ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠤᠭ᠎ᠠ ᠲᠥᠰᠦᠪ ᠡᠷᠡᠮᠡᠬᠡᠢᠯᠡᠨ ᠤᠷᠤᠭ᠍ᠰᠢᠯᠠᠬᠤ᠎ᠶᠢ ᠵᠤᠷᠢᠭᠵᠢᠭᠤᠯᠵᠤ ᠦᠭᠡᠳᠡᠷᠭᠡᠭ ᠡᠷᠡᠨ᠎ᠳᠦ ᠪᠣᠳᠠᠲᠠᠢ ᠠᠵᠢᠯᠯᠠᠨ ᠪᠠᠲᠤ ᠦᠢᠯᠡᠳᠦᠯᠭᠡᠵᠢᠭᠦᠯᠦᠨ᠎ᠡ — ᠪᠦᠬᠦ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠤᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠪᠠ
ᠨᠡᠶ᠋ᠢᠲᠡᠯᠡᠭᠰᠡᠨ ᠴᠠᠭ᠄ 2025-10-28

 

ᠤᠢ᠍ᠢᠷ᠎ᠠ᠎ᠶᠢᠨ ᠡᠳᠦᠷ ᠎ᠦᠳ ᠎ᠲᠦ᠂ ᠪᠦᠬᠦ᠌ ᠣᠷᠣᠨ᠎ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶᠢ ᠦᠳᠲᠡᠷ ᠲᠦᠷᠭᠡᠨ ᠭᠠᠷᠭᠠᠵᠤ᠂ ᠨᠠᠮ᠎ᠤᠨ ᠲᠥᠪ ᠬᠤᠷᠢᠶ᠎ᠠ᠎ᠶᠢᠨ ᠵᠢᠭᠠᠭ᠍ᠰᠠᠨ ᠵᠥᠪ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠡᠷᠡᠮᠡᠬᠡᠢᠯᠡᠨ ᠤᠷᠤᠭ᠍ᠰᠢᠯᠠᠨ ᠪᠠᠲᠤ ᠦᠢᠯᠡᠳᠦᠯᠭᠡᠵᠢᠭᠦᠯᠵᠦ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶᠢᠨ ᠲᠣᠭᠣᠷᠢᠨ᠎ᠳᠤ ᠡᠷᠡᠯᠬᠡᠭᠯᠡᠨ ᠲᠡᠮᠡᠴᠡᠵᠦ᠍᠂ ᠲᠠᠬᠢᠨ ᠱᠢᠨ᠎ᠡ ᠳᠡᠭ᠌ᠲᠡᠷ ᠎ᠲᠦ ᠭᠠᠷᠬᠤ᠎ᠪᠠᠷ ᠴᠢᠷᠮᠠᠢᠵᠠᠭᠠᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠨᠡᠢᠭᠡᠮ᠎ᠤᠨ ᠠᠵᠢᠯ᠎ᠤᠨ ᠬᠡᠯᠲᠡᠰ᠎ᠤᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠠᠵᠢᠯ᠎ᠤᠨ ᠱᠢᠰᠲ᠋ᠧᠮ ᠪᠣᠯᠤᠨ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠬᠢᠨ ᠨᠠᠮ᠎ᠤᠨ ᠲᠥᠪ ᠬᠤᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠲᠣᠬᠢᠷᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠤᠯᠴᠠᠯᠭ᠎ᠠ ᠰᠤᠳᠤᠯᠤᠨ ᠶᠠᠷᠢᠯᠴᠠᠭ᠎ᠠ᠎ᠶᠢ ᠨᠠᠷᠢᠨ ᠨᠢᠮᠪᠠᠶ ᠵᠣᠬᠢᠶᠠᠨ ᠪᠠᠢᠭᠤᠯᠵᠤ᠂ ᠰᠤᠷᠤᠯᠴᠠᠯᠭ᠎ᠠ ᠪᠣᠯᠪᠠᠰᠤᠷᠠᠯ᠎ᠢ ᠪᠥᠬᠥ᠌ ᠲᠠᠯ᠎ᠠ᠎ᠪᠠᠷ ᠰᠠᠢᠲᠤᠷ ᠠᠳᠭᠤᠵᠤ᠂ ᠤᠬᠠᠭᠤᠯᠭ᠎ᠠ ᠲᠠᠢᠯᠪᠤᠷᠢᠯᠠᠯᠲᠠ᠎ᠶᠢ ᠥᠷᠭᠡᠨ᠎ᠢᠶᠡᠷ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠮ᠎ᠤᠨ ᠡᠭᠦᠷ ᠨᠢᠭᠡ ᠪᠦᠷᠢ᠂ ᠨᠠᠮ᠎ᠤᠨ ᠭᠡᠱᠢᠭᠦᠨ ᠨᠢᠭᠡ ᠪᠦᠷᠢ᠎ᠳᠤ ᠦᠨᠡᠨ ᠬᠦ᠌ ᠤᠯᠠᠮᠵᠢᠯᠠᠵᠤ᠂ ᠬᠦᠮᠦᠨ ᠪᠤᠯᠭᠠᠨ᠎ᠳᠤ ᠲᠠᠮᠵᠢᠭᠤᠯᠵᠤ᠂ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ ᠬᠡᠷᠡᠭ᠌ᠲᠡᠶ᠃ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠠᠵᠢᠯ᠎ᠤᠨ ᠦᠷ᠎ᠡ ᠪᠦᠲᠦᠮᠵᠢ ᠎ᠳᠡᠭᠡᠨ ᠢᠯᠡᠷᠡᠭᠦᠯᠵᠦ᠍᠂ ᠠᠵᠢᠯ᠎ᠤᠨ ᠵᠢᠱ᠌ᠢᠯᠲᠡ᠎ᠶᠢᠨ ᠴᠢᠨᠠᠷ᠎ᠢ ᠴᠢᠩᠭᠠᠳᠭᠠᠨ᠂ ᠠᠵᠢᠯ᠎ᠤᠨ ᠰᠠᠨᠠᠭᠠᠴᠢᠯᠠᠭᠠᠲᠤ ᠴᠢᠨᠠᠷ᠎ᠢ ᠳᠡᠭᠡᠭ᠌ᠰᠢᠯᠡᠭᠦᠯᠵᠦ᠍᠂ ᠠᠵᠢᠯ᠎ᠤᠨ ᠪᠦᠲᠦᠭᠡᠯᠴᠢ ᠴᠢᠨᠠᠷ᠎ᠢ ᠬᠥᠭ᠌ᠵᠢᠭᠡᠨ᠂ ᠲᠤᠰ ᠲᠤᠰ᠎ᠤᠨ ᠠᠵᠢᠯ᠎ᠤᠨ ᠪᠠᠢᠷᠢ ᠎ᠳᠠᠭᠠᠨ ᠠᠵᠢᠯ ᠦᠢᠯᠡᠰ ᠪᠦᠲᠦᠭᠡᠵᠦ᠍᠂ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ(ᠥᠷᠭᠡᠳᠬᠡᠭᠰᠡᠨ)ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠦ᠎ᠶᠢᠨ ᠡᠭᠦᠷᠭᠡ ᠪᠣᠯᠭᠠᠵᠤ᠂ ᠠᠵᠢᠯᠴᠢᠨ᠎ᠤ ᠡᠪᠯᠡᠯ᠎ᠦᠨ ᠰᠢᠰᠲᠧᠮ ᠪᠣᠯᠣᠨ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ᠎ᠤ ᠳᠤᠮᠳᠠ ᠦᠳᠲᠡᠷ ᠲᠦᠷᠭᠡᠨ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ《ᠬᠣᠶᠠᠷ ᠬᠠᠯᠬᠠᠪᠴᠢ》᠂《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢᠨ 27 ᠵᠦᠢᠯ᠎ᠤᠨ ᠭᠣᠣᠯᠳᠠᠯᠭ᠎ᠠ ᠎ᠲᠠᠢ ᠠᠵᠢᠯ᠎ᠢ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠵᠤ᠂ ᠠᠵᠤ ᠦᠢᠯᠡᠰ᠎ᠤᠨ ᠠᠵᠢᠯᠴᠢᠨ᠎ᠤ ᠡᠩᠨᠡᠭᠡ᠎ᠶᠢᠨ ᠪᠠᠢᠭᠤᠯᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠬᠥᠳᠡᠯᠮᠦᠷᠢ ᠪᠠ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠥᠷᠭᠡᠨ᠎ᠢᠶᠡᠷ ᠥᠷᠨᠢᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ᠎ᠤ ᠭᠠᠪᠢᠶ᠎ᠠ ᠪᠠᠢᠭᠤᠯᠵᠤ ᠦᠢᠯᠡᠰ ᠪᠣᠰᠬᠠᠬᠤ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠲᠡᠢ;《ᠳᠤᠮᠳᠠᠳᠤ ᠤᠯᠤᠰ᠎ᠤᠨ ᠠᠵᠢᠯᠴᠢᠨ᠎ᠤ ᠶᠡᠬᠡ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ · ᠥᠪᠥᠷ ᠮᠣᠩᠭᠣᠯ᠎ᠤᠨ ᠬᠠᠭᠤᠳᠠᠰᠤ》᠂ ᠠᠵᠢᠯᠴᠢᠨ᠎ᠤ ᠰᠣᠶᠣᠯ᠎ᠤᠨ ᠣᠷᠳᠣᠨ᠂ ᠤᠮᠠᠷᠠᠲᠤ ᠬᠢᠯᠢ᠎ᠶᠢᠨ ᠠᠵᠢᠯᠲᠠᠨ ᠠᠵᠢᠯᠴᠢᠨ᠎ᠤ ᠤᠯᠠᠭᠠᠨᠮᠥ᠋ᠴᠢᠷ ᠵᠡᠷᠭᠡ ᠤᠯᠠᠨ ᠲᠦᠮᠡᠨ᠎ᠤ ᠦᠵᠡᠵᠦ ᠰᠣᠨᠣᠰᠬᠤ ᠳᠤᠷᠠᠲᠠᠢ ᠠᠴᠢᠶᠠᠯᠠᠪᠤᠷᠢ᠎ᠶᠢᠨ ᠬᠡᠯᠪᠡᠷᠢ᠎ᠪᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠴᠠᠭ ᠲᠤᠬᠠᠢ ᠳ᠋ᠤᠨᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠤᠯᠠᠮᠵᠢᠯᠠᠬᠤ ᠬᠡᠷᠡᠭᠲᠡᠢ;《ᠤᠯᠠᠨ ᠲᠦᠮᠡᠨ᠎ᠤ ᠪᠦᠯᠬᠦᠮ᠎ᠵᠤᠬᠢᠶᠠᠨ ᠪᠠᠢᠭᠤᠯᠤᠯᠳᠠ ᠪᠣᠳᠠᠲᠤ ᠶᠠᠪᠤᠳᠠᠯ ᠬᠢᠬᠦ 》᠂《ᠠᠵᠢᠯᠴᠢᠨ᠎ᠤ ᠡᠪᠯᠡᠯ᠎ᠡᠴᠡ ᠬᠠᠪᠰᠤᠷᠤᠨ ᠠᠵᠢᠯ ᠣᠯᠭᠣᠬᠤ》᠂ 《ᠬᠢᠯᠢ ᠬᠢᠵᠠᠭᠠᠷ᠎ᠢ ᠳᠤᠯᠠᠭᠠᠴᠡᠭᠤᠯᠬᠤ ᠤᠮᠠᠷᠠᠲᠤ ᠬᠢᠯᠢ᠎ᠶᠢᠨ ᠠᠶᠠᠯᠠᠯ》ᠤ᠋ᠨ ᠬᠠᠯᠠᠮᠵᠢᠯᠠᠨ ᠬᠠᠢᠷᠠᠯᠠᠬᠤ ᠠᠵᠢᠯᠯᠠᠭ᠎ᠠ᠂ ᠬᠠᠢᠷ᠎ᠠ ᠬᠠᠯᠠᠮᠵᠢ ᠬᠦᠷᠭᠡᠬᠦ᠂ ᠡᠮᠨᠡᠨ ᠰᠤᠪᠢᠯᠠᠬᠤ᠂ ᠡᠮ ᠡᠮᠨᠡᠯᠭᠡ᠎ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠵᠡᠷᠭᠡ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠣᠳᠠᠲᠤ ᠦᠷ᠎ᠡ ᠪᠦᠲᠦᠮᠵᠢ᠎ᠶᠢ ᠦᠷᠭᠡᠳᠭᠡᠵᠦ᠂ ᠠᠵᠢᠯᠲᠠᠨ ᠠᠵᠢᠯᠴᠢᠨ ᠤᠯᠠᠨ ᠲᠦᠮᠡᠨ᠎ᠦ ᠢᠲᠡᠭᠡᠯ ᠨᠠᠢᠳᠠᠪᠤᠷᠢᠲᠠᠢ 《ᠲᠥᠷᠬᠦᠮ᠎ᠦᠨ ᠬᠥᠮᠥᠨ》 ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠥᠬᠡᠬᠣᠲᠠ᠎ᠶᠢᠨ ᠬᠢᠨ ᠰᠤᠷᠤᠯᠴᠠᠵᠦ ᠰᠤᠳᠤᠯᠤᠨ ᠶᠠᠷᠢᠯᠴᠠᠬᠤ᠎ᠶᠢ ᠨᠢᠮᠪᠠᠢ ᠵᠣᠬᠢᠶᠠᠨ ᠪᠠᠢᠭᠤᠯᠵᠤ᠂ ᠰᠤᠷᠤᠯᠴᠠᠯᠭ᠎ᠠ ᠪᠣᠯᠪᠠᠰᠤᠷᠠᠯ᠎ᠢ ᠪᠦᠬᠦ ᠲᠠᠯ᠎ᠠ᠎ᠪᠠᠷ ᠰᠠᠢᠲᠤᠷ ᠠᠳᠬᠤᠵᠤ᠂ ᠤᠬᠠᠭᠤᠯᠭ᠎ᠠ ᠲᠠᠢᠯᠪᠤᠷᠢᠯᠠᠯᠲᠠ᠎ᠶᠢ ᠥᠷᠭᠡᠨ᠎ᠢᠶᠡᠷ ᠥᠷᠨᠢᠭᠦᠯᠵᠦ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠮ᠎ᠤᠨ ᠡᠭᠦᠷ ᠨᠢᠭᠡ ᠪᠦᠷᠢ᠂ ᠨᠠᠮ᠎ᠤᠨ ᠭᠡᠰᠢᠭᠦᠨ ᠨᠢᠭᠡ ᠪᠦᠷᠢ᠎ᠳᠦ ᠦᠨᠡᠨ ᠬᠦ᠌ ᠤᠯᠠᠮᠵᠢᠯᠠᠪᠠ᠃ ᠬᠣᠢᠰᠢᠳᠠ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠬᠥᠬᠡᠬᠣᠲᠠ᠎ᠶᠢᠨ《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠠᠵᠢᠯ᠎ᠢ ᠲᠦᠷᠭᠡᠳᠬᠡᠨ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ ᠯᠦ᠍ᠭᠡ ᠵᠣᠯᠭᠠᠭᠤᠯᠬᠤ᠎ᠶᠢ ᠴᠢᠩᠭᠠᠳᠬᠠᠵᠤ᠂ ᠣᠷᠣᠨ᠎ᠤ ᠲᠥᠪ᠎ᠦᠨ《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠠᠬᠢ ᠭᠣᠣᠯ ᠬᠠᠷᠠᠯᠲᠠ᠂ ᠭᠣᠣᠯᠳᠠᠯᠭ᠎ᠠ᠎ᠲᠠᠢ ᠡᠭᠦᠷᠭᠡ ᠪᠠ ᠴᠢᠬᠤᠯᠠ ᠶᠡᠬᠡ ᠲᠥᠷᠥᠯ ᠵᠦᠢᠯ᠎ᠦᠨ ᠲᠤᠯᠭᠠᠭᠤᠷᠢᠯᠠᠯ᠎ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠵᠤ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ᠋᠎ᠢ ᠲᠠᠰᠤᠷᠠᠯᠲᠠ ᠦᠭᠡᠢ ᠵᠤᠵᠠᠭᠠᠳᠬᠠᠨ᠎ᠠ᠃ ᠰᠤᠷᠤᠯᠴᠠᠯᠭ᠎ᠠ᠎ᠶᠢᠨ ᠦᠷ᠎ᠡ ᠪᠦᠲᠦᠭᠡᠯ ᠎ᠢᠶᠡᠨ ᠪᠣᠳᠠᠲᠠᠢ ᠠᠵᠢᠯ᠎ᠤᠨ ᠦᠷ᠎ᠡ ᠪᠦᠲᠦᠮᠵᠢ ᠳᠤᠮᠳᠠ ᠢᠯᠡᠷᠡᠭᠦᠯᠵᠦ᠂ ᠣᠳᠣᠬᠠᠨ᠎ᠤ ᠭᠣᠣᠯᠳᠠᠯᠭ᠎ᠠ᠎ᠲᠠᠢ ᠠᠵᠢᠯ᠎ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠵᠤ ᠠᠬᠤᠢ᠎ᠶᠢᠨ ᠡᠷᠭᠢᠯᠳᠡ᠎ᠶᠢᠨ ᠲᠣᠬᠢᠷᠠᠭᠤᠯᠤᠯᠲᠠ᠎ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠪᠠ ᠲᠦᠷᠦᠯ ᠵᠦᠢᠯ᠎ᠢ ᠪᠣᠳᠠᠲᠠᠢ᠎ᠳ᠋ᠦ ᠨᠠᠢᠳᠠᠪᠤᠷᠢᠵᠢᠭᠤᠯᠬᠤ᠎ᠶᠢ ᠠᠬᠢᠭᠤᠯᠵᠤ᠂ ᠳᠤᠯᠠᠭᠠᠯᠠᠭ᠎ᠠ ᠬᠠᠩᠭᠠᠬᠤ᠂ ᠭᠠᠮᠰᠢᠭ᠋᠎ᠤᠨ ᠳᠠᠷᠠᠭᠠᠬᠢ ᠰᠡᠷᠭᠦᠭᠡᠵᠤ ᠲᠠᠬᠢᠨ ᠪᠦᠲᠦᠭᠡᠨ ᠪᠠᠶ᠋ᠢᠭᠤᠯᠬᠤ᠂ ᠠᠶᠤᠯᠭᠦᠢ ᠦᠢᠯᠡᠳᠪᠦᠷᠢᠯᠡᠯ ᠪᠠ ᠨᠡᠢᠭᠡᠮ᠎ᠦᠨ ᠲᠣᠭᠲᠠᠭᠤᠨ ᠪᠠᠢᠳᠠᠯ᠎ᠢ ᠬᠠᠮᠠᠭᠠᠯᠠᠬᠤ ᠵᠡᠷᠭᠡ ᠡᠯ᠎ᠡ ᠵᠦᠢᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂《ᠠᠷᠪᠠᠨ ᠳᠥᠷᠪᠡᠳᠦᠭᠡᠷ ᠲᠠᠪᠤᠨ ᠵᠢᠯ》ᠦ᠋ᠨ ᠲᠡᠭᠦᠰ ᠠᠮᠵᠢᠯᠲᠠ᠎ᠲᠠᠢ ᠰᠡᠭᠦᠯ ᠬᠤᠷᠢᠶᠠᠬᠤ᠎ᠶᠢ ᠦᠨᠡᠨ ᠬᠦ᠌ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠰᠠᠢᠨ ᠰᠠᠢᠬᠠᠨ ᠡᠬᠢᠯᠡᠯᠲᠡ᠎ᠳᠦ ᠪᠠᠲᠤ ᠪᠡᠬᠢ ᠰᠠᠭᠤᠷᠢ ᠲᠠᠯᠪᠢᠨ᠎ᠠ᠃

ᠣᠢᠷ᠎ᠠ᠎ᠳᠤ᠂ ᠮᠠᠨᠵᠤᠤᠷ ᠪᠣᠭᠣᠮᠲᠠ《ᠲᠥᠪᠯᠡᠷᠡᠩᠭᠦᠢ + ᠥᠪᠡᠷ᠎ᠢᠶᠡᠨ ᠰᠤᠷᠤᠯᠴᠠᠬᠤ》᠂《ᠰᠤᠳᠤᠯᠤᠨ ᠶᠠᠷᠢᠯᠴᠠᠬᠤ + ᠰᠣᠯᠢᠯᠴᠠᠬᠤ》ᠵᠡᠷᠭᠡ ᠠᠷᠭ᠎ᠠ ᠬᠡᠯᠪᠡᠷᠢ᠎ᠶᠢ ᠠᠰᠢᠭᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠥᠬᠥᠳᠡ ᠬᠤᠷᠠᠯ᠎ᠡᠴᠡ ᠳᠤᠷᠠᠳᠤᠭᠰᠠᠨ ᠠᠯᠢ ᠤᠯᠠᠨ ᠰᠢᠨ᠎ᠡ ᠤᠬᠠᠭᠳᠠᠬᠤᠨ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ᠎ᠶᠢ ᠪᠦᠬᠦ ᠲᠠᠯ᠎ᠠ᠎ᠪᠠᠷ ᠣᠨᠣᠪᠴᠢᠲᠠᠶ ᠣᠢᠯᠠᠭᠠᠨ ᠡᠵᠡᠮᠰᠢᠵᠦ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠤᠨ ᠲᠣᠭᠲᠠᠭᠠᠵᠤ᠂ ᠣᠶᠤᠨᠲᠤ ᠪᠣᠭᠣᠮᠲᠠ᠎ᠶᠢᠨ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ ᠪᠠ《ᠣᠶᠤᠨᠲᠤ ᠪᠣᠭᠣᠮᠲᠠ᠎ᠶᠢᠨ ᠬᠦᠴᠦᠷᠬᠡᠭ ᠤᠯᠤᠰ》ᠤ᠋ᠨ ᠠᠵᠢᠯᠯᠠᠭ᠎ᠠ᠎ᠶᠢ ᠱᠠᠯᠠᠪᠳᠠᠨ ᠠᠬᠢᠭᠤᠯᠵᠤ᠂ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ᠂ ᠲᠣᠭᠲᠠᠭᠤᠨ᠎ᠢ ᠪᠠᠲᠤᠯᠠᠬᠤ᠂ ᠠᠮᠤᠷ ᠲᠦᠪᠰᠢᠨ᠎ᠢ ᠪᠠᠲᠤᠯᠠᠬᠤ᠎ᠪᠠᠷ ᠪᠦᠬᠦ ᠬᠦᠴᠦᠨ᠎ᠢᠶᠡᠷ᠎ᠢᠶᠡᠨ ᠴᠢᠷᠮᠠᠢᠪᠠ᠃《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠤ᠂ ᠮᠠᠨᠵᠤᠤᠷ ᠪᠣᠭᠣᠮᠲᠠ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ ᠵᠢᠴᠢ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠵᠡᠭᠦᠨ ᠨᠡᠪᠲᠡᠷᠡᠬᠦ ᠵᠠᠮ᠎ᠤᠨ ᠴᠢᠬᠤᠯᠠ ᠵᠠᠩᠭᠢᠯᠠᠭ᠎ᠠ᠎ᠶᠢᠨ ᠴᠡᠭ᠎ᠲᠦ ᠰᠠᠭᠤᠷᠢᠯᠠᠵᠤ᠂ ᠤᠯᠤᠰ᠎ᠤᠨ ᠡᠭᠦᠳᠡ᠎ᠶᠢ ᠰᠠᠬᠢᠬᠤ᠂ ᠬᠥᠭᠵᠢᠯᠲᠡ᠎ᠶᠢ ᠠᠬᠢᠭᠤᠯᠬᠤ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠦᠷᠭᠦᠯᠵᠢᠯᠡᠨ ᠣᠷᠴᠢᠨ ᠨᠦᠭᠦᠴᠡᠯ᠎ᠢ ᠰᠢᠯᠢᠳᠡᠭᠵᠢᠭᠦᠯᠵᠤ᠂ ᠴᠢᠳᠠᠮᠵᠢ᠎ᠶᠢ ᠰᠢᠯᠢᠳᠡᠭᠵᠢᠭᠦᠯᠤᠨ᠂ ᠲᠦᠷᠦ᠎ᠶᠢᠨ ᠪᠣᠳᠣᠯᠭ᠎ᠠ᠎ᠶᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ᠎ᠶᠢᠨ ᠦᠷ᠎ᠡ ᠠᠰᠢᠭ ᠪᠣᠯᠣᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠵᠦ᠂ ᠬᠢᠯᠢ ᠳᠠᠭᠠᠤ ᠪᠣᠭᠣᠮᠲᠠ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠵᠤ᠂ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠦ ᠨᠡᠪᠲᠡᠷᠡᠬᠦ ᠵᠠᠮ᠎ᠤᠨ ᠠᠮᠤᠷ ᠲᠦᠪᠰᠢᠨ᠂ ᠥᠨᠳᠥᠷ ᠪᠦᠲᠦᠮᠵᠢᠲᠦ᠂ ᠰᠠᠭᠠᠳ ᠦᠭᠡᠢ ᠨᠡᠪᠲᠡᠷᠡᠬᠦ᠎ᠶᠢ ᠪᠠᠲᠤᠯᠠᠵᠤ᠂ ᠥᠪᠥᠷ ᠮᠣᠩᠭᠣᠯ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠳᠦ ᠬᠦᠴᠦᠨ ᠨᠡᠮᠡᠷᠢᠯᠡᠵᠤ ᠪᠠᠢᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ