ᠣᠢᠷ᠎ᠠ᠎ᠶᠢᠨ ᠡᠳᠦᠷ᠎ᠲᠦ᠂ ᠪᠦᠬᠦ ᠣᠷᠣᠨ᠎ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ᠎ᠵᠢ ᠦᠳᠲᠡᠷ ᠲᠦᠷᠭᠡᠨ ᠭᠠᠷᠭᠠᠵᠤ᠂ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠤᠨ ᠪᠠᠢᠷᠢᠯᠠᠭᠤᠯᠵᠤ᠂ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ ᠨᠠᠮ᠎ᠤᠨ ᠤᠳᠤᠷᠢᠳᠬᠤ ᠳᠤᠭᠤᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ᠎ᠶᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠰᠤᠳᠤᠯᠪᠠ᠃ ᠬᠤᠷᠠᠯ᠎ᠡᠴᠡ᠂ ᠪᠦᠬᠦ ᠣᠷᠣᠨ᠎ᠤ ᠪᠠᠢᠴᠠᠭᠠᠬᠤ ᠪᠠᠢᠭᠤᠯᠭ᠎ᠠ ᠶᠡᠷᠦᠩᠬᠡᠢ ᠱᠦᠵᠢ ᠰᠢ᠎ᠵᠢᠨ᠎ᠫᠢᠩ᠎ᠦᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠠ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ ᠳᠥᠭᠥᠮᠴᠢᠯᠡᠨ᠎ᠡ )᠎ᠶᠢᠨ ᠤᠭ ᠵᠣᠬᠢᠶᠠᠯ᠎ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠲᠠᠢ ᠦᠨᠡᠨ ᠬᠦ᠌ ᠨᠢᠭᠡᠳᠬᠡᠬᠦ ᠬᠡᠷᠡᠭᠲᠡᠢ᠃ 《ᠰᠠᠨᠠᠭᠤᠯᠭ᠎ᠠ》ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠪᠠᠢᠴᠠᠭᠠᠨ ᠰᠤᠳᠤᠯᠤᠯᠲᠠ᠎ᠪᠠᠨ ᠴᠢᠩᠭᠠᠳᠬᠠᠵᠤ᠂ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠣᠷᠣᠨ᠎ᠤ ᠪᠠᠢᠴᠠᠭᠠᠬᠤ ᠪᠠᠢᠭᠤᠯᠭ᠎ᠠ᠎ᠶᠢᠨ ᠠᠯᠤᠰ ᠬᠡᠳᠦ᠎ᠶᠢᠨ ᠬᠥᠭᠵᠢᠯᠲᠡ᠎ᠶᠢ ᠠᠬᠢᠭᠤᠯᠬᠤ ᠵᠢᠷᠤᠭ ᠲᠥᠯᠥᠪᠯᠡᠭᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠪᠠ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠪᠠᠢᠴᠠᠭᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠭᠠᠷᠳᠠᠬᠤ ᠴᠡᠭ ᠪᠠ ᠬᠦᠴᠦᠯᠡᠬᠦ ᠴᠡᠭ᠎ᠢ ᠣᠨᠣᠪᠴᠢᠲᠠᠢ ᠡᠷᠢᠨ ᠣᠯᠵᠤ᠂ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠪᠦᠬᠦ ᠲᠠᠯ᠎ᠠ᠎ᠪᠠᠷ ᠭᠦᠢᠴᠡᠳ ᠭᠦᠢᠴᠡᠳᠬᠡᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶᠢ ᠰᠠᠢᠲᠤᠷ ᠪᠦᠲᠦᠭᠡᠨ ᠪᠠᠶ᠋ᠢᠭᠤᠯᠬᠤ᠎ᠳᠤ ᠬᠠᠤᠯᠢ ᠪᠠᠷᠢᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ ( ᠥᠷᠭᠡᠳᠬᠡᠭᠰᠡᠨ )᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠣᠯᠣᠨ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠬᠣᠯᠪᠣᠭᠳᠠᠯ ᠪᠦᠬᠦᠢ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠠᠵᠢᠯ᠎ᠢ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠰᠢᠰᠲ᠋ᠸᠮ ᠲᠥᠯᠦᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ 《ᠨᠢᠭᠡ ᠬᠤᠪᠢ ᠵᠢᠷᠤᠭ᠂ ᠨᠢᠭᠡ ᠢᠵᠢ ᠲᠣᠭ᠎ᠠ᠂ ᠨᠢᠭᠡ ᠲᠠᠪᠴᠠᠩ》᠎ᠤ᠋ᠨ ᠬᠠᠮᠢᠶᠠᠷᠤᠯᠲᠠ᠎ᠶᠢᠨ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠡᠬᠢ ᠪᠠᠶᠠᠯᠢᠭ᠋᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠴᠢᠩᠭ᠎ᠠ ᠰᠠᠬᠢᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ᠎ᠪᠠᠨ ᠴᠢᠩᠭᠠᠳᠬᠠᠵᠤ᠂ ᠡᠪᠳᠡᠬᠦ ᠠᠵᠢᠯᠯᠠᠭ᠎ᠠ᠎ᠶᠢ ᠡᠷᠡᠰ ᠬᠣᠷᠢᠭ᠍ᠯᠠᠬᠤ ᠬᠡᠷᠡᠭᠲᠡᠢ; ᠰᠢᠨ᠎ᠡ ᠨᠢᠭᠡᠨ ᠡᠭᠡᠯᠵᠢ᠎ᠶᠢᠨ ᠠᠭᠤᠷᠬᠠᠢ ᠬᠠᠢᠬᠤ ᠲᠠᠯ᠎ᠠ᠎ᠪᠠᠷ ᠰᠢᠪᠲᠤᠯᠤᠯᠲᠠ ᠭᠠᠷᠭᠠᠬᠤ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠶᠢ ᠢᠳᠡᠪᠬᠢᠲᠡᠢ ᠠᠬᠢᠭᠤᠯᠵᠤ᠂ ᠭᠠᠵᠠᠷ ᠰᠢᠨᠵᠢᠯᠡᠭᠡᠨ᠎ᠦ ᠬᠠᠢᠨ ᠪᠠᠢᠴᠠᠭᠠᠬᠤ ᠲᠦᠷᠦᠯ ᠵᠦᠢᠯ᠎ᠦᠨ ᠬᠡᠷᠡᠭᠵᠢᠭᠦᠯᠦᠯᠲᠡ ᠪᠠ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶᠢ ᠴᠢᠩᠭᠠᠳᠬᠠᠵᠤ᠂ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ ᠪᠠ ᠨᠥᠭᠡᠴᠡ᠎ᠪᠡᠨ ᠨᠡᠮᠡᠭᠳᠡᠭᠦᠯᠦᠨ ᠦᠢᠯᠡᠳᠪᠦᠷᠢᠯᠡᠯ᠎ᠢᠶᠡᠨ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠳᠡᠢ᠃ ᠠᠮᠢ ᠠᠬᠤᠢ᠎ᠶᠢ ᠬᠠᠮᠠᠭᠠᠯᠠᠨ ᠰᠡᠷᠭᠦᠭᠡᠬᠦ ᠡᠷᠴᠢᠮ᠎ᠢ ᠴᠢᠩᠭᠠᠷᠠᠭᠤᠯᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ ᠲᠣᠭᠲᠡᠴᠡ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠬᠡ ᠠᠮᠢ ᠠᠬᠤᠢ᠎ᠶᠢ ᠵᠠᠰᠠᠨ ᠰᠡᠷᠭᠦᠭᠡᠬᠦ ᠢᠨᠵᠧᠨᠧᠷᠢᠩ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭᠵᠢᠭᠦᠯᠬᠦ᠎ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ ᠤᠨᠤᠯ ᠰᠤᠷᠤᠯᠴᠠᠬᠤ ᠭᠣᠣᠯ ᠳᠤᠭᠤᠢᠯᠠᠩ(ᠥᠷᠭᠡᠳᠬᠡᠭᠰᠡᠨ)᠎ᠤ᠋ᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶᠢ ᠲᠣᠬᠢᠷᠠᠭᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠡᠮᠡᠭᠲᠡᠢᠴᠦᠳ᠎ᠦᠨ ᠬᠣᠯᠪᠣᠭ᠎ᠠ᠎ᠶᠢᠨ ᠰᠢᠰᠲᠧᠮ᠎ᠦᠨ ᠬᠢᠨ ᠥᠷᠭᠡᠨ ᠤᠯᠠᠨ ᠡᠮᠡᠭᠲᠡᠢᠴᠦᠳ᠎ᠦᠨ ᠥᠪᠡᠷ᠎ᠢ᠎ᠪᠡᠨ ᠬᠦᠨᠳᠦᠳᠬᠡᠵᠦ ᠥᠪᠡᠷ᠎ᠢ᠎ᠪᠡᠨ ᠢᠲᠡᠭᠡᠨ᠂ ᠪᠡᠶ᠎ᠡ᠎ᠪᠡᠨ ᠳᠠᠭᠠᠭᠠᠵᠤ ᠦᠪᠡᠷ᠎ᠢ ᠪᠡᠨ ᠬᠦᠴᠦᠷᠬᠡᠭᠵᠢᠭᠦᠯᠬᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 《ᠨᠢᠭᠡ ᠪᠡᠬᠢᠯᠡᠯᠲᠡ》᠎ᠶᠢᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠰᠤᠷᠭᠠᠨ ᠬᠥᠮᠦᠵᠢᠯ ᠡᠮ ᠡᠮᠨᠡᠯᠭᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠨᠡᠢᠭᠡᠮ᠎ᠦᠨ ᠵᠠᠰᠠᠯᠲᠠ ᠵᠡᠷᠭᠡ ᠬᠦᠷᠢᠶᠡᠨ᠎ᠳᠦ ᠠᠪᠢᠶᠠᠰ ᠴᠢᠳᠠᠪᠤᠷᠢ᠎ᠪᠠᠨ ᠪᠠᠳᠠᠷᠠᠭᠤᠯᠤᠨ᠂ ᠭᠠᠪᠢᠶ᠎ᠠ ᠪᠠᠢᠭᠤᠯᠵᠤ ᠦᠢᠯᠡᠰ ᠪᠣᠰᠬᠠᠬᠤ᠎ᠶᠢ ᠵᠤᠷᠢᠬᠵᠢᠭᠤᠯᠬᠤ ᠬᠡᠷᠡᠭᠲᠡᠢ᠃ ᠥᠷᠭᠡᠨ ᠤᠯᠠᠨ ᠡᠮᠡᠭᠲᠡᠢᠴᠦᠳ᠎ᠢ ᠬᠥᠲᠥᠯᠥᠨ ᠵᠢᠯᠤᠭᠣᠳᠴᠤ ᠪᠠᠢᠭᠠᠳ ᠳᠤᠮᠳᠠᠳᠤ᠎ᠶᠢᠨ ᠦᠨᠳᠦᠰᠦᠲᠡᠨ᠎ᠦ ᠤᠯᠠᠮᠵᠢᠯᠠᠯᠲᠤ ᠰᠠᠢᠬᠠᠨ ᠰᠤᠷᠲᠠᠯ᠎ᠢ ᠶᠡᠬᠡᠪᠡᠷ ᠪᠠᠳᠠᠷᠠᠭᠤᠯᠵᠤ᠂ ᠵᠥᠪ ᠣᠨᠣᠪᠴᠢᠲᠠᠶ ᠤᠷᠤᠭ ᠢᠨᠠᠭ᠎ᠤᠨ ᠦᠵᠡᠯᠲᠡ᠂ ᠦᠷᠡᠵᠢᠯ᠎ᠦᠨ ᠦᠵᠡᠯᠲᠡ᠂ ᠭᠡᠷ ᠪᠦᠯᠢ᠎ᠶᠢᠨ ᠦᠵᠡᠯᠲᠡ᠎ᠶᠢ ᠪᠤᠢ ᠪᠣᠯᠭᠠᠬᠤ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌᠎ᠶ᠋ᠢᠨ ᠲᠣᠭᠣᠷᠢᠨ᠎ᠳᠤ᠂ ᠰᠠᠨᠠᠭᠠᠴᠢᠯᠠᠭ᠎ᠠ ᠡᠴᠡ᠎ᠪᠠᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠨᠠᠩ ᠣᠯᠠᠨ 《ᠵᠢᠵᠢᠭ ᠮᠥᠷᠲᠡᠭᠡᠨ ᠭᠤᠢᠳᠠ》 ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠴᠣᠭ᠍ᠴᠠᠯᠠᠵᠤ᠂ ᠡᠮᠡᠭ᠌ᠲᠡᠢᠴᠦᠳ᠎ᠦᠨ ᠦᠶ᠋ᠯᠡᠰ᠎ᠦᠨ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠭᠦᠨᠴᠡ ᠪᠠ ᠥᠷᠭᠡᠴᠡ᠎ᠶ᠋ᠢ ᠥᠷᠭᠡᠳᠭᠡᠬᠦ᠌ ᠬᠡᠷᠡᠭ᠌ᠲᠡᠶ ᠭᠡᠵᠦ ᠱᠠᠭᠠᠷᠳᠠᠪᠠ᠃
ᠪᠤᠭᠤᠲᠤ ᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠡᠳ᠋᠎ᠦᠨ ᠵᠠᠰᠠᠭ ᠠᠵᠤ ᠠᠬᠤᠶ᠎ᠶ᠋ᠢᠨ ᠬᠤᠷᠢᠶ᠎ᠡ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠪᠥᠬᠥ᠌ ᠬᠣᠲᠠ᠎ᠶ᠋ᠢᠨ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠶ᠎ᠶ᠋ᠢᠨ ᠪᠠᠢᠳᠠᠯ᠎ᠳᠤ ᠵᠠᠳᠠᠯᠤᠯᠲᠠ ᠬᠢᠵᠦ᠍᠂ ᠲᠠᠷᠠᠭᠠᠴᠢ᠎ᠶ᠋ᠢᠨ ᠱᠠᠲᠤᠨ᠎ᠤ ᠭᠤᠤᠯᠳᠠᠯᠭ᠎ᠠ᠎ᠲᠠᠶ ᠠᠵᠢᠯ᠎ᠢ ᠪᠠᠢᠷᠢᠯᠠᠭᠤᠯᠪᠠ᠃ ᠬᠤᠷᠠᠯ᠎ᠡᠴᠡ᠂ ᠪᠥᠬᠥ᠌ ᠬᠣᠲᠠ᠎ᠶ᠋ᠢᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠰᠤᠷᠤᠯᠴᠠᠯᠭ᠎ᠠ ᠪᠣᠯᠪᠠᠰᠤᠷᠠᠯ᠂ ᠤᠬᠠᠭᠤᠯᠭ᠎ᠠ ᠲᠠᠢᠯᠪᠤᠷᠢᠯᠠᠯᠲᠠ ᠵᠡᠷᠭᠡ ᠠᠵᠢᠯ᠎ᠢ ᠨᠠᠷᠢᠨ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠶ᠎ᠳᠤᠨᠢ ᠨᠠᠮ᠎ᠤᠨ ᠵᠣᠬᠢᠶᠠᠨ ᠪᠠᠢᠭᠤᠯᠤᠯᠲᠠ ᠨᠢᠭᠡᠪᠦᠷᠢ᠂ ᠨᠠᠮ᠎ᠤᠨ ᠭᠡᠱᠢᠭᠦᠨ ᠨᠢᠭᠡᠪᠦᠷᠢ᠎ᠳᠦ ᠤᠯᠠᠮᠵᠢᠯᠠᠬᠤ ᠬᠡᠷᠡᠭ᠌ᠲᠡᠶ᠃ ᠪᠦᠬᠦᠳᠡ ᠬᠤᠷᠠᠯ᠎ᠡᠴᠡ ᠳᠤᠷᠠᠳᠤᠭ᠍ᠰᠠᠨ ᠠᠯᠢ ᠤᠯᠠᠨ ᠴᠢᠬᠤᠯᠠ ᠶᠡᠬᠡ ᠦᠵᠡᠯ ᠰᠠᠨᠠᠭ᠎ᠠ ᠦᠵᠡᠯᠲᠡ᠂ ᠴᠢᠬᠤᠯᠠ ᠶᠡᠬᠡ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠂ ᠴᠢᠬᠤᠯᠠ ᠶᠡᠬᠡ ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠭᠦᠨᠵᠡᠭᠡᠢ ᠲᠥᠯᠥᠪᠯᠡᠨ ᠰᠠᠢᠲᠤᠷ ᠨᠠᠢᠷᠠᠭᠤᠯᠤᠨ ᠵᠣᠬᠢᠶᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠬᠤᠷᠠᠯ ᠡᠴᠡ᠂ ᠡᠯ᠎ᠡ ᠰᠠᠯᠠᠭ᠎ᠠ ᠮᠥᠴᠢᠷ᠎ᠦᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠶᠢᠨ ᠠᠵᠤ ᠠᠬᠤᠢ᠎ᠶ᠋ᠢᠨ ᠪᠠᠢᠳᠠᠯ᠎ᠤᠨ ᠲᠤᠬᠠᠢ ᠱᠢᠨᠵᠢᠯᠡᠬᠦ᠌ ᠤᠬᠠᠭᠠᠨᠴᠢ ᠮᠠᠭᠠᠳᠯᠠᠯᠲᠠ ᠪᠣᠯᠤᠨ ᠠᠵᠤ ᠠᠬᠤᠢ᠎ᠶ᠋ᠢᠨ ᠠᠵᠢᠯ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠭᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠯᠢ ᠤᠯᠠᠨ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠬᠡᠮᠵᠢᠶ᠎ᠡ ᠪᠣᠯᠤᠨ ᠨᠡᠮᠡᠭᠳᠡᠯ᠎ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌ ᠪᠠᠢᠭᠠᠳ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠬᠡᠷᠡᠭ᠌ᠲᠡᠢ ᠭᠡᠵᠦ ᠱᠠᠭᠠᠷᠳᠠᠪᠠ᠃