭ ᠦᠶ᠎ᠡ᠎ᠳᠠᠬᠢ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠲᠤᠬᠠᠢ ᠣᠢᠯᠠᠭᠠᠯᠲᠠ ᠲᠠᠨᠢᠯᠲᠠ᠎ᠪᠠᠨ ᠨᠡᠮᠡᠭ᠌ᠳᠡᠭᠦᠯᠦᠨ᠎ᠡ᠃ ᠡᠭᠦᠨ᠎ᠦ ᠬᠠᠮᠲᠤ᠂ ᠬᠣᠶᠠᠷ ᠲᠠᠯ᠎ᠠ᠎ᠪᠠᠷ᠎ᠢᠶᠠᠨ ᠳᠤᠮᠳᠠᠳᠤ ᠪᠠ ᠤᠷᠤᠰ᠎ᠤᠨ ᠣᠷᠣᠨ ᠨᠤᠲᠤᠭ᠎ᠤᠨ ᠵᠠᠭᠤᠴᠢᠯᠠᠭᠤᠷ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠍᠂ ᠲᠤᠬ᠍ᠳᠠᠴᠠᠵᠢᠭᠤᠯᠬᠤ᠂ ᠪᠠᠢᠩᠭᠤᠱᠢᠭᠤᠯᠬᠤ ᠬᠥᠭᠵᠢᠯᠲᠡ᠎ᠶᠢ ᠠᠬᠢᠭᠤᠯᠬᠤ ᠲᠠᠯ᠎ᠠ᠎ᠪᠠᠷ ᠰᠠᠨᠠᠯ᠎ᠢᠶᠠᠨ ᠰᠣᠯᠢᠯᠴᠠᠨ ᠶᠠᠷᠢᠯᠴᠠᠵᠤ᠂ ᠬᠠᠮᠲᠤ᠎ᠶᠢᠨ ᠲᠠᠨᠢᠯᠲᠠ᠎ᠲᠠᠢ ᠪᠣᠯᠵᠤ᠂ ᠪᠣᠳᠠᠲᠠᠢ᠎ᠶᠢ ᠡᠷᠬᠢᠮᠯᠡᠭᠰᠡᠨ ᠦᠷ᠎ᠡ ᠪᠦᠲᠦᠭᠡᠯ ᠭᠠᠷᠭᠠᠨ᠎ᠠ᠃ ᠲᠤᠰ ᠠᠵᠢᠯᠯᠠᠭ᠎ᠠ ᠨᠢ 10 ᠳ᠋ᠤᠭᠠᠷ ᠰᠠᠷ᠎ᠠ᠎ᠶ᠋ᠢᠨ 23 ᠎ᠤ ᠡᠳᠦᠷ ᠪᠣᠯᠲᠠᠯ᠎ᠠ ᠦᠷᠭᠦᠯᠵᠢᠯᠡᠨ᠎ᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ