ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
G10 ᠰᠦᠢ ᠹᠧᠨ ᠾᠧ᠎ᠡᠴᠡ ᠮᠠᠨᠵᠤᠤᠷ ᠬᠦᠷᠬᠦ᠌ ᠲᠦᠷᠭᠡᠨ᠎ᠦ ᠵᠠᠰᠠᠮᠠᠯ ᠵᠠᠮ᠎ᠢ ᠬᠠᠢᠯᠠᠷ᠎ᠤᠨ ᠬᠣᠢᠲᠤ ᠬᠡᠰᠡᠭ᠎ᠦᠨ ᠲᠦᠷᠭᠡᠨ᠎ᠦ ᠵᠠᠰᠠᠮᠠᠯ ᠵᠠᠮ ᠯᠤᠭ᠎ᠠ ᠬᠣᠯᠪᠣᠯᠳᠤᠭᠤᠯᠪᠠ
ᠨᠡᠶ᠋ᠢᠲᠡᠯᠡᠭᠰᠡᠨ ᠴᠠᠭ᠄ 2025-10-30

10 ᠳ᠋ᠤᠭᠠᠷ ᠰᠠᠷ᠎ᠠ᠎ᠶᠢᠨ 28 ᠎ᠤ ᠡᠳᠦᠷ᠂ G10 ᠰᠦᠢ ᠹᠧᠨ ᠾᠧ᠎ᠡᠴᠡ ᠮᠠᠨᠵᠤᠤᠷ ᠬᠦᠷᠬᠦ᠌ ᠲᠦᠷᠭᠡᠨ᠎ᠦ ᠵᠠᠰᠠᠮᠠᠯ ᠵᠠᠮ᠎ᠤᠨ ᠬᠠᠢᠯᠠᠷ᠎ᠤᠨ ᠬᠣᠢᠲᠤ ᠬᠡᠰᠡᠭ᠎ᠢᠶᠡᠷ ᠨᠡᠪᠲᠡᠷᠡᠬᠦ ᠰᠦᠢᠳᠬᠡᠯ ᠬᠤᠷᠢᠶᠠᠬᠤ ᠭᠠᠵᠠᠷ᠎ᠢ ᠵᠢᠩᠬᠢᠨᠢ᠎ᠪᠡᠷ ᠨᠡᠪᠲᠡᠷᠡᠭᠦᠯᠦᠨ ᠠᠵᠢᠯᠯᠠᠭᠤᠯᠬᠤ᠎ᠶ᠋ᠢ ᠳᠠᠭᠠᠯᠳᠤᠨ᠂ G10 ᠰᠦᠢ ᠹᠧᠨ ᠾᠧ᠎ᠡᠴᠡ ᠮᠠᠨᠵᠤᠤᠷ ᠬᠦᠷᠬᠦ᠌ ᠲᠦᠷᠭᠡᠨ᠎ᠦ ᠵᠠᠰᠠᠮᠠᠯ ᠵᠠᠮ ᠨᠢ ᠬᠠᠢᠯᠠᠷ᠎ᠤᠨ ᠬᠣᠢᠲᠤ ᠬᠡᠰᠡᠭ᠎ᠢᠶᠡᠷ ᠨᠡᠪᠲᠡᠷᠡᠬᠦ᠌ ᠵᠠᠮ ᠯᠤᠭ᠎ᠠ ᠵᠢᠩᠬᠢᠨᠢ᠎ᠪᠡᠷ ᠬᠣᠯᠪᠣᠯᠳᠤᠪᠠ᠃ ᠡᠨᠡ ᠨᠢ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠥᠯᠥᠨ ᠪᠤᠢ᠍ᠢᠷ᠎ᠲᠠᠬᠢ ᠬᠤᠪᠢᠶᠠᠷᠢ ᠺᠣᠮᠫᠠᠨᠢ᠎ᠶ᠋ᠢᠨ ᠪᠠᠢᠭᠤᠯᠤᠭᠰᠠᠨ ᠣᠷᠣᠨ ᠪᠦᠰᠡ᠎ᠶᠢᠨ ᠵᠠᠮ ᠬᠠᠷᠢᠯᠴᠠᠭᠠᠨ᠎ᠤ ᠰᠢᠨ᠎ᠡ ᠵᠠᠩᠭᠢᠯᠠᠭ᠎ᠠ᠎ᠶᠢᠨ ᠴᠡᠭ ᠪᠠᠢᠵᠤ᠂ ᠬᠥᠯᠥᠨ ᠪᠤᠢ᠍ᠢᠷ᠎ᠤᠨ ᠬᠤᠳᠠ᠎ᠶᠢᠨ ᠲᠥᠪ᠎ᠲᠡᠬᠢ ᠬᠣᠲᠠ ᠲᠣᠭᠣᠷᠢᠭ᠋᠎ᠤᠨ ᠬᠣᠢᠲᠤ ᠬᠡᠰᠡᠭ᠎ᠦᠨ ᠵᠠᠮ ᠬᠠᠷᠢᠯᠴᠠᠭᠠᠨ᠎ᠤ ᠲᠣᠣᠷ᠎ᠤᠨ ᠲᠡᠰ ᠳᠡᠪᠰᠢᠬᠦ᠎ᠶ᠋ᠢ ᠬᠤᠷᠳᠤᠳᠭᠠᠪᠠ᠃

ᠬᠠᠢᠯᠠᠷ᠎ᠤᠨ ᠬᠣᠢᠲᠤ ᠬᠡᠰᠡᠭ᠎ᠢᠶᠡᠷ ᠨᠡᠪᠲᠡᠷᠡᠬᠦ᠌ ᠰᠦᠢᠳᠬᠡᠯ ᠬᠤᠷᠢᠶᠠᠬᠤ ᠭᠠᠵᠠᠷ ᠨᠢ G10 ᠰᠦᠢ ᠹᠧᠨ ᠾᠧ᠎ᠡᠴᠡ ᠮᠠᠨᠵᠤᠤᠷ ᠬᠦᠷᠬᠦ᠌ ᠲᠦᠷᠭᠡᠨ᠎ᠦ ᠵᠠᠰᠠᠮᠠᠯ ᠵᠠᠮ᠎ᠤᠨ ᠬᠠᠢᠯᠠᠷ᠎ᠠᠴᠠ ᠮᠠᠨᠵᠤᠤᠷ ᠬᠦᠷᠬᠦ᠌ ᠬᠡᠰᠡᠭ᠎ᠦᠨ K1245 + 948 ᠭᠠᠵᠠᠷ᠎ᠲᠤ ᠪᠠᠢᠷᠢᠯᠠᠵᠤ᠂ ᠬᠣᠣᠰ ᠯᠠᠪᠠᠷ ᠮᠠᠶᠢᠭ᠋᠎ᠤᠨ ᠬᠠᠷᠢᠯᠴᠠᠨ ᠨᠡᠪᠲᠡᠷᠡᠬᠦ ᠵᠢᠷᠤᠭ ᠲᠥᠯᠥᠪᠯᠡᠭᠡ᠎ᠶᠢ ᠬᠡᠷᠡᠭ᠌ᠯᠡᠵᠡᠢ᠂ ᠬᠣᠯᠪᠣᠭᠠᠰᠤ ᠵᠠᠮ᠎ᠤᠨ ᠪᠥᠬᠥ ᠣᠷᠳᠣ᠌ ᠨᠢ 3.52 ᠺᠢᠯᠣᠮᠧᠲᠷ ᠪᠠᠢᠵᠤ᠂ ᠰᠦᠢᠳᠬᠡᠯ ᠬᠤᠷᠢᠶᠠᠬᠤ ᠭᠠᠵᠠᠷ᠎ᠢᠶᠠᠷ ᠨᠡᠪᠲᠡᠷᠡᠬᠦ᠌ ᠲᠡᠷᠭᠡᠨ ᠵᠠᠮ᠎ᠢ 10 ᠲᠣᠬᠢᠷᠠᠭᠤᠯᠵᠤ᠂ ᠬᠥᠯᠥᠨ ᠪᠣᠶ᠋ᠢᠷ ᠬᠣᠲᠠ᠎ᠶᠢᠨ ᠲᠥᠪ᠎ᠲᠠᠬᠢ ᠬᠣᠲᠠ ᠲᠣᠭᠤᠷᠢᠭ᠎ᠤᠨ ᠬᠣᠢᠲᠤ ᠬᠡᠰᠡᠭ᠎ᠦᠨ ᠵᠠᠩᠭᠢᠯᠠᠭ᠎ᠠ ᠪᠣᠯᠬᠤ ᠵᠠᠮ ᠬᠠᠷᠢᠯᠴᠠᠭᠠᠨ᠎ᠤ ᠬᠦᠢᠰᠦ ᠪᠣᠯᠣᠨ᠎ᠠ᠃ ᠲᠤᠰ ᠵᠠᠮ ᠨᠡᠪᠲᠡᠷᠡᠭ᠌ᠰᠡᠨ᠎ᠦ ᠳᠠᠷᠠᠭ᠎ᠠ᠂ ᠣᠷᠣᠨ ᠪᠦᠰᠡ᠎ᠶᠢᠨ ᠵᠠᠮ ᠬᠠᠷᠢᠯᠴᠠᠭᠠᠨ᠎ᠤ ᠲᠥᠪᠯᠡᠷᠡᠭᠦᠯᠵᠦ ᠲᠠᠷᠬᠠᠭᠠᠬᠤ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠡᠷᠬᠢᠨ ᠲᠣᠭᠣᠷᠢᠨ᠎ᠤ ᠤᠯᠠᠨ ᠲᠦᠮᠡᠨ᠎ᠦ ᠶᠠᠪᠤᠵᠤ ᠰᠠᠭᠤᠬᠤ ᠨᠥᠬᠥᠴᠡᠯ᠎ᠢ ᠪᠦᠲᠦᠮᠵᠢᠲᠡᠢ ᠰᠠᠢᠵᠢᠷᠠᠭᠤᠯᠬᠤ ᠪᠣᠯᠣᠨ᠎ᠠ — ᠮᠠᠨᠵᠤᠤᠷ ᠬᠤᠳᠠ᠂ ᠵᠠᠯᠠᠢ᠍ᠢᠨᠠᠭᠤᠷ ᠲᠣᠭᠣᠷᠢᠭ᠋᠂ ᠬᠠᠭᠤᠴᠢᠨ ᠪᠠᠷᠭᠤ ᠬᠣᠰᠢᠭᠤ ᠵᠡᠷᠭᠡ ᠬᠣᠰᠢᠭᠤ ᠬᠤᠳᠠ ᠲᠣᠭᠣᠷᠢᠭ᠋᠎ᠲᠤ ᠬᠦᠷᠬᠦ ᠴᠠᠭ᠎ᠢ ᠶᠡᠬᠡ᠎ᠪᠡᠷ ᠪᠤᠭᠤᠨᠢᠰᠭᠠᠵᠤ᠂ ᠬᠤᠳᠠ ᠬᠥᠳᠡᠭᠡ᠎ᠶᠢᠨ ᠠᠭᠤᠰᠤᠯᠴᠠᠯ᠎ᠢ ᠠᠬᠢᠭᠤᠯᠬᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠲᠠᠯ᠎ᠠ᠎ᠪᠠᠷ ᠬᠦᠳᠡᠯᠭᠡᠭ᠌ᠴᠢ ᠬᠦᠴᠦᠨ ᠨᠡᠮᠡᠷᠢᠯᠡᠨ᠂ ᠬᠥᠭᠵᠢᠯᠲᠡ᠎ᠶᠢ ᠬᠣᠯᠪᠣᠭᠰᠠᠨ 《ᠪᠠᠶᠠᠵᠢᠯ᠎ᠤᠨ ᠵᠠᠮ》 ᠬᠢᠭᠡᠳ ᠠᠷᠠᠳ᠎ᠤᠨ ᠰᠡᠳᠬᠢᠯ᠎ᠢ ᠨᠢᠭ᠍ᠲᠠᠷᠠᠭᠤᠯᠤᠭᠰᠠᠨ 《ᠵᠢᠷᠭᠠᠯ᠎ᠤᠨ ᠵᠠᠮ》 ᠪᠣᠯᠣᠭ᠍ᠰᠠᠨ ᠪᠠᠢᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ