ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠦᠪᠤᠷ ᠮᠤᠨᠭᠭᠤᠯ᠎ᠤᠨ ᠬᠠᠳᠠᠭᠠᠯᠠᠮᠵᠢ ᠪᠠ ᠵᠢᠬᠡᠯᠡᠯᠬᠡ᠎ᠶ᠋ᠢᠨ ᠬᠡᠮᠵᠢᠶ᠎ᠡ ᠲᠤᠭᠳᠠᠭᠤᠨ᠎ᠢᠶᠡᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-10-31

10 ᠰᠠᠷ᠎ᠡ᠎ᠶ᠋ᠢᠨ 29᠎ᠤ ᠡᠳᠤᠷ ᠬᠤᠷᠠᠯᠳᠤᠭᠰᠠᠨ 2025 ᠣᠨ᠎ᠤ ᠲᠦᠷᠦᠭᠦᠦ ᠭᠤᠷᠪᠠᠨ ᠤᠯᠠᠷᠢᠯ᠎ᠤᠨ ᠦᠪᠤᠷ ᠮᠤᠨᠭᠭᠤᠯ᠎ᠤᠨ ᠮᠥᠩᠭᠥᠨ ᠭᠦᠶ᠋ᠯᠭᠡᠭᠡᠨ᠎ᠤ ᠡᠷᠬᠢᠯᠳᠡ᠎ᠶ᠋ᠢᠨ ᠪᠠᠢᠳᠠᠯ ᠵᠢᠴᠢ ᠮᠥᠩᠭᠥᠨ ᠭᠦᠶ᠋ᠯᠭᠡᠭᠡᠨ᠎ᠢᠶᠠᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠭ᠌ᠰᠡᠨ ᠪᠠᠢᠳᠠᠯ᠎ᠤᠨ ᠲᠤᠬᠠᠶ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠤᠢᠯᠠᠭᠠᠭᠰᠠᠨ᠎ᠢᠶᠡᠷ᠂ 9 ᠰᠠᠷ᠎ᠠ᠎ᠶ᠋ᠢᠨ ᠰᠡᠭᠦᠯᠴᠢ᠎ᠳᠦ ᠦᠪᠤᠷ ᠮᠤᠨᠭᠭᠤᠯ᠎ᠤᠨ ᠮᠥᠩᠭᠥᠨ ᠭᠦᠶ᠋ᠯᠭᠡᠭᠡᠨ᠎ᠤ ᠪᠠᠢᠭᠤᠯᠤᠮᠵᠢ᠎ᠶ᠋ᠢᠨ ᠠᠷᠠᠳ᠎ᠤᠨ ᠵᠣᠭᠣᠰ᠎ᠤᠨ ᠡᠯ᠎ᠠ ᠵᠦᠢᠯ᠎ᠤᠨ ᠵᠢᠭᠡᠯᠡᠯᠭᠡ᠎ᠶ᠋ᠢᠨ ᠦᠯᠡᠳᠡᠪᠦᠷᠢ 32677.8 ᠳ᠋ᠦᠩᠱᠢᠭᠤᠷ ᠲᠥᠭᠥᠷᠢᠭ᠎ᠪᠠᠢᠵᠤ᠂ ᠬᠠᠷᠢᠴᠠᠭᠤᠯᠵᠤ ᠪᠤᠯᠬᠤ ᠪᠠᠷᠢᠮᠵᠢᠶ᠎ᠡ᠎ᠪᠠᠷ ᠵᠢᠯ᠎ᠤᠨ ᠡᠬᠢᠨ᠎ᠤ ᠬᠢ᠎ᠠᠴᠠ 1441.8 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 5.5%᠎ᠪᠠᠷ ᠨᠡᠮᠡᠭ᠌ᠳᠡᠪᠡ; ᠠᠷᠠᠳ᠎ᠤᠨ ᠵᠣᠭᠣᠰ᠎ᠤᠨ ᠡᠯ᠎ᠠ ᠵᠦᠢᠯ᠎ᠤᠨ ᠬᠠᠳᠠᠭᠠᠯᠠᠮᠵᠢ᠎ᠶ᠋ᠢᠨ ᠦᠯᠡᠳᠡᠪᠦᠷᠢ 41370.8 ᠳ᠋ᠦᠩᠱᠢᠭᠤᠷ ᠲᠥᠭᠥᠷᠢᠭ ᠪᠠᠢᠵᠤ᠂ ᠵᠢᠯ᠎ᠤᠨ ᠡᠬᠢᠨ᠎ᠤ ᠬᠢ᠎ᠠᠴᠠ 2329.9 ᠳ᠋ᠦᠩᠱᠢᠭᠤᠷ ᠲᠥᠭᠥᠷᠢᠭ ᠨᠡᠮᠡᠭ᠌ᠳᠡᠵᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ 7.3%᠎ᠪᠠᠷ ᠨᠡᠮᠡᠭ᠌ᠳᠡᠪᠡ᠃

ᠲᠦᠷᠦᠬᠦᠦ ᠭᠤᠷᠪᠡᠨ ᠤᠯᠠᠷᠢᠯ᠎ᠳᠦ ᠦᠪᠤᠷ ᠮᠤᠨᠭᠭᠤᠯ᠎ᠤᠨ ᠮᠥᠩᠭᠥᠨ ᠭᠦᠶ᠋ᠯᠭᠡᠭᠡᠨ᠎ᠤ ᠡᠷᠬᠢᠯᠳᠡ ᠲᠣᠭ᠍ᠲᠠᠭᠤᠨ ᠪᠠᠢᠵᠤ᠂ ᠢᠲᠡᠭᠡᠮᠵᠢᠲᠦ ᠵᠢᠭᠡᠯᠡᠯᠭᠡ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠦᠷᠭᠦᠯᠵᠢᠯᠡᠨ ᠱᠢᠯᠢᠳᠡᠭ᠌ᠵᠢᠵᠦ᠍᠂ ᠭᠠᠳᠠᠭᠠᠳᠤ᠎ᠳᠦ ᠬᠣᠯᠪᠣᠭ᠍ᠳᠠᠬᠤ ᠮᠥᠩᠭᠥᠨ ᠭᠦᠶ᠋ᠯᠭᠡᠭᠡᠨ᠎ᠤ ᠦᠶ᠋ᠯᠡᠴᠢᠯᠡᠭᠡ᠎ᠶ᠋ᠢᠨ ᠦᠷ᠎ᠡ ᠪᠦᠲᠦᠮᠵᠢ ᠲᠠᠰᠤᠷᠠᠯᠲᠠ ᠥᠬᠡᠶ ᠴᠢᠩᠭᠠᠷᠠᠨ᠂ ᠥᠪᠡᠷᠲᠡᠭᠡᠨ ᠵᠠᠰᠠᠬᠤ ᠣᠷᠣᠨ᠎ᠦ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠨᠭᠭᠠᠪᠠ᠃ ᠡᠬᠦᠨ᠎ᠳᠦ᠂ ᠨᠡᠢᠭᠡᠮ᠎ᠤᠨ ᠶᠡᠷᠦᠩᠬᠡᠢᠯᠡᠭ᠌ᠰᠡᠨ ᠪᠠᠯᠠ ᠬᠤᠷᠠᠮᠳᠤᠭᠤᠯᠭ᠎ᠠ᠎ᠶ᠋ᠢᠨ ᠥᠪᠡᠷ᠎ᠤᠨ ᠥᠷᠲᠡᠭ ᠪᠠᠭᠤᠷᠠᠵᠤ᠂ 9 ᠰᠠᠷ᠎ᠠ᠎ᠳᠦ ᠦᠪᠤᠷ ᠮᠤᠨᠭᠭᠤᠯ᠎ᠤᠨ ᠱᠢᠨ᠎ᠡ ᠪᠡᠷ ᠲᠠᠷᠬᠠᠭᠠᠭᠰᠠᠨ ᠵᠢᠭᠡᠯᠡᠯᠭᠡ᠎ᠶ᠋ᠢᠨ ᠨᠡᠮᠡᠭᠦᠷᠢ᠎ᠶ᠋ᠢᠨ ᠳᠤᠮᠳᠠᠴᠢ ᠬᠦᠦ᠍ ᠮᠦᠩᠬᠦ᠎ᠶ᠋ᠢᠨ ᠨᠣᠷᠮ᠎ᠠ 3.6% ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ ᠵᠠᠭᠤᠨ᠎ᠤ ᠬᠠᠷᠢᠴᠡᠯ᠎ᠢᠶᠡᠷ 0.92 ᠬᠤᠪᠢ ᠪᠠᠭᠤᠷᠠᠪᠠ᠃ ᠢᠯᠠᠩᠭᠤᠶ᠎ᠠ ᠱᠢᠨ᠎ᠡ᠎ᠪᠡᠷ ᠲᠠᠷᠬᠠᠭᠠᠭ᠍ᠰᠠᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠨᠡᠮᠡᠭᠦᠷᠢ᠎ᠶ᠋ᠢᠨ ᠳᠤᠮᠳᠠᠴᠢ ᠬᠦᠦ ᠮᠥᠩᠭᠥ᠎ᠶ᠋ᠢᠨ ᠨᠣᠷᠮ᠎ᠠ ᠪᠤᠯᠤᠨ ᠬᠤᠪᠢ ᠬᠥᠮᠦᠨ᠎ᠤ ᠣᠷᠣᠨ ᠰᠠᠭᠤᠴᠠ᠎ᠶ᠋ᠢᠨ ᠵᠢᠭᠡᠯᠡᠯᠭᠡ᠎ᠶ᠋ᠢᠨ ᠨᠡᠮᠡᠭᠦᠷᠢ᠎ᠶ᠋ᠢᠨ ᠳᠤᠮᠳᠠᠴᠢ ᠬᠦᠦ ᠮᠥᠩᠭᠥ᠎ᠶ᠋ᠢᠨ ᠨᠣᠷᠮ᠎ᠠ ᠨᠢ ᠲᠣᠰ ᠲᠣᠰ 2.94% ᠪᠠ 3.13% ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠠᠴᠠ ᠲᠣᠰ ᠲᠣᠰ ᠵᠠᠭᠤᠨ᠎ᠤ ᠬᠠᠷᠢᠴᠡᠯ᠎ᠢᠶᠡᠷ 0.48 ᠪᠠ 0.45 ᠬᠤᠪᠢ ᠪᠠᠭᠤᠷᠠᠵᠤ᠂ ᠠᠵᠤ ᠠᠬᠤᠢᠯᠠᠯ ᠪᠠ ᠰᠠᠭᠤᠭᠠᠯᠢ ᠠᠷᠠᠳ᠎ᠤᠨ ᠪᠠᠯᠠ ᠬᠤᠷᠠᠮᠳᠤᠭᠤᠯᠬᠤ ᠳᠠᠷᠤᠭᠠᠰᠤ᠎ᠶ᠋ᠢ ᠤᠯᠠᠮ ᠨᠢᠭᠡ ᠠᠯᠬᠤᠮ ᠬᠦᠨᠭᠬᠡᠷᠡᠬᠦᠯᠦᠭᠰᠡᠨ ᠪᠠᠢᠨ᠎ᠡ᠃

ᠡᠨᠡ ᠵᠢᠯ᠎ᠠᠴᠠ ᠨᠠᠭᠠᠰᠢ ᠦᠪᠤᠷ ᠮᠤᠨᠭᠭᠤᠯ᠎ᠤᠨ ᠮᠥᠩᠭᠥᠨ ᠭᠦᠶ᠋ᠯᠭᠡᠭᠡᠨ᠎ᠤ ᠱᠢᠰᠲ᠋ᠧᠮ᠎ᠤᠨ ᠬᠢᠨ ᠵᠣᠬᠢᠰᠲᠠᠶ ᠠᠭᠤᠵᠢᠭᠤ ᠲᠠᠯᠪᠢᠬᠤ ᠵᠣᠭᠣᠰᠣᠨ᠎ᠤ ᠲᠥᠷᠥ᠎ᠶ᠋ᠢᠨ ᠪᠣᠳᠣᠯᠭ᠎ᠠ᠎ᠶ᠋ᠢ ᠨᠠᠷᠢᠨ ᠬᠢᠨᠠᠮᠠᠭᠠᠶ ᠬᠡᠷᠡᠭ᠌ᠵᠢᠭᠦᠯᠵᠦ᠍᠂ ᠮᠥᠩᠭᠥᠨ ᠭᠦᠶ᠋ᠯᠭᠡᠭᠡᠨ᠎ᠤ 《ᠲᠠᠪᠤᠨ ᠶᠡᠬᠡ ᠶᠠᠪᠤᠳᠠᠯ》ᠢ᠋ ᠰᠠᠢᠳᠤᠷ ᠬᠢᠬᠦ ᠪᠡᠷ ᠭᠠᠷᠳᠠᠴᠡ ᠪᠤᠯᠭᠠᠨ᠂ ᠣᠯᠠᠨ ᠵᠦᠶ᠋ᠯ᠎ᠤᠨ ᠮᠥᠩᠭᠥᠨ ᠭᠦᠶ᠋ᠯᠭᠡᠭᠡᠨ᠎ᠤ ᠠᠷᠭ᠎ᠠ ᠬᠡᠮᠵᠢᠶ᠎ᠡ ᠶ᠋ᠢ ᠪᠣᠳᠠᠲᠠᠶ᠎ᠳᠦ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠵᠡᠢ᠃ ᠡᠬᠦᠨ᠎ᠳᠦ ᠬᠡᠷᠡᠭ᠌ᠯᠡᠭᠡ᠎ᠶ᠋ᠢ ᠬᠥᠭ᠌ᠵᠢᠭᠡᠬᠦ᠌᠂ ᠭᠠᠳᠠᠭᠠᠳᠤ ᠠᠷᠠᠯᠵᠢᠶ᠎ᠠ᠎ᠶ᠋ᠢᠨ ᠬᠥᠭ᠌ᠵᠢᠯᠲᠡ᠎ᠶ᠋ᠢ ᠲᠣᠭ᠍ᠲᠠᠪᠤᠷᠢᠵᠢᠭᠤᠯᠬᠤ᠂ ᠬᠥᠳᠡᠭᠡ ᠲᠣᠰᠭᠣᠨ᠎ᠢ ᠪᠥᠬᠥ᠌ ᠲᠠᠯ᠎ᠠ ᠪᠠᠷ ᠬᠥᠭ᠌ᠵᠢᠭᠦᠯᠦᠨ ᠮᠠᠨᠳᠤᠭᠤᠯᠬᠤ ᠶ᠋ᠢ ᠳᠡᠮᠵᠢᠬᠦ᠌ ᠵᠡᠷᠭᠡ ᠠᠯᠢ ᠣᠯᠠᠨ ᠮᠥᠩᠭᠥᠨ ᠭᠦᠶ᠋ᠯᠭᠡᠭᠡᠨ᠎ᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠦᠨᠢ ᠲᠣᠭ᠍ᠲᠠᠭᠠᠨ ᠬᠡᠷᠡᠭᠵᠢᠬᠦᠯᠵᠤ᠂ ᠮᠥᠩᠭᠥᠨ ᠭᠦᠶ᠋ᠯᠭᠡᠭᠡᠨ᠎ᠤ 《ᠲᠠᠪᠤᠨ ᠶᠡᠬᠡ ᠶᠠᠪᠤᠳᠠᠯ》᠂ 《1 ᠶᠡᠷᠦᠩᠬᠡᠶ ᠲᠥᠰᠦᠯ + 5 ᠲᠤᠰᠭᠠᠶ ᠬᠦᠷᠢᠶ᠎ᠡ ᠴᠠᠷᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ + N ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ》ᠵᠢᠨ ᠲᠥᠷᠥ᠎ᠶ᠋ᠢᠨ ᠪᠣᠳᠣᠯᠭ᠎ᠠ᠎ᠶ᠋ᠢᠨ ᠪᠣᠷᠣ ᠲᠥᠯᠥᠪ᠎ᠤᠨ ᠱᠢᠰᠲ᠋ᠧᠮ᠎ᠢ ᠢᠳᠡᠪᠬᠢᠲᠡᠶ ᠪᠠᠢᠭᠤᠯᠵᠤ᠂ ᠮᠥᠩᠭᠥᠨ ᠭᠦᠶ᠋ᠯᠭᠡᠭᠡᠨ᠎ᠤ ᠡᠬᠢ ᠪᠠᠶᠠᠯᠢᠭ᠎ᠢ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ ᠪᠠ ᠪᠠᠭᠤᠷᠠᠶ ᠭᠣᠭ᠍ᠴᠣᠭ᠎ᠠ ᠲᠠᠢᠰᠢ ᠣᠨᠣᠪᠴᠢᠲᠠᠶ ᠬᠦᠷᠬᠡᠬᠦ᠎ᠶ᠋ᠢ ᠠᠬᠢᠭᠤᠯᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ