ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠦᠷᠦᠭᠦᠸ᠋ ᠭᠤᠷᠪᠠᠨ ᠤᠯᠠᠷᠢᠯ᠎ᠳᠤ ᠥᠪᠥᠷ ᠮᠣᠩᠭᠣᠯ᠎ᠤᠨ ᠠᠵᠤ ᠠᠬᠤᠢ ᠳᠠᠷᠤᠯᠲᠠ᠎ᠶᠢ ᠳᠠᠭᠠᠭᠠᠨ ᠲᠣᠭᠲᠠᠭᠤᠨ᠎ᠢᠶᠠᠷ ᠤᠷᠤᠭ᠍ᠰᠢᠯᠠᠵᠠᠢ
ᠨᠡᠶ᠋ᠢᠲᠡᠯᠡᠭᠰᠡᠨ ᠴᠠᠭ᠄ 2025-10-30

10 ᠳ᠋ᠤᠭᠠᠷ ᠰᠠᠷ᠎ᠠ᠎ᠶᠢᠨ 29 ᠎ᠦ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠡᠷ᠂ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠥᠷᠲᠡᠭ 18471.9 ᠳ᠋ᠦᠩᠰᠢᠭᠤᠷ ᠲᠥᠭᠥᠷᠢᠭ᠎ᠲᠦ ᠬᠦᠷᠴᠦ᠂ ᠥᠯᠥ ᠬᠤᠪᠢᠰᠬᠤ ᠦᠨ᠎ᠡ᠎ᠪᠡᠷ ᠪᠤᠳᠤᠪᠠᠯ᠂ ᠠᠳᠠᠯᠢ ᠬᠤᠭᠤᠴᠠᠭᠠᠨ᠎ᠤ ᠬᠢ᠎ᠡᠴᠡ 4.5%᠎ᠪᠠᠷ ᠨᠡᠮᠡᠭᠳᠡᠵᠡᠢ᠃ ᠠᠵᠤ ᠦᠢᠯᠡᠰ᠎ᠢᠶᠡᠷ ᠠᠩᠭᠢᠯᠠᠨ ᠦᠵᠡᠪᠡᠯ᠂ ᠨᠢᠭᠡᠳᠦᠭᠡᠷ ᠠᠵᠤ ᠦᠢᠯᠡᠰ᠎ᠦᠨ ᠨᠡᠮᠡᠭᠳᠡᠯ ᠥᠷᠲᠡᠭ 902.9 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.3%᠎ᠪᠠᠷ ᠨᠡᠮᠡᠭᠳᠡᠪᠡ; ᠬᠣᠶᠠᠳᠤᠭᠠᠷ ᠠᠵᠤ ᠦᠢᠯᠡᠰ᠎ᠦᠨ ᠨᠡᠮᠡᠭᠳᠡᠯ ᠥᠷᠲᠡᠭ 8290.2 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.4%᠎ᠪᠠᠷ ᠨᠡᠮᠡᠭᠳᠡᠪᠡ; ᠭᠤᠷᠪᠠᠳᠤᠭᠠᠷ ᠠᠵᠤ ᠦᠢᠯᠡᠰ᠎ᠦᠨ ᠨᠡᠮᠡᠭᠳᠡᠯ ᠥᠷᠲᠡᠭ 9278.9 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.5%᠎ᠪᠠᠷ ᠨᠡᠮᠡᠭᠳᠡᠪᠡ᠃ 

2025 ᠣᠨ᠎ᠠᠴᠠ ᠨᠠᠭᠠᠰᠢ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠣᠲᠣᠭᠠᠳᠤ ᠭᠠᠳᠠᠭᠠᠳᠤ᠎ᠶ᠋ᠢᠨ ᠣᠷᠴᠢᠨ ᠨᠦᠬᠦᠴᠡᠯ᠎ᠳᠦ ᠬᠠᠨᠳᠤᠵᠤ᠂ ᠥᠪᠥᠷ ᠮᠣᠩᠭᠣᠯ᠎ᠤᠨ ᠳᠡᠭᠡᠳᠦ ᠳᠣᠣᠷᠠᠳᠤ ᠱᠠᠲᠤ᠎ᠪᠠᠷ᠎ᠢᠶᠠᠨ ᠲᠣᠭᠲᠠᠭᠤᠨ᠎ᠤ ᠳᠤᠮᠳᠠ ᠤᠷᠤᠭ᠍ᠰᠢᠯᠠᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ᠎ᠢᠶᠡᠨ ᠪᠣᠯᠭᠠᠵᠤ᠂ ᠭᠣᠣᠯᠳᠠᠯᠭ᠎ᠠ ᠪᠣᠯᠬᠤ ᠬᠦᠷᠢᠶᠡᠨ᠎ᠦ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠌᠂ ᠠᠵᠤ ᠠᠬᠤᠢ᠎ᠶᠢᠨ ᠪᠦᠲᠦᠴᠡ᠎ᠶᠢ ᠲᠣᠬᠢᠷᠠᠭᠤᠯᠤᠨ ᠱᠢᠯᠢᠳᠡᠭ᠌ᠵᠢᠭᠦᠯᠬᠦ᠌᠂ ᠪᠦᠲᠦᠮᠵᠢᠲᠡᠶ ᠬᠡᠷᠡᠭᠴᠡᠭᠡ᠎ᠶ᠋ᠢ ᠦᠷᠭᠦᠯᠵᠢᠯᠡᠨ ᠦᠷᠭᠡᠳᠭᠡᠬᠦ᠌᠎ᠪᠡᠷ ᠬᠦᠴᠦᠯᠡᠨ᠂ ᠡᠯ᠎ᠡ ᠲᠦᠷᠦᠯ᠎ᠦᠨ ᠲᠦᠭᠰᠢᠭᠦᠷᠢ ᠰᠢᠯᠭᠠᠯᠲᠠ᠎ᠶ᠋ᠢ ᠬᠦᠴᠦᠲᠡᠢ ᠪᠥᠭᠡᠳ ᠪᠦᠲᠦᠮᠵᠢᠲᠡᠢ ᠠᠷᠭᠠᠴᠠᠭᠠᠵᠤ᠂ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠨᠠᠷᠢᠯᠢᠭ᠍ᠵᠢᠭᠤᠯᠬᠤ᠎ᠶ᠋ᠢ ᠬᠦᠴᠦᠯᠡᠨ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠬᠤ ᠳᠤᠮᠳᠠ ᠦᠢᠯᠡᠳᠪᠦᠷᠢᠯᠡᠯ ᠬᠠᠩᠭᠠᠯᠭ᠎ᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠂ ᠰᠢᠨ᠎ᠡ ᠠᠵᠤ ᠦᠢᠯᠡᠰ ᠰᠢᠨ᠎ᠡ ᠬᠦᠳᠡᠯᠭᠡᠭ᠌ᠴᠢ ᠡᠨᠧᠷᠭᠢ᠎ᠶ᠋ᠢ ᠲᠦᠷᠭᠡᠬᠡᠨ ᠪᠣᠢᠵᠢᠭᠤᠯᠬᠤ᠎ᠶ᠋ᠢ ᠪᠡᠶᠡᠯᠡᠭᠦᠯᠵᠦ᠍᠂ ᠠᠵᠤ ᠠᠬᠤᠢ᠎ᠶᠢᠨ ᠬᠥᠭᠵᠢᠯᠲᠡ᠎ᠶᠢᠨ ᠤᠶᠠᠨ ᠬᠠᠳᠠᠨ ᠴᠢᠨᠠᠷ᠎ᠢ ᠭᠦᠢᠴᠡᠳ ᠢᠯᠡᠷᠡᠭᠦᠯᠦᠨ᠂ ᠪᠦᠬᠦ ᠣᠷᠣᠨ᠎ᠤ ᠠᠵᠤ ᠠᠬᠤᠢ ᠳᠠᠷᠤᠯᠲᠠ᠎ᠶᠢ ᠳᠠᠭᠠᠭᠠᠨ ᠲᠣᠭᠲᠠᠭᠤᠨ᠎ᠢᠶᠠᠷ ᠤᠷᠤᠭ᠍ᠰᠢᠯᠠᠵᠠᠢ᠃ 

ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠪᠠᠢᠳᠠᠯ ᠰᠠᠢᠨ ᠪᠠᠢᠨ᠎ᠠ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠣᠨᠴᠠᠯᠢᠭ᠍ᠲᠤ ᠠᠵᠤ ᠦᠢᠯᠡᠰ᠎ᠢ ᠢᠳᠡᠪᠬᠢᠲᠡᠢ᠎ᠪᠡᠷ ᠲᠡᠳᠬᠦᠨ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠣᠲᠣ᠌ ᠦᠶ᠎ᠡ᠎ᠶᠢᠨ ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠶᠡᠬᠡ ᠬᠡᠪᠴᠢᠶ᠎ᠡ᠎ᠪᠡᠷ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ ᠠᠵᠢᠯᠯᠠᠭᠠᠨ᠎ᠢ ᠬᠡᠷᠡᠭᠵᠢᠭᠦᠯᠦᠭᠰᠡᠨ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢᠭᠠᠳ ᠰᠢᠷᠦᠭᠦᠨ ᠪᠣᠷᠣᠭᠠᠨ ᠵᠡᠷᠭᠡ ᠠᠰᠢᠭ᠋ ᠦᠭᠡᠢ ᠴᠠᠭ ᠠᠭᠤᠷ᠎ᠤᠨ ᠨᠥᠯᠥᠭᠡ᠎ᠶᠢ ᠢᠯᠠᠨ ᠳᠠᠪᠠᠵᠤ᠂ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ᠎ᠢ ᠲᠣᠭᠲᠠᠪᠤᠷᠢᠵᠢᠭᠤᠯᠬᠤ᠎ᠳᠤ ᠨᠥᠬᠥᠴᠡᠯ ᠪᠦᠷᠢᠯᠳᠦᠭᠦᠯᠵᠦ ᠥᠭᠭᠦᠭᠰᠡᠨ ᠪᠠᠢᠨ᠎ᠠ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠥᠳᠡᠭᠡ ᠠᠵᠤ ᠠᠬᠤᠢ᠂ ᠣᠶ ᠰᠢᠭᠤᠢ᠎ᠶ᠋ᠢᠨ ᠠᠵᠤ ᠠᠬᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.4%᠎ᠪᠠᠷ ᠨᠡᠮᠡᠭᠳᠡᠵᠦ᠂ ᠨᠠᠮᠤᠷ᠎ᠤᠨ ᠠᠮᠤ ᠪᠤᠳᠠᠭᠠᠨ᠎ᠤ ᠬᠤᠷᠢᠶᠠᠯᠲᠠ ᠡᠮᠬᠢ ᠵᠢᠷᠤᠮ᠎ᠲᠠᠢ ᠠᠬᠢᠵᠤ᠂ ᠭᠠᠬᠠᠢ᠎ᠶᠢᠨ ᠮᠢᠬ᠎ᠠ᠂ ᠦᠬᠡᠷ᠎ᠦᠨ ᠮᠢᠬᠠᠨ᠎ᠤ ᠭᠠᠷᠤᠯᠲᠠ ᠠᠳᠠᠯᠢ ᠬᠤᠭᠤᠴᠠᠭᠠᠨ᠎ᠤ ᠬᠢ᠎ᠡᠴᠡ 3.8%᠂ 11.6%᠎ᠪᠠᠷ ᠨᠡᠮᠡᠭᠳᠡᠵᠦ᠂ ᠦᠨᠢᠶᠡᠨ ᠰᠦ᠎ᠶ᠋ᠢᠨ ᠭᠠᠷᠤᠯᠲᠠ ᠠᠳᠠᠯᠢ ᠬᠤᠭᠤᠴᠠᠭᠠᠨ᠎ᠤ ᠬᠢ᠎ᠡᠴᠡ 2.2%᠎ᠢᠶᠡᠷ ᠨᠡᠮᠡᠭᠳᠡᠵᠡᠢ᠃ 

ᠠᠵᠤ ᠦᠢᠯᠡᠳᠪᠦᠷᠢ᠎ᠶᠢᠨ ᠦᠢᠯᠡᠳᠪᠦᠷᠢᠯᠡᠯ ᠲᠣᠭᠲᠠᠭᠤᠨ᠎ᠢᠶᠠᠷ ᠨᠡᠮᠡᠭᠳᠡᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ᠎ᠶᠢᠨ ᠰᠣᠯᠢᠭ᠍ᠳᠠᠯ᠎ᠢ ᠲᠦᠷᠭᠡᠪᠴᠢᠯᠡᠨ ᠠᠬᠢᠭᠤᠯᠪᠠ᠃ 2025 ᠣᠨ ᠪᠣᠯᠬᠤ᠎ᠳᠤ᠂ ᠥᠪᠥᠷ ᠮᠣᠩᠭᠣᠯ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠶᠡᠬᠡ᠎ᠪᠡᠷ ᠠᠬᠢᠭᠤᠯᠵᠤ᠂ ᠲᠡᠷᠢᠭᠦᠨ᠎ᠦ ᠦᠢᠯᠡᠳᠬᠦ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠬᠥᠳᠡᠯᠭᠡᠭᠴᠢ ᠡᠨᠧᠷᠭᠢ᠎ᠶ᠋ᠢ ᠬᠤᠷᠠᠮᠳᠤᠭᠤᠯᠤᠨ ᠵᠤᠵᠠᠭᠠᠳᠬᠠᠬᠤ᠂ ᠤᠯᠠᠮᠵᠢᠯᠠᠯᠲᠤ ᠬᠥᠳᠡᠯᠭᠡᠭᠴᠢ ᠡᠨᠧᠷᠭᠢ᠎ᠶ᠋ᠢ ᠱᠢᠨᠡᠴᠢᠯᠡᠨ ᠲᠡᠰ ᠳᠡᠪᠰᠢᠭᠦᠯᠬᠦ᠎ᠶᠢ ᠢᠳᠡᠪᠬᠢᠲᠡᠢ ᠠᠬᠢᠭᠤᠯᠬᠤ ᠳᠤᠮᠳᠠ ᠠᠵᠤ ᠦᠢᠯᠡᠳᠪᠦᠷᠢᠵᠢᠯᠲᠡ᠎ᠶᠢᠨ ᠬᠢᠷᠢ ᠲᠦᠪᠰᠢᠨ᠎ᠢᠶᠠᠨ ᠳᠡᠭᠡᠭ᠌ᠰᠢᠯᠡᠭᠦᠯᠵᠦ᠍᠂ ᠠᠵᠤ ᠦᠢᠯᠡᠳᠪᠦᠷᠢ᠎ᠶᠢᠨ ᠠᠵᠤ ᠠᠬᠤᠢ᠎ᠶᠢ ᠬᠥᠭᠵᠢᠭᠦᠯᠬᠦ᠎ᠳᠦ ᠬᠦᠴᠦᠨ ᠨᠡᠮᠡᠷᠢᠯᠡᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.9%᠎ᠪᠠᠷ ᠨᠡᠮᠡᠭᠳᠡᠪᠡ᠃ ᠡᠭᠦᠨ᠎ᠳᠦ᠂ ᠬᠡᠪᠴᠢᠶᠡᠵᠢᠯ᠎ᠡᠴᠡ ᠳᠡᠭᠡᠭᠰᠢᠬᠢ ᠲᠣᠨᠣᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠂ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ᠂ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠨᠡᠮᠡᠭᠳᠡᠯ ᠥᠷᠲᠡᠭ ᠴᠥᠮ 16%᠎ᠡᠴᠡ ᠳᠡᠭᠡᠭ᠌ᠰᠢᠬᠢ ᠲᠦᠷᠭᠡᠨ ᠬᠤᠷᠳᠤᠴᠠ᠎ᠪᠠᠷ ᠨᠡᠮᠡᠭ᠌ᠳᠡᠪᠡ᠃ 

ᠦᠢᠯᠡᠴᠢᠯᠡᠭᠡᠨ᠎ᠦ ᠦᠢᠯᠡᠰ ᠲᠣᠭᠲᠠᠭᠤᠨ᠎ᠢᠶᠠᠷ ᠠᠵᠢᠯᠯᠠᠪᠠ᠃ 2025 ᠣᠨ᠎ᠡᠴᠡ ᠨᠠᠭᠠᠰᠢ᠂ ᠥᠪᠥᠷ ᠮᠣᠩᠭᠣᠯ ᠦᠢᠯᠡᠳᠪᠦᠷᠢᠯᠡᠯ᠎ᠦᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠳᠡᠭᠡᠳᠦ ᠳᠡᠰᠵᠢᠯᠲᠡ ᠪᠠ ᠲᠤᠰᠬᠠᠢᠵᠢᠯᠲᠠ᠎ᠶᠢᠨ ᠴᠢᠭᠯᠡᠯ ᠲᠡᠢᠰᠢ ᠬᠥᠭ᠌ᠵᠢᠭᠦᠯᠬᠦ᠌᠎᠂ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠴᠢᠨᠠᠷᠵᠢᠯᠲᠠ ᠪᠠ ᠣᠯᠠᠨ ᠶᠠᠩᠵᠤᠴᠢᠯᠠᠯᠲᠠ᠎ᠶᠢᠨ ᠴᠢᠭᠯᠡᠯ ᠲᠡᠢᠰᠢ ᠬᠥᠭ᠌ᠵᠢᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠰᠢᠭ᠋᠎ᠢ ᠨᠡᠮᠡᠭᠳᠡᠭᠦᠯᠬᠦ᠎ᠳᠦ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢᠯᠡᠴᠢᠯᠡᠭᠡᠨ᠎ᠦ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 4.5%᠎ᠪᠠᠷ ᠨᠡᠮᠡᠭᠳᠡᠪᠡ᠃ ᠡᠭᠦᠨ᠎ᠳᠦ᠂ ᠪᠥᠭᠡᠮ᠎ᠢᠶᠡᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6.6%᠎ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ᠎ᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.9%᠎ᠪᠠᠷ ᠨᠡᠮᠡᠭ᠌ᠳᠡᠨ᠂ ᠰᠢᠨᠵᠢᠯᠡᠬᠦ ᠤᠬᠠᠭᠠᠨ᠎ᠤ ᠰᠤᠳᠤᠯᠭᠠᠨ ᠪᠠ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠣᠷᠣᠯᠭ᠎ᠠ ᠦᠨᠳᠦᠷ ᠬᠤᠷᠳᠤᠴᠠ᠎ᠪᠠᠷ ᠨᠡᠮᠡᠭ᠌ᠳᠡᠵᠡᠢ᠃ 

ᠪᠡᠯᠡ ᠣᠷᠣᠭᠤᠯᠤᠯᠲᠠ᠎ᠶᠢᠨ ᠬᠡᠪᠴᠢᠶ᠎ᠡ ᠦᠷᠭᠦᠯᠵᠢᠯᠡᠨ ᠥᠷᠭᠡᠳᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠡᠭᠦᠯᠴᠢ᠎ᠶᠢᠨ ᠵᠢᠯ᠎ᠳᠦ᠂ ᠥᠪᠥᠷ ᠮᠣᠩᠭᠣᠯ ᠤᠯᠤᠰ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭ᠍ᠲᠠ ᠤᠶᠠᠯᠳᠤᠭᠤᠯᠤᠨ᠂ ᠪᠡᠯᠡ ᠣᠷᠣᠭᠤᠯᠤᠯᠲᠠ᠎ᠶᠢ ᠬᠢᠨᠠᠨ ᠵᠦᠪᠱᠢᠶᠡᠷᠡᠬᠦ᠌ ᠴᠣᠪᠣᠷᠠᠯ᠎ᠢ ᠳᠥᠭᠥᠮᠴᠢᠯᠡᠵᠦ᠍᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠴᠢᠬᠤᠯᠠ ᠶᠡᠬᠡ ᠲᠦᠷᠦᠯ ᠵᠦᠢᠯ᠎ᠢ ᠵᠣᠬᠢᠴᠠᠭᠤᠯᠤᠨ ᠠᠬᠢᠭᠤᠯᠬᠤ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠦ᠍᠂ ᠵᠠᠰᠠᠭ᠎ᠤᠨ ᠣᠷᠳᠣᠨ᠎ᠤ ᠡᠯ᠎ᠡ ᠲᠦᠷᠦᠯ᠎ᠦᠨ ᠪᠡᠯᠡ ᠣᠷᠣᠭᠤᠯᠤᠯᠲᠠ᠎ᠶᠢᠨ ᠪᠠᠭᠠᠵᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠡᠳ᠋᠎ᠦᠨ ᠵᠠᠰᠠᠭ ᠬᠢᠭᠡᠳ ᠮᠥᠩᠭᠥᠨ ᠭᠦᠢᠯᠭᠡᠭᠡᠨ᠎ᠦ ᠬᠠᠮᠵᠢᠯᠴᠠᠭ᠎ᠠ᠎ᠶᠢ ᠴᠢᠩᠭᠠᠳᠬᠠᠵᠤ᠂ ᠲᠦᠷᠦᠯ ᠵᠦᠢᠯ᠎ᠦᠨ ᠨᠥᠭᠡᠴᠡ ᠪᠠ ᠬᠦᠴᠦᠨ ᠵᠦᠢᠯ᠎ᠦᠨ ᠪᠠᠲᠤᠯᠠᠭ᠎ᠠ᠎ᠶᠢ ᠴᠢᠩᠭᠠᠳᠭᠠᠨ᠂ ᠨᠢᠭᠡ ᠪᠦᠯᠦᠭ ᠭᠣᠣᠯᠳᠠᠯᠭ᠎ᠠ ᠪᠣᠯᠬᠤ ᠲᠦᠷᠦᠯ ᠵᠦᠢᠯ᠂ ᠴᠢᠬᠤᠯᠠ ᠶᠡᠬᠡ ᠲᠦᠷᠦᠯ ᠵᠦᠢᠯ᠎ᠢ ᠲᠦᠷᠭᠡᠪᠴᠢᠯᠡᠨ ᠬᠡᠷᠡᠭᠵᠢᠭᠦᠯᠵᠦ᠂ ᠪᠡᠯᠡ ᠣᠷᠣᠭᠤᠯᠤᠯᠲᠠ᠎ᠶᠢᠨ ᠲᠣᠭᠲᠠᠭᠤᠨ ᠨᠡᠮᠡᠭ᠌ᠳᠡᠯ᠎ᠢ ᠳᠠᠢᠴᠢᠯᠠᠵᠠᠢ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠪᠠᠭᠲᠠᠬᠤ ᠦᠭᠡᠢ) ᠠᠳᠠᠯᠢ ᠬᠤᠭᠤᠴᠠᠭᠠᠨ᠎ᠤ ᠬᠢ᠎ᠡᠴᠡ 3.7%᠎ᠪᠠᠷ ᠨᠡᠮᠡᠭᠳᠡᠪᠡ᠃ ᠡᠭᠦᠨ᠎ᠳᠦ᠂ ᠰᠠᠭᠤᠷᠢ ᠪᠡᠯᠡᠳᠭᠡᠮᠵᠢ᠎ᠶ᠋ᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 8.1%᠎ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠎ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭᠠᠯᠭ᠎ᠠ᠎ᠶᠢᠨ ᠦᠢᠯᠡᠰ᠎ᠦᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 14.8%᠎ᠪᠠᠷ ᠨᠡᠮᠡᠭᠳᠡᠵᠡᠢ᠃ 

ᠵᠠᠬ᠎ᠠ ᠳᠡᠯᠭᠡᠭᠦᠷ᠎ᠦᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠪᠡ᠃ ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ ᠴᠢᠨᠠᠷᠯᠢᠭ ᠬᠠᠩᠭᠠᠯᠭ᠎ᠠ᠎ᠶᠢ ᠨᠡᠮᠡᠭᠳᠡᠭᠦᠯᠬᠦ᠂ ᠬᠡᠷᠡᠭ᠌ᠯᠡᠭᠡ᠎ᠶ᠋ᠢᠨ ᠣᠷᠴᠢᠨ ᠨᠦᠬᠦᠴᠡᠯ᠎ᠢ ᠰᠠᠢᠵᠢᠷᠠᠭᠤᠯᠬᠤ ᠵᠡᠷᠭᠡ ᠣᠯᠠᠨ ᠵᠦᠢᠯ᠎ᠦᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠣᠯᠠᠨ ᠶᠠᠩᠵᠤᠴᠢᠯᠠᠭ᠍ᠰᠠᠨ᠂ ᠵᠦᠷᠢᠶᠡᠴᠢᠯᠡᠭᠰᠡᠨ ᠬᠡᠷᠡᠭ᠌ᠯᠡᠭᠡ᠎ᠶ᠋ᠢᠨ ᠬᠡᠷᠡᠭᠴᠡᠭᠡ ᠱᠠᠭᠠᠷᠳᠠᠯᠭ᠎ᠠ᠎ᠶᠢ ᠬᠥᠭ᠌ᠵᠢᠭᠡᠵᠦ᠍᠂ ᠰᠣᠶᠣᠯ᠂ ᠵᠢᠭᠤᠯᠴᠢᠯᠠᠯ᠂ ᠪᠡᠶ᠎ᠡ᠎ᠶᠢᠨ ᠲᠠᠮᠢᠷ᠎ᠤᠨ ᠬᠡᠷᠡᠭ᠌ᠯᠡᠭᠡ᠎ᠶ᠋ᠢᠨ ᠳᠠᠯᠳᠠ ᠬᠦᠴᠦᠨ᠎ᠢ ᠠᠭᠤᠳᠠᠯᠬᠤ ᠪᠠ ᠬᠡᠷᠡᠭ᠌ᠯᠡᠭᠡ᠎ᠶ᠋ᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠪᠠᠷ ᠳᠠᠮᠵᠢᠭᠤᠯᠤᠨ ᠵᠠᠬ᠎ᠠ ᠳᠡᠯᠭᠡᠭᠦᠷ᠎ᠦᠨ ᠪᠣᠷᠤᠯᠠᠭᠤᠯᠭ᠎ᠠ᠎ᠶᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠬᠡᠷᠡᠭ᠌ᠯᠡᠭᠡ᠎ᠶ᠋ᠢᠨ ᠬᠡᠪᠴᠢᠶ᠎ᠡ᠎ᠶᠢ ᠥᠷᠭᠡᠳᠬᠡᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠨᠡᠢᠭᠡᠮ᠎ᠦᠨ ᠬᠡᠷᠡᠭ᠌ᠯᠡᠭᠡ᠎ᠶ᠋ᠢᠨ ᠵᠦᠢᠯ᠎ᠦᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 3850.5 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 7.2%᠎ᠢᠶᠠᠷ ᠨᠡᠮᠡᠭᠳᠡᠪᠡ᠃ ᠡᠭᠦᠨ᠎ᠳᠦ᠂ ᠰᠢᠨ᠎ᠡ ᠡᠨᠧᠷᠭᠢ᠎ᠶᠢᠨ ᠮᠠᠰᠢᠨ ᠲᠡᠷᠭᠡᠨ᠎ᠦ ᠲᠥᠷᠥᠯ᠎ᠦᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 55.7%᠎ᠪᠠᠷ ᠨᠡᠮᠡᠭᠳᠡᠵᠡᠢ᠃ 

ᠰᠠᠭᠤᠭᠠᠯᠢ ᠠᠷᠠᠳ᠎ᠤᠨ ᠣᠷᠣᠯᠭ᠎ᠠ ᠲᠣᠭᠲᠠᠭᠤᠨ᠎ᠢᠶᠠᠷ ᠨᠡᠮᠡᠭᠳᠡᠪᠡ᠃ 2025 ᠣᠨ᠎ᠳᠤ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ ᠪᠠ ᠨᠡᠢᠭᠡᠮ᠎ᠦᠨ ᠪᠠᠲᠤᠯᠠᠭ᠎ᠠ᠎ᠶᠢᠨ ᠬᠢᠷᠢ ᠲᠦᠪᠰᠢᠨ᠎ᠢ ᠲᠣᠭᠲᠠᠭᠤᠨ᠎ᠢᠶᠠᠷ ᠳᠡᠭᠡᠭᠰᠢᠯᠡᠭᠦᠯᠬᠦ᠎ᠪᠡᠷ ᠳᠠᠮᠵᠢᠭᠤᠯᠤᠨ ᠰᠠᠭᠤᠭᠠᠯᠢ ᠠᠷᠠᠳ᠎ᠤᠨ ᠣᠷᠣᠯᠭ᠎ᠠ᠎ᠶᠢᠨ ᠲᠣᠭᠲᠠᠭᠤᠨ ᠨᠡᠮᠡᠭ᠌ᠳᠡᠯ᠎ᠢ ᠠᠬᠢᠭᠤᠯᠪᠠ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠣᠷᠣᠨ᠎ᠤ ᠪᠦᠬᠦᠢᠯᠡ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤᠢ᠍ᠢᠴᠠ ᠣᠷᠣᠯᠭ᠎ᠠ 31109 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠥᠩᠭᠡᠨ ᠳᠡᠭᠡᠷ᠎ᠡ᠎ᠪᠡᠨ 4.7%᠎ᠪᠠᠷ ᠨᠡᠮᠡᠭᠳᠡᠪᠡ᠃ ᠪᠠᠢᠩᠭᠤ ᠰᠠᠭᠤᠭ᠎ᠠ ᠭᠠᠵᠠᠷ᠎ᠢᠶᠠᠷ ᠠᠩᠭᠢᠯᠠᠪᠠᠯ᠂ ᠬᠣᠲᠠ ᠪᠠᠯᠭᠠᠰᠤᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤᠢ᠍ᠢᠴᠠ ᠣᠷᠣᠯᠭ᠎ᠠ 40602 ᠲᠥᠭᠥᠷᠢᠭ᠎ᠲᠤ ᠬᠦᠷᠴᠦ᠍᠂ ᠮᠠᠯᠵᠢᠬᠤ ᠲᠠᠷᠢᠶᠠᠯᠠᠬᠤ ᠣᠷᠣᠨ᠎ᠤ ᠪᠠᠢᠩᠭᠤ ᠰᠠᠭᠤᠭ᠎ᠠ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤᠢ᠍ᠢᠴᠠ ᠣᠷᠣᠯᠭ᠎ᠠ ᠨᠢ 15583 ᠲᠥᠭᠥᠷᠢᠭ᠎ᠲᠤ ᠬᠦᠷᠦᠭ᠌ᠰᠡᠨ ᠪᠠᠢᠨ᠎ᠠ᠃ 

《ᠶᠡᠷᠦᠩᠬᠡᠢ᠎ᠳᠤ ᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ ᠪᠦᠬᠦ ᠣᠷᠣᠨ᠎ᠤ ᠠᠵᠤ ᠠᠬᠤᠢ ᠲᠣᠭᠲᠠᠭᠤᠨ᠎ᠢᠶᠠᠷ ᠨᠡᠮᠡᠭᠳᠡᠬᠦ ᠬᠠᠨᠳᠤᠰᠢ᠎ᠪᠠᠨ ᠪᠠᠲᠤᠯᠠᠵᠤ᠂ ᠴᠢᠨᠠᠷ ᠰᠠᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠠᠢ᠃ ᠭᠡᠪᠡᠴᠦ ᠣᠳᠣᠬᠠᠨ᠎ᠤ ᠠᠵᠤ ᠠᠬᠤᠢ᠎ᠶ᠋ᠢᠨ ᠠᠵᠢᠯᠯᠠᠭᠠᠨ᠎ᠳᠤ ᠮᠥᠨ ᠯᠡ ᠴᠥᠭᠡᠨ ᠪᠤᠰᠤ ᠲᠦᠭᠰᠢᠭᠦᠷᠢ ᠰᠢᠯᠭᠠᠯᠲᠠ ᠲᠤᠯᠭᠠᠷᠠᠵᠤ᠂ ᠨᠡᠮᠡᠭᠳᠡᠯ᠎ᠢ ᠲᠣᠭᠲᠠᠪᠤᠷᠢᠵᠢᠭᠤᠯᠬᠤ ᠳᠠᠷᠤᠭᠠᠰᠤ ᠮᠥᠨ ᠯᠡ ᠪᠠᠭ᠎ᠠ ᠪᠤᠰᠤ ᠪᠠᠢᠨ᠎ᠠ ᠭᠡᠳᠡᠭ᠎ᠢ ᠣᠯᠵᠤ ᠬᠠᠷᠠᠬᠤ ᠬᠡᠷᠡᠭᠲᠡᠢ᠃ ᠡᠢᠮᠦᠷᠬᠦᠦ ᠪᠠᠢᠳᠠᠯ᠎ᠤᠨ ᠳᠣᠣᠷ᠎ᠠ᠂ ᠪᠢᠳᠡ ᠢᠲᠡᠭᠡᠯ ᠵᠣᠷᠢᠭ᠋᠎ᠢᠶᠠᠨ ᠤᠯᠠᠮ ᠨᠢᠭᠡ ᠠᠯᠬᠤᠮ ᠪᠠᠲᠤᠳᠬᠠᠵᠤ᠂ ᠬᠦᠴᠢᠷ᠎ᠢ ᠰᠥᠷᠦᠨ ᠤᠷᠤᠭᠰᠢᠯᠠᠵᠤ᠂ ᠪᠦᠬᠦ ᠬᠦᠴᠦᠨ᠎ᠢᠶᠡᠷ᠎ᠢᠶᠡᠨ ᠥᠭᠡᠷᠡᠴᠢᠯᠡᠯᠲᠡ᠎ᠶᠢ ᠠᠳᠬᠤᠵᠤ᠂ ᠪᠦᠲᠦᠴᠡ᠎ᠶᠢ ᠲᠣᠬᠢᠷᠠᠭᠤᠯᠤᠨ᠂ ᠨᠡᠮᠡᠭᠳᠡᠯ᠎ᠢ ᠲᠣᠭᠲᠠᠪᠤᠷᠢᠵᠢᠭᠤᠯᠵᠤ᠂ ᠬᠥᠭᠵᠢᠯᠲᠡ᠎ᠶᠢ ᠠᠬᠢᠭᠤᠯᠤᠨ᠂ ᠰᠢᠨ᠎ᠡ ᠬᠠᠭᠤᠴᠢᠨ ᠬᠦᠳᠡᠯᠭᠡᠭ᠌ᠴᠢ ᠡᠨᠧᠷᠭᠢ᠎ᠶ᠋ᠢᠨ ᠦᠷᠭᠦᠯᠵᠢᠯᠡᠨ ᠲᠣᠭᠲᠠᠭᠤᠨ᠎ᠢᠶᠠᠷ ᠰᠣᠯᠢᠭ᠍ᠳᠠᠬᠤ᠎ᠶᠢ ᠲᠦᠷᠭᠡᠨ ᠠᠬᠢᠭᠤᠯᠳᠠᠭ ᠯᠠ ᠶᠤᠮ ᠪᠣᠯ ᠪᠦᠬᠦ ᠣᠷᠣᠨ᠎ᠤ ᠠᠵᠤ ᠠᠬᠤᠢ᠎ᠶ᠋ᠢᠨ ᠲᠣᠭᠲᠠᠭᠤᠨ ᠪᠦᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠵᠤ ᠴᠢᠳᠠᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃ 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ