ᠦᠪᠦᠷ ᠮᠤᠡᠭᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠡᠭᠬᠢᠮ᠎ᠡᠴᠡ ᠤᠢᠯᠠᠭᠠᠭᠰᠠᠨ᠎ᠢᠶᠠᠷ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠪᠤᠯᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠡᠢᠳᠡᠮ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠤᠨ ᠲᠥᠷᠥᠯ ᠵᠦᠶ᠋ᠯ ᠪᠥᠲᠥᠭᠡᠨ ᠪᠠᠢᠭᠤᠯᠤᠯᠲᠠ᠎ᠶᠢᠨ ᠠᠵᠢᠯ ᠲᠦᠷᠦᠬᠦᠬᠡᠨ ᠪᠥᠬᠥ᠌ ᠲᠠᠯ᠎ᠠ᠎ᠪᠠᠷ ᠳᠠᠭᠤᠰᠬᠠᠵᠤ᠂ ᠰᠢᠯᠭᠠᠨ ᠲᠤᠭᠳᠠᠭᠠᠯᠳᠠ᠎ᠶᠢ ᠤᠷᠤᠭ᠍ᠰᠢᠲᠠᠶ ᠥᠩᠭᠡᠷᠡᠭᠦᠯᠪᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠪᠤᠯᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠡᠢᠳᠡᠮ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ ᠪᠣᠯ ᠥᠪᠡᠷᠲᠡᠭᠡᠨ ᠵᠠᠰᠠᠬᠤ ᠣᠷᠣᠨ᠎ᠤ ᠨᠡᠢᠳᠡᠮ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠢ ᠨᠢᠭᠡᠳᠦᠯᠲᠡᠶ ᠲᠦᠯᠦᠪᠵᠢᠭᠦᠯᠦᠨ ᠪᠥᠲᠥᠭᠡᠨ ᠪᠠᠢᠭᠤᠯᠬᠤ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠮᠥᠨ ᠴᠦ᠍ ᠥᠪᠥᠷ ᠮᠣᠩᠭᠣᠯ᠎ᠤᠨ ᠨᠢᠰᠭᠡᠯ᠎ᠤᠨ ᠪᠠᠭᠤᠳᠠᠯ᠎ᠤᠨ ᠪᠦᠯᠦᠭ᠌ᠯᠡᠯ ᠪᠣᠯᠤᠨ ᠬᠢᠩᠭᠠᠨ ᠠᠢᠮᠠᠭ᠎ᠤᠨ ᠵᠠᠬᠢᠷᠭ᠎ᠠ᠎ᠡᠴᠡ ᠭᠤᠤᠯᠳᠠᠯᠭ᠎ᠠ ᠲᠠᠶ ᠠᠬᠢᠭᠤᠯᠤᠭ᠍ᠰᠠᠨ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ᠎ᠶᠢᠨ ᠪᠥᠲᠥᠭᠡᠨ ᠪᠠᠢᠭᠤᠯᠤᠯᠲᠠ᠎ᠶᠢᠨ ᠲᠥᠷᠥᠯ ᠵᠦᠶ᠋ᠯ ᠪᠣᠯᠤᠨ᠎ᠠ᠃ ᠡᠨᠡ 2 ᠲᠥᠷᠥᠯ ᠵᠦᠶ᠋ᠯ᠎ᠢ 2025 ᠣᠨ᠎ᠤ 5 ᠰᠠᠷ᠎ᠠ᠎ᠶᠢᠨ 28᠎ᠤ ᠡᠳᠦᠷ ᠪᠠ 5 ᠰᠠᠷ᠎ᠠ᠎ᠶᠢᠨ 29᠎ᠤ ᠡᠳᠦᠷ ᠵᠠᠯᠭᠠᠭ᠎ᠠ᠎ᠪᠠᠷ ᠡᠬᠢᠯᠡᠭᠦᠯᠵᠦ᠍᠂ ᠴᠥᠮ A1 ᠲᠥᠷᠥᠯ᠎ᠤᠨ ᠨᠡᠢᠳᠡᠮ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ ᠵᠢᠡᠷ ᠲᠣᠭ᠍ᠲᠠᠭᠠᠨ᠂ ᠲᠥᠷᠥᠯ ᠵᠦᠶ᠋ᠯ᠎ᠤᠨ ᠪᠥᠲᠥᠭᠡᠨ ᠪᠠᠢᠭᠤᠯᠤᠯᠲᠠ᠎ᠳᠤ ᠣᠷᠳᠣ ᠨᠢ 1200 ᠮᠧᠲ᠋ᠷ᠂ ᠥᠷᠭᠡᠨ ᠨᠢ 23 ᠮᠧᠲ᠋ᠷ᠎ᠤᠨ ᠭᠦᠶᠦᠯᠲᠡ᠎ᠶᠢᠨ ᠵᠠᠮ᠎ᠢ ᠪᠠᠭ᠍ᠲᠠᠭᠠᠵᠤ᠂ B ᠲᠥᠷᠥᠯ᠎ᠤᠨ 2 ᠨᠢᠰᠭᠡᠯ᠎ᠤᠨ ᠪᠠᠢᠷᠢ᠎ᠶᠢ ᠢᠵᠢ ᠪᠦᠷᠢᠳᠦᠭᠦᠯᠦᠨ ᠪᠥᠲᠥᠭᠡᠨ ᠪᠠᠢᠭᠤᠯᠪᠠ᠃ ᠶᠡᠷᠦᠩᠬᠡᠢᠯᠡᠭ᠌ᠰᠡᠨ ᠲᠤᠬᠠᠢᠯᠠᠭ᠍ᠰᠠᠨ ᠠᠵᠢᠯ᠎ᠳᠤ ᠬᠡᠷᠡᠭ᠌ᠯᠡᠬᠦ᠌ ᠬᠡᠷ ᠪᠠᠢᠱᠢᠩ᠂ ᠶᠡᠷᠦᠩᠬᠡᠢᠯᠡᠭ᠌ᠰᠡᠨ ᠲᠡᠷᠭᠡᠨ ᠬᠥᠮᠥᠷᠭᠡ ᠵᠢᠴᠢ ᠲᠣᠰᠣᠨ᠎ᠤ ᠲᠡᠷᠭᠡᠨ ᠬᠥᠮᠥᠷᠭᠡ ᠵᠡᠷᠭᠡ ᠲᠦᠬᠦᠭᠡᠷᠦᠮᠵᠢ᠎ᠶᠢ ᠢᠵᠢ ᠪᠦᠷᠢᠳᠦᠭᠦᠯᠦᠨ ᠪᠥᠲᠥᠭᠡᠨ ᠪᠠᠢᠭᠤᠯᠵᠤ᠂ ᠨᠢᠰᠭᠡᠯ᠎ᠤᠨ ᠪᠠᠭᠤᠳᠠᠯ᠎ᠤᠨ ᠡᠵᠡᠩᠨᠡᠯᠲᠡ᠂ ᠪᠠᠲᠤᠯᠠᠭ᠎ᠠ ᠪᠠ ᠦᠶ᠋ᠯᠡᠴᠢᠯᠡᠭᠡ ᠵᠡᠷᠭᠡ ᠭᠤᠤᠯ ᠬᠡᠷᠡᠭ᠌ᠴᠡᠭᠡ ᠱᠠᠭᠠᠷᠳᠠᠯᠭ᠎ᠠ᠎ᠶᠢ ᠪᠥᠬᠥ᠌ ᠲᠠᠯ᠎ᠠ᠎ᠪᠠᠷ ᠬᠠᠮᠤᠷᠴᠦ᠂ ᠦᠨᠳᠦᠰᠦᠲᠡᠨ ᠨᠤᠭᠦᠳ᠎ᠤᠨ ᠣᠯᠠᠨ ᠲᠦᠮᠡᠨ᠎ᠤ ᠶᠠᠪᠤᠵᠤ ᠰᠠᠭᠤᠬᠤ ᠬᠡᠷᠡᠭᠴᠡᠬᠡ᠂ ᠣᠷᠣᠨ ᠪᠦᠰᠡ᠎ᠶᠢᠨ ᠠᠵᠤ ᠦᠶ᠋ᠯᠡᠰ᠎ᠤᠨ ᠬᠥᠭ᠌ᠵᠢᠯᠲᠡ ᠵᠢᠴᠢ ᠠᠮᠤᠷ ᠲᠦᠪᠱᠢᠨ᠎ᠤ ᠪᠠᠲᠤᠯᠠᠭ᠎ᠠ᠎ᠳᠤ ᠣᠯᠠᠨ ᠲᠠᠯᠠᠲᠤ ᠲᠤᠯᠭᠠᠭᠤᠷᠢᠯᠠᠯ ᠬᠠᠩᠭᠠᠵᠡᠢ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠪᠤᠯᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠡᠢᠳᠡᠮ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠲᠤᠬᠠᠶ᠎ᠶᠢᠨ ᠭᠠᠵᠠᠷ ᠪᠣᠯᠤᠨ ᠡᠷᠬᠢᠨ ᠲᠣᠭᠣᠷᠢᠨ᠎ᠤ ᠬᠣᠲᠠ᠎ᠶᠢᠨ ᠬᠣᠭᠣᠷᠣᠨᠳᠣᠬᠢ ᠠᠶᠠᠯᠠᠯ᠎ᠤᠨ ᠵᠠᠶ᠎ᠶᠢ ᠶᠡᠬᠡ᠎ᠪᠠᠷ ᠪᠠᠭᠠᠰᠭᠠᠨ᠂ ᠣᠷᠣᠨ ᠪᠦᠰᠡ᠎ᠶᠢᠨ ᠤᠨᠴᠠᠯᠢᠬ᠍ᠳᠤ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠲᠡᠭᠡᠭᠡᠪᠦᠷᠢ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ᠂ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ ᠵᠡᠷᠭᠡ ᠬᠦᠷᠢᠶᠡᠨ᠎ᠤ ᠬᠥᠭ᠌ᠵᠢᠯᠲᠡ᠎ᠳᠤ ᠬᠦᠴᠦᠨ ᠨᠡᠮᠡᠷᠢᠯᠡᠵᠦ᠍᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠨᠡᠪᠲᠡᠷᠡᠯᠴᠡᠭᠡ ᠪᠠ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠨᠠᠩ ᠬᠦᠴᠦᠷᠬᠡᠭ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠬᠥᠳᠡᠯᠭᠡᠬᠦ᠌ ᠬᠦᠴᠦᠨ᠎ᠢ ᠨᠡᠮᠡᠷᠢᠯᠡᠬᠦ᠌ ᠪᠣᠯᠤᠨ᠎ᠠ᠃