ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠶᠠᠯᠠᠯ᠎ᠢ ᠵᠠᠮᠴᠢᠯᠠᠨ ᠴᠢᠭᠯᠡᠯ᠎ᠢ ᠳᠤᠭᠳᠠᠭᠠᠵᠦ ᠤᠷᠤᠭᠰᠢᠯᠠᠬᠤ ᠵᠠᠮ᠎ᠢ ᠭᠡᠷᠡᠯᠲᠦᠭᠦᠯᠵᠦ ᠪᠣᠳᠠᠲᠠᠢ ᠠᠵᠢᠯᠯᠠᠨ ᠳᠠᠷᠪᠠᠭᠤᠯ ᠪᠤᠰᠬᠠᠵᠦ ᠰᠠᠷᠠᠭᠤᠯ ᠢᠷᠡᠭᠡᠳᠦᠢ᠎ᠶᠢ ᠴᠤᠭᠴᠠᠯᠠᠨ᠎ᠠ ​— ᠪᠦᠬᠦ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ ᠥᠷᠨᠢᠯᠲᠡ᠎ᠶᠢ ᠦᠳᠲᠡᠷ ᠲᠦᠷᠭᠡᠨ ᠭᠠᠷᠭᠠᠪᠠ
ᠨᠡᠶ᠋ᠢᠲᠡᠯᠡᠭᠰᠡᠨ ᠴᠠᠭ᠄ 2025-10-30

 

ᠠᠯᠤᠰ᠎ᠤᠨ ᠲᠦᠰᠦᠪ ᠤᠳᠤᠨ ᠮᠡᠴᠢᠳ ᠮᠡᠲᠦ ᠭᠢᠯᠠᠯᠵᠠᠵᠤ᠂ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠤᠨ᠎ᠠ;ᠪᠣᠳᠠᠲᠠᠢ ᠠᠵᠢᠯᠯᠠᠵᠤ ᠪᠠᠲᠤᠲᠠᠢ ᠦᠢᠯᠡᠳᠦᠯᠭᠡᠵᠢᠭᠦᠯᠵᠦ᠂ ᠴᠠᠭ ᠦᠶ᠎ᠡ᠎ᠶᠢᠨ ᠢᠷᠠᠭᠤ ᠬᠠᠭᠤᠳᠠᠰᠤ᠎ᠶᠢ ᠪᠢᠴᠢᠭᠯᠡᠨ᠎ᠡ᠃ ᠣᠢᠷ᠎ᠠ᠎ᠶᠢᠨ ᠡᠳᠦᠷ ᠎ᠦᠳ᠎ᠲᠤ᠂ ᠥᠪᠥᠷ ᠮᠣᠩᠭᠣᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠎ᠶᠢ ᠭᠦᠨᠵᠡᠭᠡᠢ ᠰᠤᠷᠤᠯᠴᠠᠨ ᠨᠠᠷᠢᠯᠢᠭ ᠣᠢᠯᠠᠭᠠᠬᠤ᠎ᠪᠠᠷ ᠵᠢᠯᠣᠭᠣᠳᠤᠮᠵᠢ ᠪᠣᠯᠭᠠᠵᠤ᠂ ᠰᠠᠢᠳᠤᠷ ᠤᠢᠯᠠᠭᠠᠵᠤ ᠲᠤᠭᠤᠷᠠᠳᠠᠯ᠎ᠠ ᠮᠡᠳᠡᠬᠦ ᠳᠤᠮᠳᠠ ᠢᠲᠡᠭᠡᠯ ᠪᠢᠰᠢᠷᠡᠯ᠎ᠤᠨ ᠰᠠᠭᠤᠷᠢ᠎ᠪᠠᠨ ᠪᠡᠬᠢᠵᠢᠭᠦᠯᠵᠦ᠂ ᠪᠥᠬᠥᠳᠡ ᠬᠤᠷᠠᠯ᠎ᠤᠨ ᠵᠣᠷᠢᠭ᠋ ᠰᠠᠨᠠᠭᠠᠨ᠎ᠤ ᠵᠢᠭᠠᠭᠰᠠᠨ ᠵᠠᠮ᠎ᠢᠶᠠᠷ ᠴᠢᠨᠠᠷ ᠰᠠᠢᠲᠠᠢ ᠬᠥᠭᠵᠢᠯᠲᠡ᠎ᠶᠢ ᠡᠷᠡᠰ ᠭᠤᠢᠪᠢᠰᠢ ᠦᠭᠡᠢ ᠠᠬᠢᠭᠤᠯᠵᠤ ᠪᠤᠢ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ᠃ ᠬᠤᠷᠠᠯ᠎ᠡᠴᠡ᠂ ᠰᠤᠷᠭᠠᠨ ᠬᠥᠮᠦᠵᠢᠯ᠎ᠤᠨ ᠰᠢᠰᠲᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠤᠰᠬᠠᠢ ᠰᠡᠳᠦᠪᠲᠦ ᠰᠤᠷᠤᠯᠴᠠᠯᠭ᠎ᠠ᠎ᠶᠢ ᠵᠣᠬᠢᠶᠠᠨ ᠪᠠᠶ᠋ᠢᠭᠤᠯᠬᠤ᠂ ᠲᠠᠰ ᠳᠠᠪᠬᠤᠷᠭ᠎ᠠ ᠬᠤᠪᠢᠶᠠᠨ ᠤᠬᠠᠭᠤᠯᠤᠨ ᠲᠠᠢᠯᠪᠤᠷᠢᠯᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠨᠠᠩ ᠥᠨᠳᠥᠷ ᠵᠣᠭᠰᠣᠴᠠ᠂ ᠨᠠᠩ ᠪᠠᠲᠤ ᠢᠲᠡᠭᠡᠯ᠂ ᠨᠠᠩ ᠰᠠᠨᠠᠭᠠᠴᠢᠯᠠᠭ᠎ᠠ᠎ᠡᠴᠡ᠎ᠪᠠᠨ 《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭᠠᠨ ᠳ᠋ᠡᠬᠢ ᠪᠥᠬᠥ ᠣᠷᠣᠨ᠎ᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢᠨ ᠦᠢᠯᠡᠰ᠎ᠦᠨ ᠬᠥᠭᠵᠢᠯᠲᠡ᠎ᠶᠢ ᠰᠠᠢᠲᠤᠷ ᠠᠬᠢᠭᠤᠯᠬᠤ ᠬᠡᠷᠡᠭᠲᠡᠢ᠃ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠪᠣᠯᠣᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠠᠬᠢᠭᠤᠯᠬᠤ ᠵᠣᠬᠢᠴᠠᠭᠤᠯᠬᠤ ᠲᠣᠭᠲᠡᠴᠡ᠎ᠶᠢ ᠢᠳᠡᠪᠬᠢᠲᠡᠢ ᠰᠦᠪᠡᠭᠴᠢᠯᠡᠵᠦ᠂ ᠶᠡᠬᠡ ᠳᠡᠭᠡᠳᠦ ᠰᠤᠷᠭᠠᠭᠤᠯᠢ᠎ᠶᠢᠨ ᠤᠤᠭᠠᠯ ᠰᠢᠨ᠎ᠡ ᠡᠭᠦᠳᠦᠯᠲᠡ ᠪᠣᠯᠣᠨ ᠮᠡᠷᠭᠡᠵᠢᠯ᠎ᠦᠨ ᠪᠣᠭᠣᠮᠲᠠ ᠰᠢᠪᠲᠤᠯᠤᠯᠲᠠ᠎ᠶᠢ ᠳᠡᠮᠵᠢᠵᠦ᠂ ᠠᠵᠤ ᠦᠢᠯᠡᠰ᠎ᠦᠨ ᠰᠢᠨ᠎ᠡ ᠡᠭᠦᠳᠦᠯᠲᠡ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠶᠢᠨ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠵᠤ᠂ ᠠᠷᠠᠳ ᠤᠯᠠᠨ᠎ᠤ ᠠᠩᠬᠠᠷᠤᠨ ᠬᠠᠯᠠᠮᠵᠢᠯᠠᠵᠤ ᠪᠠᠢᠭ᠎ᠠ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ  ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠶᠡᠬᠡ ᠬᠦᠴᠦ ᠣᠷᠣᠭᠤᠯᠵᠤ ᠪᠠᠢᠭᠠᠳ ᠠᠷᠠᠳ ᠲᠦᠮᠡᠨ᠎ᠦ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ᠎ᠢ ᠰᠠᠢᠲᠤᠷ ᠡᠷᠬᠢᠯᠡᠬᠦ ᠬᠡᠷᠡᠭᠲᠡᠢ᠃ ᠠᠵᠢᠯ᠎ᠤᠨ ᠰᠤᠷᠲᠠᠯ᠎ᠢᠶᠠᠨ ᠦᠷᠭᠦᠯᠵᠢᠯᠡᠨ ᠴᠢᠩᠭᠠᠳᠬᠠᠨ ᠰᠠᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠵᠢᠯ ᠶᠠᠪᠤᠳᠠᠯ᠎ᠢ ᠢᠯᠡᠭᠦᠬᠡᠨ ᠰᠡᠳᠭᠢᠨ ᠪᠣᠳᠣᠯᠬᠢᠯᠠᠬᠤ᠂ ᠰᠠᠬᠢᠯᠭ᠎ᠠ ᠪᠠᠲᠤ᠎ᠶᠢ ᠴᠢᠩᠳᠠᠯᠠᠬᠤ᠂ ᠰᠤᠷᠲᠠᠯ᠎ᠢ ᠪᠤᠳᠠᠲᠠᠢᠵᠢᠭᠤᠯᠬᠤ᠎ᠶᠢ ᠴᠢᠷᠮᠠᠢᠨ ᠪᠡᠶᠡᠯᠡᠭᠦᠯᠵᠦ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠨᠠᠮ᠎ᠤᠨ ᠬᠣᠷᠢᠶ᠎ᠠ (ᠥᠷᠭᠡᠳᠬᠡᠭᠰᠡᠨ)᠎ᠶᠢᠨ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠬᠤᠷᠠᠯ᠎ᠡᠴᠡ᠂ ᠪᠦᠬᠦ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲ᠋ᠸᠮ᠎ᠤᠨ ᠬᠢᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ᠎ᠶᠢ ᠪᠤᠢ ᠪᠤᠯᠭᠠᠵᠤ᠂ 《 ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠬᠡᠯᠪᠡᠷᠢ᠎ᠪᠡᠷ ᠪᠦᠬᠦ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠲᠤᠰᠬᠠᠢ ᠰᠡᠳᠦᠪᠲᠦ ᠰᠤᠷᠤᠯᠴᠠᠯᠭ᠎ᠠ᠎ᠶᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠠᠪᠰᠤᠷᠤᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠴᠠᠭ ᠲᠤᠬᠠᠢ ᠳ᠋ᠤᠨᠢ ᠣᠨᠣᠪᠴᠢᠲᠠᠢ ᠡᠵᠡᠮᠰᠢᠭᠦᠯᠬᠦ ᠬᠡᠷᠡᠭᠲᠡᠢ᠃ ᠤᠬᠠᠭᠤᠯᠭ᠎ᠠ᠎ᠶᠢ ᠨᠠᠷᠢᠨ ᠨᠢᠮᠪᠠᠢ ᠵᠣᠬᠢᠶᠠᠨ ᠪᠠᠢᠭᠤᠯᠵᠤ᠂ 《ᠥᠪᠥᠷ ᠮᠣᠩᠭᠣᠯ᠎ᠤᠨ ᠠᠯᠠᠭᠠᠨ ᠳᠡᠭᠡᠷᠡᠬᠢ 12348 》 ᠵᠡᠷᠭᠡ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠢ ᠰᠠᠢᠲᠤᠷ ᠠᠰᠢᠭ᠍ᠯᠠᠵᠤ᠂ ᠲᠤᠰᠬᠠᠢ ᠰᠡᠳᠦᠪ ᠲᠤᠰᠬᠠᠢ ᠪᠤᠯᠤᠩ ᠭᠠᠷᠭᠠᠵᠤ᠂ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ᠎ᠢ ᠪᠦᠷᠢᠯᠳᠦᠭᠦᠯᠬᠦ ᠬᠡᠷᠡᠭᠲᠡᠢ᠃ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠦᠨᠡᠨ ᠬᠦ᠌ ᠰᠠᠢᠲᠤᠷ ᠠᠳᠬᠤᠵᠤ᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠠᠬᠢ ᠪᠦᠬᠦ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠭᠣᠣᠯᠳᠠᠯᠭ᠎ᠠ ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠤᠳᠤᠯᠤᠨ ᠰᠦᠪᠡᠭᠴᠢᠯᠡᠵᠦ᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ᠎ᠶᠢ ᠪᠡᠶᠡᠯᠡᠭᠦᠯᠬᠦ᠎ᠪᠠᠷ ᠬᠦᠴᠦᠯᠡᠬᠦ᠎ᠳᠦ ᠨᠡᠩ ᠤᠯᠠᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠬᠦᠴᠦᠨ᠎ᠢ ᠡᠷᠭᠦᠬᠦ ᠬᠡᠷᠡᠭᠲᠡᠢ ᠭᠡᠵᠦ ᠱᠠᠭᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠠᠮ᠎ᠤᠨ ᠤᠳᠤᠷᠢᠳᠬᠤ ᠳᠤᠭᠤᠢᠯᠠᠩ ᠣᠨᠣᠯ᠎ᠰᠤᠷᠤᠯᠴᠠᠬᠤ ᠭᠣᠣᠯ ᠳᠤᠭᠤᠢᠯᠠᠩ (ᠥᠷᠭᠡᠳᠬᠡᠭᠰᠡᠨ)ᠤ᠋ᠨ ᠬᠤᠷᠠᠯ ᠬᠤᠷᠠᠯᠳᠤᠭᠤᠯᠵᠤ᠂ ᠭᠣᠣᠯ ᠳᠤᠭᠤᠢᠯᠠᠩ᠎ᠤᠨ ᠪᠦᠷᠢᠯᠳᠦᠭᠦᠨ᠂ ᠡᠯ᠎ᠡ ᠨᠠᠮ᠎ᠤᠨ ᠡᠭᠦᠷ᠎ᠤᠨ ᠱᠦᠵᠢ ᠵᠢᠴᠢ ᠡᠯ᠎ᠡ ᠰᠠᠯᠠᠭ᠎ᠠ ᠮᠥᠴᠢᠷ ᠨᠢᠭᠡᠴᠢ᠎ᠶᠢᠨ ᠬᠠᠷᠢᠭᠤᠴᠠᠯᠭᠠᠲᠠᠨ᠎ᠢ ᠵᠣᠬᠢᠶᠠᠨ ᠪᠠᠢᠭᠤᠯᠤᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠥᠪᠯᠡᠷᠡᠭᠦᠯᠦᠨ ᠰᠤᠷᠤᠯᠴᠠᠭᠤᠯᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠡᠴᠡ ᠭᠠᠷᠭᠠᠭᠰᠠᠨ ᠠᠯᠢ ᠣᠯᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠪᠡ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠪᠦᠬᠦ ᠺᠠᠳ᠋ᠷ ᠠᠵᠢᠯᠲᠠᠨ ᠠᠵᠢᠯᠴᠢᠨ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ᠎ᠢ ᠪᠦᠲᠦᠭᠡᠨ ᠪᠠᠶ᠋ᠢᠭᠤᠯᠬᠤ ᠡᠭᠦᠷᠭᠡ᠎ᠪᠡᠨ ᠪᠠᠲᠦ ᠡᠵᠡᠮᠳᠡᠵᠤ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ ᠪᠠ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠳᠡᠭᠡᠷ᠎ᠡ ᠬᠦᠴᠦ ᠲᠠᠯᠪᠢᠵᠤ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠳᠠᠷᠢᠵᠤ ᠲᠡᠵᠢᠭᠡᠬᠦ ᠮᠡᠷᠭᠡᠵᠢᠯ᠎ᠦᠨ ᠰᠢᠨ᠎ᠡ᠎ᠶᠢ ᠡᠭᠦᠳᠬᠦ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ᠂ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ᠂ ᠨᠤᠲᠤᠭ ᠪᠡᠯᠴᠢᠭᠡᠷ᠎ᠦᠨ ᠠᠮᠢ ᠠᠬᠤᠢ ᠵᠡᠷᠭᠡ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠬᠠᠮᠵᠢᠯᠴᠠᠨ ᠰᠢᠨ᠎ᠡ ᠎ᠶᠢ ᠡᠭᠦᠳᠬᠦ ᠡᠷᠴᠢᠮ᠎ᠢ ᠭᠣᠣᠯᠳᠠᠯᠭ᠎ᠠ᠎ᠲᠠᠢ ᠴᠢᠩᠭᠠᠷᠠᠭᠤᠯᠤᠨ᠎ᠠ; ᠦᠷ᠎ᠡ ᠪᠦᠲᠦᠭᠡᠯ᠎ᠢ ᠤᠨᠳᠤᠤᠰᠢᠭᠤᠯᠤᠨ ᠳᠡᠯᠭᠡᠷᠡᠭᠦᠯᠬᠦ ᠲᠠᠯ᠎ᠠ᠎ᠪᠠᠷ ᠪᠣᠳᠠᠲᠤ ᠦᠷ᠎ᠡ ᠪᠦᠲᠦᠮᠵᠢ᠎ᠶᠢ ᠡᠷᠬᠢᠮᠯᠡᠵᠦ᠂ ᠲᠣᠭᠲᠡᠴᠡ᠎ᠶᠢᠨ ᠰᠢᠨ᠎ᠡ᠎ᠶᠢ ᠡᠭᠦᠳᠦᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠨᠠᠩ ᠣᠯᠠᠨ ᠪᠣᠳᠠᠲᠤ ᠦᠢᠯᠡᠳᠪᠦᠷᠢᠯᠡᠯ᠎ᠦᠨ ᠬᠦᠴᠦᠨ ᠪᠠ ᠮᠠᠯᠴᠢᠨ ᠲᠠᠷᠢᠶᠠᠴᠢᠨ᠎ᠤ ᠪᠣᠳᠠᠲᠠᠢ ᠠᠰᠢᠭ᠋ ᠣᠷᠣᠯᠭ᠎ᠠ ᠪᠣᠯᠭᠠᠨ ᠬᠤᠪᠢᠷᠠᠭᠤᠯᠤᠨ᠎ᠠ;ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠲᠠᠯ᠎ᠠ᠎ᠪᠠᠷ ᠪᠣᠳᠠᠳᠦ ᠠᠷᠭ᠎ᠠ ᠬᠡᠮᠵᠢᠶ᠎ᠡ ᠠᠪᠴᠤ᠂ ᠴᠢᠳᠠᠪᠤᠷᠢᠲᠠᠨ᠎ᠢ ᠲᠠᠲᠠᠵᠦ ᠪᠤᠢᠵᠢᠭᠤᠯᠤᠨ ᠦᠯᠡᠳᠡᠭᠡᠨ ᠬᠡᠷᠡᠭᠯᠡᠬᠦ᠎ᠶᠢ ᠴᠢᠩᠭᠠᠷᠠᠭᠤᠯᠵᠤ᠂ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》ᠤ᠋ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠨᠠᠷᠢᠯᠢᠭ᠋ ᠣᠨᠣᠴᠠᠲᠠᠢ ᠦᠢᠯᠡᠴᠢᠯᠡᠨ᠎ᠡ᠃

ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃ ᠬᠤᠷᠠᠯ ᠡᠴᠡ᠂ ᠪᠦᠬᠦ᠌ ᠬᠤᠳᠠ ᠳᠠᠶᠠᠭᠠᠷ᠎ᠢᠶᠠᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠎ᠲᠠᠶ ᠤᠶᠠᠯᠳᠤᠭᠤᠯᠵᠤ᠂ ᠰᠤᠷᠤᠯᠴᠠᠯᠭ᠎ᠠ ᠰᠤᠳᠤᠯᠤᠨ ᠶᠠᠷᠢᠯᠴᠠᠬᠤ᠂ ᠲᠤᠰᠭᠠᠢ ᠰᠡᠳᠦᠪᠲᠦ ᠪᠣᠯᠪᠠᠰᠤᠷᠠᠯ᠂ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠂ ᠤᠨᠤᠯ᠎ᠤᠨ ᠤᠬᠠᠭᠤᠯᠭ᠎ᠠ ᠵᠡᠷᠭᠡ ᠠᠵᠢᠯ᠎ᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠪᠣᠳᠠᠲᠠᠢ ᠤᠯᠠᠮᠵᠢᠯᠠᠬᠤ ᠬᠡᠷᠡᠭ᠌ᠲᠡᠢ᠃ 《ᠠᠷᠪᠠᠨ ᠳᠠᠪᠤᠳᠤᠭᠠᠷ ᠳᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠤᠬᠠᠶ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠣᠨᠣᠪᠴᠢᠲᠠᠶ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠱᠠᠭᠠᠷᠳᠠᠯᠭ᠎ᠠ ᠪᠠ ᠭᠠᠵᠠᠷ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠤᠨ ᠲᠣᠭᠣᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠵᠤ᠂ 《ᠵᠢᠷᠭᠤᠭ᠎ᠠ᠎ᠶ᠋ᠢ ᠪᠠᠷᠢᠮᠲᠠᠯᠠᠬᠤ》ᠴᠢᠬᠤᠯᠠ ᠶᠡᠬᠡ ᠵᠠᠷᠴᠢᠮ᠎ᠢ ᠡᠷᠡᠰ ᠭᠤᠢᠪᠢᠰᠢ ᠥᠬᠡᠶ ᠵᠢᠷᠤᠮᠯᠠᠨ᠂ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠪᠠᠷ ᠭᠤᠤᠯᠳᠠᠯᠭ᠎ᠠ ᠪᠣᠯᠭᠠᠵᠤ᠂ ᠲᠥᠷᠥᠯ ᠵᠦᠶ᠋ᠯ᠎ᠢ ᠲᠥᠯᠥᠪᠵᠢᠭᠦᠯᠬᠦ᠌᠂ ᠠᠵᠤ ᠦᠶ᠋ᠯᠡᠰ᠎ᠢ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠥᠭᠡᠷᠡᠴᠢᠯᠡᠯᠲᠡ᠎ᠪᠡᠷ ᠬᠥᠲᠥᠯᠥᠨ ᠳᠠᠭᠠᠭᠤᠯᠬᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠡᠨ᠋ᠸᠷᠬᠢ ᠤᠯᠭᠤᠬᠤ᠂ ᠴᠢᠳᠠᠪᠤᠷᠢᠲᠠᠨ᠎ᠢᠶᠠᠷ ᠲᠤᠯᠭᠠᠭᠤᠷᠢᠯᠠᠬᠤ᠎ᠪᠠᠷ ᠳᠠᠮᠵᠢᠭᠤᠯᠤᠨ᠂ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠬᠥᠭ᠌ᠵᠢᠯᠲᠡ᠎ᠶ᠋ᠢᠨ ᠨᠡᠮᠡᠭ᠌ᠳᠡᠯ ᠪᠣᠯᠭᠠᠨ ᠤᠨᠳᠤᠤᠰᠢᠭᠤᠯᠬᠤ᠎ᠶᠢ ᠲᠦᠷᠭᠡᠳᠭᠡᠨ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ