ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
《ᠰᠢᠨᠵᠢᠯᠡᠬᠦ ᠤᠬᠠᠭᠠᠨ᠎ᠤ ᠨᠠᠭᠠᠳᠤᠮ》 ᠨᠢ ᠦᠵᠡᠭᠴᠢᠳ᠎ᠦᠨ ᠰᠢᠨᠵᠢᠯᠡᠬᠦ ᠤᠬᠠᠭᠠᠨ᠎ᠤ ᠪᠠᠬ᠎ᠠ᠎ᠶᠢ ᠨᠢ ᠬᠠᠩᠭᠠᠪᠠ
ᠨᠡᠶ᠋ᠢᠲᠡᠯᠡᠭᠰᠡᠨ ᠴᠠᠭ᠄ 2025-10-09

10 ᠳ᠋ᠤᠭᠠᠷ ᠰᠠᠷ᠎ᠠ᠎ᠶᠢᠨ 1 ᠡᠴᠡ 8 ᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠵᠢᠷᠭᠤᠳᠤᠭᠠᠷ ᠬᠤᠭᠤᠴᠠᠭᠠᠨ᠎ᠤ 《ᠰᠢᠨᠵᠢᠯᠡᠬᠦ ᠤᠬᠠᠭᠠᠨ᠎ᠤ ᠨᠠᠭᠠᠳᠤᠮ》 ᠥᠷᠨᠢᠭᠦᠯᠪᠡ᠃ ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠰᠢᠨᠵᠢᠯᠡᠬᠦ ᠤᠬᠠᠭᠠᠨ᠎ᠢᠶᠠᠷ ᠵᠠᠭᠤᠴᠢ ᠪᠣᠯᠭᠠᠵᠤ᠂ ᠰᠢᠨ᠎ᠡ᠎ᠶᠢ ᠡᠭᠦᠳᠬᠦ᠎ᠪᠡᠷ ᠬᠥᠭᠥᠷᠭᠡ ᠪᠣᠯᠭᠠᠵᠤ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠯᠢ ᠣᠯᠠᠨ ᠠᠵᠢᠯᠯᠠᠭ᠎ᠠ᠎ᠪᠠᠷ ᠤᠯᠠᠨ ᠨᠡᠶ᠋ᠢᠲᠡ᠎ᠳᠦ ᠮᠡᠳᠡᠯᠭᠡ᠂ ᠰᠣᠨᠢᠷᠬᠠᠯ᠂ ᠤᠯᠤᠰ᠎ᠢᠶᠠᠨ ᠬᠠᠢᠷᠠᠯᠠᠬᠤ ᠰᠡᠳᠬᠢᠯᠭᠡ᠎ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠦᠪᠡᠳᠡᠭᠰᠢ ᠦᠢᠯᠡᠴᠢᠯᠡᠭᠡ ᠬᠠᠩᠭᠠᠵᠤ᠂ ᠨᠡᠢ᠍ᠢᠳᠡ 33871 ᠬᠥᠮᠥᠨ ᠤᠳᠠᠭ᠎ᠠ᠎ᠶᠢᠨ ᠰᠣᠨᠢᠷᠬᠠᠯ᠎ᠢ ᠲᠠᠲᠠᠨ ᠣᠷᠣᠯᠴᠠᠭᠤᠯᠵᠠᠢ᠃ 

ᠲᠣᠮᠣ᠌ ᠬᠡᠯᠪᠡᠷᠢ᠎ᠶᠢᠨ ᠰᠤᠷᠭᠠᠨ ᠬᠥᠮᠦᠵᠢᠯ᠎ᠦᠨ ᠠᠵᠢᠯᠯᠠᠭ᠎ᠠ ᠨᠢ ᠦᠵᠡᠭᠴᠢᠳ᠎ᠦᠨ 《ᠰᠢᠨᠵᠢᠯᠡᠬᠦ ᠤᠬᠠᠭᠠᠨ᠎ᠤ ᠪᠠᠬ᠎ᠠ》᠎ᠶᠢ ᠨᠢ ᠬᠠᠩᠭᠠᠵᠤ᠂ ᠵᠢᠯᠣᠭᠣᠳᠤᠭ᠍ᠴᠢ ᠨᠢ ᠣᠢᠯᠠᠭᠠᠮᠵᠢᠲᠠᠢ ᠬᠡᠯᠡᠯᠭᠡ᠎ᠪᠡᠷ ᠤᠯᠠᠨ᠎ᠢ ᠣᠷᠣᠯᠳᠣᠯᠭ᠎ᠠ ᠦᠢᠯᠡᠳᠦᠯᠭᠡ᠎ᠶᠢᠨ ᠳᠤᠮᠳᠠ ᠰᠢᠨᠵᠢᠯᠡᠬᠦ ᠤᠬᠠᠭᠠᠨ᠎ᠤ ᠮᠡᠳᠡᠯᠭᠡ᠎ᠶᠢ ᠰᠤᠷᠤᠯᠴᠠᠭᠤᠯᠵᠤ᠂ ᠨᠠᠷᠢᠨ ᠪᠤᠳᠤᠯᠢᠶᠠᠨᠲᠠᠢ ᠰᠢᠨᠵᠢᠯᠡᠬᠦ ᠤᠬᠠᠭᠠᠨ᠎ᠤ ᠤᠭ ᠶᠣᠰᠣ᠌᠎ᠶᠢ ᠠᠮᠢᠳᠤᠯᠢᠭ᠋ ᠮᠥᠷᠲᠡᠭᠡᠨ ᠰᠣᠨᠢᠷᠬᠠᠯᠲᠠᠢ ᠪᠣᠯᠭᠠᠵᠠᠢ᠃

ᠤᠯᠠᠨ᠎ᠢ ᠰᠠᠢᠲᠤᠷ ᠲᠣᠭᠣᠷᠢᠭᠤᠯᠵᠤ᠂ ᠭᠦᠨᠵᠡᠭᠡᠢ ᠰᠤᠷᠤᠯᠴᠠᠭᠤᠯᠬᠤ᠎ᠶᠢᠨ ᠲᠥᠯᠥᠭᠡ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠨᠢ ᠲᠠᠢᠯᠪᠤᠷᠢᠯᠠᠬᠤ ᠦᠢᠯᠡᠴᠢᠯᠡᠭᠡ᠎ᠶᠢ ᠪᠦᠬᠦ ᠶᠠᠪᠤᠴᠠ᠎ᠳᠤ ᠬᠠᠩᠭᠠᠪᠠ᠃ ᠪᠠᠢᠩᠭᠤ᠎ᠶᠢᠨ ᠦᠵᠡᠭᠦᠯᠭᠡ᠎ᠶᠢᠨ ᠲᠢᠩᠬᠢᠮ᠎ᠦᠨ 《ᠲᠣᠭᠲᠠᠭᠰᠠᠨ ᠴᠠᠭ᠎ᠤᠨ ᠲᠠᠢᠯᠤᠮᠵᠢ》 ᠨᠢ 《ᠲᠡᠭᠷᠢ᠎ᠶᠢᠨ ᠣᠷᠳᠣᠨ ᠨᠢᠭᠡᠳᠦᠭᠡᠷ ᠨᠡᠷᠡᠮᠵᠢᠲᠦ ᠬᠠᠷᠠᠯᠲᠠᠲᠤ ᠨᠢᠰᠦᠭᠦᠷ》 ᠦᠵᠡᠭᠦᠯᠭᠡ᠎ᠶᠢᠨ ᠡᠮᠦᠨ᠎ᠡ ᠰᠠᠨᠰᠠᠷ ᠠᠶᠠᠯᠠᠯ᠎ᠤᠨ ᠦᠯᠢᠭᠡᠷ᠎ᠢ ᠲᠣᠭᠲᠠᠭᠰᠠᠨ ᠴᠠᠭ᠎ᠲᠤ᠎ᠪᠠᠨ ᠨᠡᠪᠲᠡᠷᠡᠭᠦᠯᠵᠦ᠂ 《ᠠᠮᠢ ᠨᠠᠰᠤ ᠬᠢᠭᠡᠳ ᠡᠷᠡᠭᠦᠯ ᠮᠡᠨᠳᠤ》 ᠦᠵᠡᠭᠦᠯᠭᠡ᠎ᠶᠢᠨ ᠲᠣᠭᠣᠷᠢᠭ᠋᠎ᠲᠤ ᠬᠥᠮᠥᠨ᠎ᠦ ᠪᠡᠶ᠎ᠡ᠎ᠶᠢᠨ ᠨᠢᠭᠤᠴᠠ᠎ᠶᠢ ᠬᠠᠢᠵᠤ᠂ ᠵᠢᠯᠣᠭᠣᠳᠤᠭ᠍ᠴᠢ ᠨᠠᠷᠢᠨ ᠪᠤᠳᠤᠯᠢᠶᠠᠨᠲᠠᠢ ᠤᠭ ᠶᠣᠰᠣ᠌᠎ᠶᠢ 《ᠠᠮᠠᠨ ᠶᠠᠷᠢᠶ᠎ᠠ》᠎ᠪᠠᠷ ᠶᠠᠷᠢᠵᠤ᠂ ᠦᠵᠡᠭᠴᠢᠳ᠎ᠦᠨ ᠪᠠᠬᠠᠷᠬᠠᠯ᠎ᠢ ᠲᠠᠲᠠᠪᠠ᠃

ᠡᠨᠡ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠪᠠᠰᠠ 2025 – 2030 ᠣᠨ᠎ᠤ 《ᠣᠷᠳᠣᠨ ᠪᠠ ᠰᠤᠷᠭᠠᠭᠤᠯᠢ᠎ᠶᠢᠨ ᠬᠠᠮᠲᠤᠷᠠᠯᠴᠠᠭ᠎ᠠ》᠎ᠶᠢᠨ ᠰᠠᠭᠤᠷᠢᠨ ᠭᠠᠵᠠᠷ ᠪᠠ ᠰᠤᠷᠭᠠᠭᠤᠯᠢ᠎ᠶᠢᠨ ᠭᠡᠷ᠎ᠡ ᠲᠣᠭᠲᠠᠵᠤ ᠫᠠᠢᠰᠠ ᠣᠯᠭᠣᠬᠤ ᠠᠵᠢᠯᠯᠠᠭ᠎ᠠ᠎ᠶᠢ ᠡᠷᠬᠢᠯᠡᠪᠡ᠃

ᠢᠷᠡᠯᠲᠡ᠄    