ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠰᠤᠳᠤᠷ ᠪᠢᠴᠢᠭ᠎ᠦᠨ ᠲᠣᠭᠣᠷᠢᠨ ᠦᠵᠡᠭᠦᠯᠭᠡ ᠤᠯᠠᠭᠠᠨᠴᠠᠪ᠎ᠲᠤ ᠡᠬᠢᠯᠡᠪᠡ
ᠨᠡᠶ᠋ᠢᠲᠡᠯᠡᠭᠰᠡᠨ ᠴᠠᠭ᠄ 2025-10-30

10 ᠳ᠋ᠤᠭᠠᠷ ᠰᠠᠷ᠎ᠠ᠎ᠶᠢᠨ 28᠎ᠤ ᠡᠳᠦᠷ᠂ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠰᠤᠳᠤᠷ ᠪᠢᠴᠢᠭ᠎ᠦᠨ ᠲᠣᠭᠣᠷᠢᠨ ᠦᠵᠡᠭᠦᠯᠭᠡ ᠨᠢ (ᠤᠯᠠᠭᠠᠨᠴᠠᠪ ᠥᠷᠲᠡᠭᠡ) ᠤᠯᠠᠭᠠᠨᠴᠠᠪ ᠬᠣᠲᠠ᠎ᠶᠢᠨ ᠮᠦᠽᠧᠢ᠎ᠳᠦ ᠬᠥᠱᠢᠭᠡ᠎ᠪᠡᠨ ᠰᠡᠬᠦᠪᠡ᠃ 

ᠡᠨᠡ ᠬᠦ᠌ ᠦᠵᠡᠭᠦᠯᠭᠡ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ ᠯᠦ᠍ᠭᠡ ᠨᠢᠭ᠍ᠲᠠ ᠤᠶᠠᠯᠳᠤᠭᠤᠯᠤᠨ᠂ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠲᠡᠦᠬᠡ᠎ᠶᠢᠨ ᠳᠤᠷᠠᠰᠭᠠᠯᠲᠤ ᠵᠦᠢᠯᠡᠰ ᠡᠷᠲᠡᠨ᠎ᠦ ᠰᠤᠳᠤᠷ ᠪᠢᠴᠢᠭ᠎ᠤᠨ ᠦᠵᠡᠭᠦᠯᠭᠡ᠎ᠶ᠋ᠢᠨ ᠪᠦᠳᠦᠭᠦᠪᠴᠢ ᠪᠦᠲᠦᠴᠡ᠎ᠶᠢ ᠦᠷᠭᠦᠯᠵᠢᠯᠡᠭᠦᠯᠵᠦ᠂ ᠤᠮᠠᠷᠠᠲᠤ ᠬᠢᠵᠠᠭᠠᠷ᠎ᠤᠨ ᠰᠣᠶᠣᠯ᠎ᠤᠨ ᠣᠨᠴᠠᠯᠢᠭ᠋᠎ᠢ ᠲᠤᠪᠤᠢ᠍ᠢᠯᠭᠠᠭᠰᠠᠨ᠎ᠤ ᠰᠠᠭᠤᠷᠢᠨ ᠳᠡᠭᠡᠷ᠎ᠡ᠂ 《ᠲᠦᠮᠡᠨ ᠤᠯᠠᠨ ᠰᠡᠳᠬᠢᠯ ᠨᠢᠭᠡᠲᠦᠭ᠌ᠰᠡᠨ ᠶᠡᠬᠡ ᠨᠢᠭᠡᠳᠦᠯ》᠂ 《ᠥᠨᠢ ᠤᠳᠠᠭᠠᠨ ᠦᠷᠭᠦᠯᠵᠢᠯᠡᠭ᠌ᠰᠡᠨ ᠶᠡᠬᠡ ᠠᠭᠤᠰᠤᠯᠴᠠᠯ》᠂ 《ᠬᠠᠮᠲᠤ᠎ᠪᠠᠷ ᠪᠠᠢᠭᠤᠯᠤᠭ᠍ᠰᠠᠨ ᠶᠡᠬᠡ ᠪᠦᠯᠬᠦᠮᠳᠡᠯ》 ᠭᠤᠷᠪᠠᠨ ᠶᠡᠬᠡ ᠭᠣᠣᠯᠯᠠᠭ᠍ᠴᠢ ᠨᠢᠭᠡᠴᠢ᠎ᠶᠢ ᠲᠣᠬᠢᠷᠠᠭᠤᠯᠵᠠᠢ᠃ ᠦᠵᠡᠭᠦᠯᠭᠡ᠎ᠳᠦ ᠦᠨᠳᠦᠰᠦᠲᠡᠨ᠎ᠦ ᠰᠣᠶᠣᠯ᠎ᠤᠨ ᠣᠷᠳᠣᠨ ᠪᠠ ᠥᠪᠥᠷ ᠮᠣᠩᠭᠣᠯ ᠣᠷᠣᠨ᠎ᠤ ᠡᠯᠪᠡᠭ ᠪᠠᠶᠠᠯᠢᠭ᠋ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠰᠤᠳᠤᠷ ᠪᠢᠴᠢᠭ᠎ᠦᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ 100 ᠰᠢᠬᠠᠮ ᠲᠡᠦᠬᠡ᠎ᠶᠢᠨ ᠳᠤᠷᠠᠰᠬᠠᠯᠲᠤ ᠵᠦᠢᠯᠡᠰ᠂ 60 ᠭᠠᠷᠤᠢ ᠡᠷᠲᠡᠨ᠎ᠦ ᠰᠤᠳᠤᠷ ᠪᠢᠴᠢᠭ᠎ᠦᠨ ᠦᠵᠡᠭᠦᠯᠭᠡ᠎ᠶᠢᠨ ᠵᠦᠢᠯ᠂ 100 ᠭᠠᠷᠤᠢ ᠳᠡᠪᠲᠡᠷ ᠦᠨᠳᠦᠰᠦᠲᠡᠨ᠎ᠦ ᠰᠤᠳᠤᠷ ᠪᠢᠴᠢᠭ᠎ᠢ ᠠᠪᠤᠷᠠᠨ ᠬᠠᠮᠠᠭᠠᠯᠠᠵᠤ ᠡᠮᠬᠢᠳᠬᠡᠨ ᠬᠡᠪᠯᠡᠭᠦᠯᠦᠭᠰᠡᠨ ᠦᠷ᠎ᠡ ᠪᠦᠲᠦᠭᠡᠯ᠎ᠢ ᠨᠠᠷᠢᠨ ᠨᠢᠮᠪᠠᠢ ᠰᠤᠩᠭᠤᠵᠤ ᠳᠡᠯᠭᠡᠨ ᠦᠵᠡᠭᠦᠯᠵᠡᠢ᠃ 

ᠦᠵᠡᠭᠴᠢ ᠸᠠᠩ ᠷᠦᠢ ᠴᠢ᠄ 《ᠡᠨᠡ ᠤᠳᠠᠭᠠᠨ᠎ᠤ ᠦᠵᠡᠭᠦᠯᠭᠡ ᠨᠢ ᠨᠠᠳᠠ᠎ᠳᠤ ᠶᠡᠬᠡᠬᠡᠨ ᠲᠥᠷᠥᠭᠳᠡᠯ ᠥᠭᠴᠡᠢ᠂ ᠮᠠᠰᠢ ᠤᠯᠠᠨ ᠲᠡᠦᠬᠡ᠎ᠶᠢᠨ ᠳᠤᠷᠠᠰᠬᠠᠯᠲᠤ ᠵᠦᠢᠯᠡᠰ ᠪᠠ ᠡᠷᠲᠡᠨ᠎ᠦ ᠰᠤᠳᠤᠷ ᠪᠢᠴᠢᠭ ᠨᠢ ᠡᠨᠡ ᠬᠦ᠌ ᠭᠠᠵᠠᠷ ᠨᠤᠲᠤᠭ᠎ᠤᠨ ᠥᠨᠢ ᠤᠳᠠᠭᠠᠨ ᠲᠡᠦᠬᠡ ᠰᠣᠶᠣᠯ᠎ᠢ ᠲᠣᠭᠠᠴᠢᠨ ᠦᠭᠦᠯᠡᠵᠡᠢ᠃ ᠡᠨᠡ ᠤᠳᠠᠭᠠᠨ᠎ᠤ ᠦᠵᠡᠭᠦᠯᠭᠡ ᠨᠢ ᠨᠠᠳᠠ᠎ᠳᠤ ᠠᠪᠴᠤ ᠬᠡᠯᠡᠪᠡᠯ ᠭᠦᠨ ᠭᠦᠨᠵᠡᠭᠡᠢ ᠲᠦᠷᠦᠭ᠌ᠳᠡᠯ ᠲᠡᠢ ᠣᠶᠤᠨ ᠰᠠᠨᠠᠭᠠᠨ᠎ᠤ ᠤᠬᠢᠶᠠᠯ ᠪᠣᠯᠬᠤ ᠶᠤᠮ᠂ ᠲᠡᠷᠡ ᠨᠢ ᠦᠨᠳᠦᠰᠦᠲᠡᠨ᠎ᠨᠦᠭᠦᠳ ᠬᠠᠮᠲᠤ᠎ᠪᠠᠷ ᠪᠢᠳᠡᠨ᠎ᠦ ᠲᠡᠨᠢᠭᠡᠷ ᠠᠭᠤᠳᠠᠮ ᠨᠤᠲᠤᠭ ᠳᠡᠪᠢᠰᠬᠡᠷ᠎ᠢ ᠦᠷᠭᠡᠳᠭᠡᠵᠦ᠍᠂ ᠦᠨᠳᠦᠰᠦᠲᠡᠨ᠎ᠨᠦᠭᠦᠳ ᠬᠠᠮᠲᠤ᠎ᠪᠠᠷ ᠪᠢᠳᠡᠨ᠎ᠦ ᠥᠨᠢ ᠤᠳᠠᠭᠠᠨ ᠲᠡᠦᠬᠡ᠎ᠶᠢ ᠪᠢᠴᠢᠭᠯᠡᠭᠰᠡᠨ ᠭᠡᠳᠡᠭ᠎ᠢ ᠦᠨᠡᠨ ᠬᠦ᠌ ᠣᠢᠯᠠᠭᠠᠭᠤᠯᠵᠠᠢ᠂ ᠰᠢᠨ᠎ᠡ ᠴᠠᠭ ᠦᠶ᠎ᠡ᠎ᠳᠠᠬᠢ ᠡᠩ᠎ᠦᠨ ᠨᠢᠭᠡᠨ ᠭᠡᠷᠡᠴᠢᠯᠡᠭᠴᠢ ᠪᠠ ᠣᠷᠣᠯᠴᠠᠭ᠍ᠴᠢ ᠪᠣᠯᠤᠭᠰᠠᠨ᠎ᠤ ᠬᠤᠪᠢ᠎ᠳᠤ᠂ ᠮᠢᠨᠤ ᠮᠥᠷᠥᠨ ᠳᠡᠭᠡᠷ᠎ᠡ ᠪᠠᠰᠠ ᠨᠢᠭᠡᠨ ᠬᠤᠪᠢ ᠬᠠᠷᠢᠭᠤᠴᠠᠯᠭ᠎ᠠ᠎ᠲᠠᠢ — ᠪᠢᠳᠡᠨ᠎ᠦ ᠬᠠᠮᠲᠤ᠎ᠶᠢᠨ ᠲᠡᠦᠬᠡ ᠪᠠ ᠰᠣᠶᠣᠯ᠎ᠢᠶᠠᠨ ᠨᠡᠩ ᠰᠠᠢᠲᠤᠷ ᠰᠤᠷᠤᠯᠴᠠᠨ ᠵᠠᠯᠭᠠᠮᠵᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠡᠨᠡ ᠬᠦ᠌ ᠬᠢᠯᠪᠡᠷ ᠪᠤᠰᠤ᠎ᠪᠠᠷ ᠢᠷᠡᠭᠰᠡᠨ ᠪᠦᠯᠬᠦᠮᠳᠡᠯ᠎ᠢᠶᠠᠨ ᠬᠠᠮᠠᠭᠠᠯᠠᠬᠤ ᠬᠡᠷᠡᠭᠲᠡᠢ ᠭᠡᠵᠦ᠍ ᠪᠢ ᠦᠵᠡᠵᠦ᠍ ᠪᠤᠢ》 ᠭᠡᠪᠡ᠃ 

ᠲᠤᠰ ᠤᠳᠠᠭᠠᠨ᠎ᠤ ᠦᠵᠡᠭᠦᠯᠭᠡ᠎ᠶ᠋ᠢ ᠦᠨᠳᠦᠰᠦᠲᠡᠨ᠎ᠦ ᠰᠣᠶᠣᠯ᠎ᠤᠨ ᠣᠷᠳᠣᠨ ᠵᠢᠭᠠᠨ ᠵᠢᠯᠤᠭᠣᠳᠴᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠰᠤᠳᠤᠷ ᠪᠢᠴᠢᠭ᠎ᠢ ᠴᠤᠭ᠍ᠯᠠᠭᠤᠯᠤᠨ ᠡᠮᠬᠢᠳᠭᠡᠵᠦ᠍ ᠰᠤᠳᠤᠯᠬᠤ ᠲᠠᠰᠤᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠤᠯ ᠬᠡᠷᠡᠭ᠌ᠯᠡᠭᠡᠨ᠎ᠦ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠨᠣᠮ᠎ᠤᠨ ᠰᠠᠩ᠂ ᠤᠯᠠᠭᠠᠨᠴᠠᠪ ᠬᠣᠲᠠ᠎ᠶᠢᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠤᠯᠠᠭᠠᠨᠴᠠᠪ ᠬᠣᠲᠠ᠎ᠶᠢᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠳᠠᠭᠠᠭᠠᠨ ᠡᠷᠬᠢᠯᠡᠪᠡ᠃ ᠦᠵᠡᠭᠦᠯᠭᠡ ᠨᠢ 5 ᠰᠠᠷ᠎ᠠ᠎ᠶ᠋ᠢᠨ ᠬᠤᠭᠤᠴᠠᠭ᠎ᠠ ᠲᠠᠢ ᠶᠠᠪᠤᠭ᠍ᠳᠠᠵᠤ᠂ ᠦᠵᠡᠭᠦᠯᠭᠡ᠎ᠶ᠋ᠢᠨ ᠬᠤᠭᠤᠴᠠᠭᠠᠨ᠎ᠳᠤ ᠣᠯᠠᠨ ᠨᠡᠶ᠋ᠢᠲᠡ᠎ᠳᠦ ᠬᠠᠨᠳᠤᠭᠤᠯᠤᠨ ᠲᠥᠯᠥᠪᠦᠷᠢ ᠦᠭᠡᠢ᠎ᠪᠡᠷ ᠨᠡᠭᠡᠭᠡᠯᠲᠡ ᠲᠡᠢ ᠦᠵᠡᠭᠦᠯᠦᠨ᠎ᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ