10 ᠳ᠋ᠤᠭᠠᠷ ᠰᠠᠷ᠎ᠠ᠎ᠶᠢᠨ 28᠎ᠤ ᠡᠳᠦᠷ᠂ 4 ᠡᠳᠦᠷ᠎ᠤᠨ ᠬᠤᠭᠤᠴᠠᠭ᠎ᠠ ᠲᠠᠢ ᠶᠠᠪᠤᠭᠳᠠᠭᠰᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠨᠢ ᠹᠦᠵᠢᠶᠠᠨ ᠮᠤᠵᠢ᠎ᠶᠢᠨ ᠴᠢᠤᠸᠠᠨ ᠵᠸᠦ ᠬᠣᠲᠠᠨ᠎ᠠ ᠥᠨᠳᠥᠷᠯᠡᠪᠡ᠃ ᠪᠦᠬᠦ ᠤᠯᠤᠰ᠎ᠤᠨ ᠤᠷᠤᠯᠳᠤᠭᠠᠨ᠎ᠳᠤ ᠣᠷᠣᠯᠴᠠᠭᠰᠠᠨ 46 ᠪᠠᠭ ᠨᠢ 1700 ᠭᠠᠷᠤᠢ ᠲᠦᠷᠦᠯ ᠵᠦᠢᠯ᠎ᠢᠶᠠᠷ᠎ᠢᠶᠠᠨ ᠪᠦᠬᠦ ᠤᠯᠤᠰ᠎ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠥᠷᠢᠰᠦᠯᠳᠦᠵᠦ᠂ ᠥᠪᠥᠷ ᠮᠣᠩᠭᠣᠯ᠎ᠤᠨ ᠬᠣᠶᠠᠷ ᠲᠦᠷᠦᠯ ᠵᠦᠢᠯ ᠲᠤᠰ ᠲᠤᠰ ᠠᠯᠳᠠᠨ ᠮᠧᠳᠠᠯ ᠪᠠ ᠬᠦᠷᠡᠯ ᠮᠧᠳᠠᠯ ᠲᠣᠰᠣᠭᠰᠠᠨ᠎ᠢᠶᠡᠷ᠂ ᠠᠩᠬ᠎ᠠ ᠤᠳᠠᠭ᠎ᠠ ᠪᠦᠬᠦ ᠤᠯᠤᠰ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠴᠦ ᠦᠢᠯᠡᠰ ᠪᠣᠰᠬᠠᠬᠤ ᠤᠷᠤᠯᠳᠤᠭᠠᠨ᠎ᠤ ᠠᠯᠳᠠᠨ ᠮᠧᠳᠠᠯ᠎ᠦᠨ ᠱᠠᠩ ᠦᠭᠡᠢ ᠪᠠᠢᠭ᠍ᠰᠠᠨ ᠪᠠᠢᠳᠠᠯ᠎ᠢ ᠡᠴᠦᠰᠯᠡᠭᠦᠯᠪᠡ᠃
ᠡᠭᠦᠨ᠎ᠳᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠮᠠ ᠲᠧᠩ᠂ ᠵᠢᠨ ᠬᠤᠤ᠎ᠶᠢᠨ ᠳᠠᠭ᠋ᠠᠭᠤᠯᠤᠭᠰᠠᠨ ᠪᠦᠯᠬᠦᠮ᠎ᠦᠨ ᠬᠢᠨ᠎ᠦ ᠤᠷᠤᠯᠳᠤᠭᠠᠨ᠎ᠳᠤ ᠣᠷᠣᠯᠴᠠᠭᠰᠠᠨ ᠲᠥᠷᠥᠯ ᠵᠦᠢᠯ ᠨᠢ ᠬᠤᠷᠴᠠ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ ᠲᠠᠷᠢᠶᠠᠯᠠᠩ ᠬᠢᠭᠡᠳ ᠣᠲᠣ᠌ ᠦᠶ᠎ᠡ᠎ᠶᠢᠨ ᠢᠳᠡᠭᠡᠨ᠎ᠦ ᠵᠦᠢᠯᠡᠰ᠎ᠦᠨ ᠤᠷᠤᠯᠳᠤᠭᠠᠨ᠎ᠳᠤ ᠠᠯᠲᠠᠨ ᠮᠧᠳᠠᠯ ᠭᠥᠷᠳᠡᠪᠡ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠰᠢᠦᠢ ᠵᠥᠩ ᠱᠠᠨ᠎ᠤ ᠳᠠᠭ᠋ᠠᠭᠤᠯᠤᠭᠰᠠᠨ ᠪᠦᠯᠬᠦᠮ᠎ᠤᠨ ᠬᠢᠨ᠎ᠦ ᠤᠷᠤᠯᠳᠤᠭᠠᠨ᠎ᠳᠤ ᠣᠷᠣᠯᠴᠠᠭᠰᠠᠨ ᠲᠥᠷᠥᠯ ᠵᠦᠢᠯ ᠨᠢ ᠭᠠᠳᠠᠭᠠᠳᠤ᠎ᠶᠢᠨ ᠪᠠ ᠬᠢᠯᠢ᠎ᠶᠢᠨ ᠭᠠᠳᠠᠨᠠᠬᠢ ( ᠨᠢᠭᠡ ᠪᠦᠰᠡ ᠨᠢᠭᠡ ᠵᠠᠮ )᠎ᠶᠢᠨ ᠤᠷᠤᠯᠳᠤᠭᠠᠨ᠎ᠤ ᠲᠠᠷᠢᠶᠠᠯᠠᠩ ᠬᠢᠭᠡᠳ ᠣᠲᠣ᠌ ᠦᠶ᠎ᠡ᠎ᠶᠢᠨ ᠢᠳᠡᠭᠡᠨ᠎ᠦ ᠵᠦᠢᠯᠡᠰ᠎ᠦᠨ ᠤᠷᠤᠯᠳᠤᠭᠠᠨ᠎ᠤ ᠬᠦᠷᠡᠯ ᠮᠧᠳᠠᠯ ᠭᠥᠷᠳᠡᠪᠡ᠃
ᠱᠠᠩᠨᠠᠯ ᠣᠯᠣᠭᠰᠠᠨ ᠥᠷᠢᠰᠦᠯᠳᠦᠭᠴᠢ ᠮᠠ ᠲᠧᠩ ᠬᠡᠯᠡᠬᠦ᠎ᠳᠦ᠎ᠪᠡᠨ᠂ ᠪᠢᠳᠡᠨ᠎ᠦ ᠲᠥᠷᠥᠯ ᠵᠦᠢᠯ ᠪᠣᠯ ᠵᠣᠬᠢᠶᠠᠮᠠᠯ ᠣᠶᠤᠨ ( AI )᠎ᠤ ᠮᠡᠷᠭᠡᠵᠢᠯ᠎ᠢ ᠠᠰᠢᠭ᠍ᠯᠠᠨ᠂ 《ᠣᠶᠣᠨᠴᠢ᠎ᠪᠠᠷ ᠪᠠᠺᠲᠧᠷᠢ ᠰᠢᠭᠰᠢᠬᠦ ᠲᠠᠪᠴᠠᠩ》᠎ᠢ ᠪᠠᠢᠭᠤᠯᠵᠤ᠂ ᠰᠠᠭᠤᠷᠢ ᠮᠥᠬᠥ᠎ᠶᠢᠨ ᠡᠯ᠎ᠡ ᠵᠦᠢᠯ᠎ᠦᠨ ᠴᠢᠳᠠᠮᠵᠢ᠎ᠶᠢ ᠲᠦᠷᠭᠡᠨ ᠵᠠᠳᠠᠯᠤᠨ ᠲᠥᠰᠥᠭᠡᠯᠡᠨ᠎ᠡ᠂ ᠰᠢᠭ᠌ᠰᠢᠨ ᠰᠣᠩᠭᠣᠬᠤ ᠴᠠᠭ᠎ᠢ ᠬᠡᠳᠦᠨ ᠰᠠᠷ᠎ᠠ᠎ᠠᠴᠠ ᠬᠣᠶᠠᠷᠬᠠᠨ ᠴᠠᠭ ᠪᠣᠯᠭᠠᠨ ᠪᠣᠭᠣᠨᠢᠰᠬᠠᠵᠤ᠂ ᠦᠷ᠎ᠡ ᠪᠦᠲᠦᠮᠵᠢ᠎ᠶᠢ 1000 ᠭᠠᠷᠤᠢ ᠳᠠᠬᠢᠨ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠪᠠᠺᠲᠧᠷᠢ᠎ᠶᠢᠨ ᠲᠥᠷᠥᠯ᠎ᠦᠨ ᠠᠵᠤ ᠦᠢᠯᠡᠰ᠎ᠦᠨ ᠲᠦᠷᠭᠡᠨ ᠬᠥᠭᠵᠢᠯᠲᠡ᠎ᠳᠦ ᠬᠦᠴᠦᠨ ᠨᠡᠮᠡᠷᠢᠯᠡᠪᠡ ᠭᠡᠪᠡ᠃
ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠨᠢ ᠲᠠᠪᠴᠠᠩ ᠪᠠᠢᠭᠤᠯᠬᠤ ᠪᠠ ᠦᠢᠯᠡᠳᠦᠯ ᠪᠠᠳᠠᠷᠠᠭᠤᠯᠬᠤ᠎ᠶᠢ ᠵᠡᠷᠭᠡ᠎ᠪᠡᠷ ᠪᠠᠷᠢᠮᠲᠠᠯᠠᠵᠤ᠂ ᠫᠤᠰᠲ ᠳ᠋ᠣᠺᠲ᠋ᠣᠷ᠎ᠤᠨ ᠠᠵᠢᠯ᠎ᠳᠤ ᠰᠢᠨ᠎ᠡ᠎ᠶᠢ ᠡᠭᠦᠳᠦᠨ ᠠᠬᠢᠭᠤᠯᠵᠤ᠂ ᠠᠵᠢᠯ᠎ᠤᠨ ᠲᠣᠭᠲᠠᠴᠠ᠎ᠪᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠴᠢᠳᠠᠪᠤᠷᠢᠲᠠᠳ᠎ᠢ ᠣᠷᠣᠭᠤᠯᠤᠨ ᠠᠪᠴᠢᠷᠠᠬᠤ᠂ ᠴᠢᠳᠠᠪᠤᠷᠢᠲᠠᠳ᠎ᠢ ᠬᠥᠮᠥᠵᠢᠭᠦᠯᠬᠦ ᠲᠠᠪᠴᠠᠩ᠎ᠤᠨ ᠠᠴᠢᠶᠠᠯᠠᠪᠤᠷᠢ᠎ᠶᠢ ᠪᠠᠢᠭᠤᠯᠤᠨ᠂ ᠰᠢᠯᠢᠳᠡᠭ ᠫᠤᠰᠲ ᠳ᠋ᠣᠺᠲ᠋ᠣᠷ᠎ᠤᠨ ᠴᠢᠳᠠᠪᠤᠷᠢᠲᠠᠳ᠎ᠢ ᠬᠥᠮᠥᠵᠢᠭᠦᠯᠬᠦ᠂ ᠲᠡᠳᠡᠨ ᠠᠪᠴᠢᠷᠠᠬᠤ ᠪᠠ ᠬᠡᠷᠡᠭᠯᠡᠵᠦ᠂ 《ᠥᠷᠲᠡᠭᠡ ᠪᠠᠢᠭᠤᠯᠪᠠᠯ ᠳᠡᠮᠵᠢᠯᠭᠡ ᠥᠭᠬᠦ᠂ ᠥᠷᠲᠡᠭᠡᠨ᠎ᠳᠦ ᠠᠵᠢᠯᠯᠠᠪᠠᠯ ᠨᠡᠮᠡᠭᠦᠷᠢ ᠥᠭᠬᠦ᠂ ᠥᠷᠲᠡᠭᠡᠨ᠎ᠳᠦ ᠪᠠᠢᠪᠠᠯ ᠲᠤᠰᠠᠯᠠᠮᠵᠢ ᠥᠭᠬᠦ᠂ ᠥᠷᠲᠡᠭᠡᠨ᠎ᠡᠴᠡ ᠭᠠᠷᠤᠭᠰᠠᠨ ᠴᠤ᠌ ᠰᠢᠨᠵᠢᠯᠡᠬᠦ ᠤᠬᠠᠭᠠᠨ᠎ᠤ ᠰᠤᠳᠤᠯᠭᠠᠨ᠎ᠢ ᠲᠤᠰᠠᠯᠠᠬᠤ》 ᠫᠤᠰᠲ ᠳ᠋ᠣᠺᠲ᠋ᠣᠷ ᠬᠥᠮᠥᠵᠢᠭᠦᠯᠬᠦ᠎ᠶᠢ ᠳᠡᠮᠵᠢᠬᠦ ᠪᠥᠬᠥ ᠦᠶᠡᠯᠡᠯᠲᠦ ᠲᠣᠭᠲᠠᠯᠴᠠᠭ᠎ᠠ᠎ᠶᠢ ᠪᠠᠢᠭᠤᠯᠵᠠᠢ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯᠳᠠᠯᠭ᠎ᠠ ᠪᠣᠯᠬᠤ ᠠᠵᠢᠯ ᠲᠥᠷᠥᠯ ᠪᠠ ᠵᠠᠩᠭᠢᠯᠠᠭ᠎ᠠ᠎ᠶᠢᠨ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ᠂ ᠪᠥᠬᠥ ᠣᠷᠣᠨ᠎ᠳᠤ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠨᠡᠭᠦᠳᠡᠯ ᠥᠷᠲᠡᠭᠡ᠂ ᠠᠵᠢᠯ᠎ᠤᠨ ᠥᠷᠲᠡᠭᠡ᠎ᠶᠢ ᠨᠡᠶ᠋ᠢᠲᠡ 90 ᠪᠠᠢᠭᠤᠯᠵᠤ᠂ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯᠲᠠᠨ᠎ᠢ ᠨᠡᠶ᠋ᠢᠲᠡ 701 ᠡᠯᠰᠡᠪᠡ᠃