ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠳᠤᠮᠳᠠ ᠵᠠᠮ᠎ᠢᠶᠠᠷ ᠥᠩᠭᠡᠷᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 3000 ᠴᠤᠪᠤᠭ᠎ᠠ᠎ᠶᠢ ᠳᠠᠪᠠᠪᠠ  3000 ᠴᠤᠪᠤᠭ᠎ᠠ᠎ᠶᠢ ᠳᠠᠪᠠᠭᠰᠠᠨ ᠨᠢ ᠨᠢᠳᠤᠨᠤᠨ᠎ᠤ ᠬᠢ᠎ᠡᠴᠡ 39 ᠡᠳᠦᠷ ᠡᠷᠲᠡ ᠪᠣᠯᠪᠠ
ᠨᠡᠶ᠋ᠢᠲᠡᠯᠡᠭᠰᠡᠨ ᠴᠠᠭ᠄ 2025-10-09

 

ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠠᠴᠠ ᠣᠢᠯᠠᠭᠠᠭᠰᠠᠨ᠎ᠢᠶᠠᠷ᠂ 10 ᠳ᠋ᠤᠭᠠᠷ ᠰᠠᠷ᠎ᠠ᠎ᠶᠢᠨ 8 ᠎ᠦ ᠡᠳᠦᠷ᠂ ᠳᠤᠮᠳᠠ ᠵᠠᠮ᠎ᠢᠶᠠᠷ ᠥᠩᠭᠡᠷᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 3000 ᠴᠤᠪᠤᠭ᠎ᠠ᠎ᠶᠢ ᠳᠠᠪᠠᠵᠤ᠂ 3000 ᠴᠤᠪᠤᠭ᠎ᠠ᠎ᠶᠢ ᠳᠠᠪᠠᠭᠰᠠᠨ ᠨᠢ ᠨᠢᠳᠤᠨᠤᠨ᠎ᠤ ᠬᠢ᠎ᠡᠴᠡ 39 ᠡᠳᠦᠷ ᠡᠷᠲᠡ ᠪᠣᠯᠪᠠ᠃ 

ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ᠎ᠶᠢᠨ ᠪᠣᠭᠣᠮᠲᠠ ᠨᠢ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠳᠤᠮᠳᠠ ᠵᠠᠮ᠎ᠤᠨ ᠴᠣᠷᠢ᠎ᠶᠢᠨ ᠭᠠᠭᠴᠠ ᠵᠠᠩᠭᠢᠯᠠᠭ᠎ᠠ᠎ᠶᠢᠨ ᠴᠡᠭ ᠮᠥᠨ ᠪᠥᠭᠡᠳ ᠳᠤᠮᠳᠠᠳᠤ ᠪᠠ ᠮᠣᠩᠭᠣᠯ᠎ᠤᠨ ᠬᠠᠮᠤᠭ᠎ᠤᠨ ᠶᠡᠬᠡ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ ᠪᠣᠯᠣᠨ᠎ᠠ᠃ ᠣᠳᠣᠬᠠᠨ᠎ᠳᠤ᠂ ᠡᠨᠳᠡ᠎ᠡᠴᠡ ᠠᠶᠠᠯᠠᠵᠤ ᠪᠠᠢᠭ᠎ᠠ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠱᠤᠭᠤᠮ ᠨᠡᠮᠡᠭᠳᠡᠭᠡᠳ ᠨᠢᠭᠡᠨᠲᠡ 74 ᠵᠤᠷᠪᠤᠰ ᠪᠣᠯᠵᠤ᠂ ᠬᠢᠯᠢ᠎ᠶᠢᠨ ᠭᠠᠳᠠᠨ᠎ᠠ 10 ᠭᠠᠷᠤᠢ ᠤᠯᠤᠰ᠎ᠤᠨ 70 ᠭᠠᠷᠤᠢ ᠬᠤᠳᠠ᠎ᠳᠤ ᠨᠡᠪᠳᠡᠷᠡᠵᠦ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢ ᠡᠬᠢᠯᠡᠵᠦ ᠠᠶᠠᠯᠠᠭᠤᠯᠬᠤ ᠤᠯᠤᠰ᠎ᠤᠨ ᠳᠣᠲᠣᠭᠠᠳᠤ᠎ᠶᠢᠨ ᠣᠯᠠᠩᠬᠢ ᠬᠤᠳᠠ᠎ᠶᠢ ᠨᠥᠯᠥᠭᠡᠯᠡᠵᠦ ᠪᠠᠢᠨ᠎ᠠ᠃ 2013 ᠣᠨ᠎ᠳᠤ ᠠᠩᠬᠠᠳᠠᠭ᠍ᠴᠢ ᠴᠤᠪᠤᠭ᠎ᠠ ᠲᠡᠷᠭᠡ᠎ᠶᠢ ᠨᠡᠪᠲᠡᠷᠡᠭᠦᠯᠦᠭᠰᠡᠨ᠎ᠡᠴᠡ ᠨᠠᠭᠠᠰᠢ᠂ ᠲᠣᠰ ᠬᠢᠯᠢ᠎ᠶᠢᠨ ᠪᠣᠭᠣᠮᠲᠠ᠎ᠪᠠᠷ ᠥᠩᠭᠡᠷᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠡᠶ᠋ᠢᠲᠡ 2.1 ᠲᠦᠮᠡ ᠰᠢᠬᠠᠮ ᠴᠤᠪᠤᠭ᠎ᠠ ᠪᠣᠯᠵᠤ᠂ ᠲᠡᠭᠡᠭᠡᠪᠦᠷᠢᠯᠡᠬᠦ ᠡᠳ᠋ ᠪᠠᠷᠠᠭᠠᠨ᠎ᠤ ᠲᠥᠷᠥᠯ ᠢᠯᠡᠳᠲᠡ ᠲᠠᠰ ᠳᠡᠪᠰᠢᠨ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠳᠡᠭᠡᠳᠦ ᠲᠠᠰ᠎ᠤᠨ ᠮᠠᠰᠢᠨ ᠲᠥᠬᠦᠭᠡᠷᠦᠮᠵᠢ ᠵᠡᠷᠭᠡ ᠥᠨᠳᠥᠷ ᠨᠡᠮᠡᠯᠲᠡ ᠥᠷᠲᠡᠭᠲᠦ ᠦᠢᠯᠡᠳᠬᠦᠨ᠎ᠦ ᠡᠵᠡᠯᠡᠬᠦ ᠬᠠᠷᠢᠴᠠᠯ ᠨᠢ ᠡᠬᠢᠨ᠎ᠦ ᠬᠤᠭᠤᠴᠠᠭᠠᠨ᠎ᠳᠤ 10% ᠬᠦᠷᠬᠦ ᠦᠭᠡᠢ ᠪᠠᠢᠭᠰᠠᠨ᠎ᠡᠴᠡ᠎ᠪᠠᠨ ᠳᠡᠭᠡᠭᠰᠢᠯᠡᠭᠡᠳ 40%᠎ᠡᠴᠡ ᠳᠡᠭᠡᠭᠰᠢ ᠪᠣᠯᠣᠭᠰᠠᠨ᠎ᠢᠶᠠᠷ 《 ᠪᠣᠯᠣᠳ ᠲᠡᠮᠦᠷ᠎ᠤᠨ ᠲᠡᠮᠡᠭᠡᠨ ᠵᠢᠩ》 ᠨᠢ 《 ᠳᠤᠮᠳᠠᠳᠤ ᠤᠯᠤᠰ᠎ᠤᠨ ᠦᠢᠯᠡᠳᠬᠦ ᠦᠢᠯᠡᠰ 》᠎ᠢ ᠳᠡᠯᠡᠬᠡᠢ᠎ᠳᠦ ᠭᠠᠷᠭᠠᠬᠤ ᠴᠢᠬᠤᠯᠠ ᠵᠠᠮ ᠪᠣᠯᠤᠭᠰᠠᠨ ᠪᠠᠢᠨ᠎ᠠ᠃ 

ᠦᠷᠭᠦᠯᠵᠢᠯᠡᠨ ᠨᠡᠮᠡᠭᠳᠡᠵᠦ ᠪᠠᠢᠭ᠎ᠠ ᠬᠢᠯᠢ ᠠᠯᠤᠰᠯᠠᠭᠰᠠᠨ ᠲᠡᠭᠡᠭᠡᠪᠦᠷᠢ᠎ᠶᠢᠨ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ᠂ ᠬᠢᠯᠢ᠎ᠶᠢᠨ ᠪᠣᠭᠣᠮᠲᠠ ᠨᠢ 《 ᠵᠠᠮ ᠵᠠᠰᠠᠭ ᠠᠵᠤ ᠠᠬᠤᠢᠯᠠᠯ 》᠎ᠤᠨ ᠪᠠᠷᠠᠭᠠᠨ᠎ᠤ ᠭᠦᠢᠯᠭᠡᠭᠡ᠎ᠶᠢ ᠨᠢᠭᠡ ᠴᠣᠭᠴᠠᠵᠢᠭᠤᠯᠤᠨ ᠡᠵᠡᠩᠨᠡᠨ ᠪᠣᠷᠣᠯᠠᠭᠤᠯᠬᠤ᠎ᠶᠢᠨ ᠬᠣᠯᠪᠤᠭᠠᠯᠠᠨ ᠬᠥᠳᠡᠯᠦᠯᠴᠡᠬᠦ ᠳᠠᠪᠠᠭᠤᠯᠢᠭ᠋᠎ᠢ ᠪᠦᠲᠦᠮᠵᠢᠲᠡᠶ ᠪᠠᠳᠠᠷᠠᠭᠤᠯᠵᠤ᠂ 《ᠬᠣᠯᠪᠣᠭᠠᠯᠠᠵᠤ ᠨᠡᠪᠲᠡᠷᠡᠯᠴᠡᠬᠦ ᠲᠣᠭᠲᠠᠴᠠ》᠎ᠶᠢ ᠪᠠᠢᠭᠤᠯᠤᠨ᠂ ᠪᠠᠷᠠᠭᠠᠨ᠎ᠤ ᠢᠷᠡᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠴᠠᠭ ᠲᠤᠬᠠᠢ᠎ᠳᠦ ᠨᠢ ᠡᠵᠡᠮᠰᠢᠵᠦ᠂ ᠭᠠᠷᠳᠠᠮ᠎ᠤᠨ ᠴᠤᠪᠤᠷᠠᠯ᠎ᠢ ᠰᠢᠯᠢᠳᠡᠭᠵᠢᠭᠦᠯᠦᠨ᠂ ᠠᠵᠤ ᠠᠬᠤᠢᠯᠠᠯ ᠪᠠ ᠪᠠᠷᠠᠭᠠᠨ᠎ᠤ ᠡᠵᠡᠨ᠎ᠳᠦ ᠥᠪᠡᠷ᠎ᠦᠨ ᠥᠷᠲᠡᠭ᠎ᠢᠶᠡᠷ ᠳᠣᠣᠷ᠎ᠠ᠂ ᠦᠷ᠎ᠡ ᠠᠰᠢᠭ᠋᠎ᠢᠶᠠᠷ ᠥᠨᠳᠥᠷ ᠪᠠᠷᠠᠭᠠᠨ᠎ᠤ ᠭᠦᠢᠯᠭᠡᠭᠡᠨ᠎ᠦ ᠨᠡᠪᠲᠡᠷᠡᠬᠦ ᠵᠠᠮ᠎ᠢ ᠪᠠᠢᠭᠤᠯᠵᠤ ᠥᠭᠴᠡᠢ᠃ 

《ᠪᠢᠳᠡ 〈ᠳ᠋ᠢᠭᠢᠲ ᠬᠢᠯᠢ᠎ᠶᠢᠨ ᠪᠣᠭᠣᠮᠲᠠ〉ᠵᠢᠨ ᠰᠢᠰᠲᠧᠮ᠎ᠳᠦ ᠲᠦᠰᠢᠭᠯᠡᠨ ᠬᠠᠭᠤᠳᠠᠰᠤ ᠴᠠᠭᠠᠰᠤ ᠬᠡᠷᠡᠭᠯᠡᠬᠦ ᠦᠭᠡᠢ᠎ᠪᠡᠷ ᠪᠣᠭᠣᠮᠲᠠ᠎ᠪᠠᠷ ᠥᠩᠭᠡᠷᠡᠭᠦᠯᠬᠦ᠎ᠶᠢ ᠦᠷᠭᠦᠯᠵᠢᠯᠡᠨ ᠠᠬᠢᠭᠤᠯᠵᠤ᠂ ᠤᠯᠠᠨ ᠠᠷᠭ᠎ᠠ ᠬᠡᠮᠵᠢᠶ᠎ᠡ᠎ᠪᠡᠷ ᠥᠷᠭᠡᠨ ᠵᠠᠮ᠎ᠢᠶᠠᠷ ᠲᠡᠷᠭᠡ ᠲᠤᠰᠬᠤ ᠵᠣᠬᠢᠶᠠᠨ ᠪᠠᠢᠭᠤᠯᠤᠯᠲᠠ᠎ᠶᠢᠨ ᠴᠤᠪᠤᠷᠠᠯ᠎ᠢ ᠰᠢᠯᠢᠳᠡᠭᠵᠢᠭᠦᠯᠵᠦ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠴᠢᠩᠭᠡᠯᠢᠭ᠎ᠢ ᠪᠠᠭᠤᠯᠭᠠᠵᠤ ᠰᠣᠯᠢᠬᠤ ᠲᠠᠯᠠᠪᠤᠷ ᠭᠠᠵᠠᠷ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠵᠦ᠂ ᠠᠵᠢᠯ᠎ᠤᠨ ᠲᠤᠰᠬᠠᠢ ᠱᠤᠭᠤᠮ᠎ᠢ ᠨᠡᠮᠡᠭᠳᠡᠭᠦᠯᠦᠨ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠲᠡᠭᠡᠭᠡᠪᠦᠷᠢ᠎ᠶᠢᠨ ᠴᠢᠨᠠᠷ ᠴᠢᠨᠰᠠᠭ᠎ᠠ ᠦᠷ᠎ᠡ ᠠᠰᠢᠭ᠋᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠡᠢ》 ᠭᠡᠵᠦ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠡᠷᠢᠶᠡᠨ ᠥᠷᠲᠡᠭᠡᠨ᠎ᠦ ᠮᠡᠷᠭᠡᠵᠢᠯ᠎ᠦᠨ ᠰᠠᠯᠠᠭᠠᠨ᠎ᠤ ᠰᠠᠯᠠᠭᠠᠨ ᠳᠠᠷᠤᠭ᠎ᠠ ᠶᠠᠩ ᠳ᠋ᠦᠩ ᠳ᠋ᠦᠩ ᠲᠠᠨᠢᠯᠴᠠᠭᠤᠯᠪᠠ᠃ 

ᠡᠨᠡ ᠵᠢᠯ᠎ᠡᠴᠡ ᠨᠠᠭᠠᠰᠢ᠂ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠬᠤ᠂ ᠨᠠᠷᠢᠯᠢᠭ᠋ ᠣᠨᠣᠴᠠᠲᠠᠢ᠎ᠪᠠᠷ ᠠᠴᠢᠶᠠᠯᠠᠬᠤ ᠪᠠ ᠥᠨᠳᠥᠷ ᠪᠦᠲᠦᠮᠵᠢᠲᠡᠶ᠎ᠪᠡᠷ ᠬᠠᠮᠵᠢᠯᠴᠠᠨ ᠠᠵᠢᠯᠯᠠᠬᠤ᠎ᠪᠠᠷ ᠳᠡᠮᠵᠢᠨ᠂ ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠶᠢᠨ ᠬᠢᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢ ᠥᠨᠳᠥᠷ ᠪᠦᠲᠦᠮᠵᠢᠲᠡᠶ᠎ᠪᠡᠷ ᠠᠵᠢᠯᠯᠠᠭᠤᠯᠬᠤ᠎ᠶᠢ ᠪᠡᠶᠡᠯᠡᠭᠦᠯᠵᠡᠢ᠃ ᠡᠮᠦᠨ᠎ᠡ 9 ᠰᠠᠷ᠎ᠠ᠎ᠳᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 2909 ᠴᠤᠪᠤᠭ᠎ᠠ ᠨᠡᠪᠲᠡᠷᠡᠵᠦ᠂ 374.90 ᠲᠦᠮᠡᠨ ᠲᠣᠨ᠂ 33.06 ᠲᠦᠮᠡᠨ ᠪᠠᠷᠢᠮᠵᠢᠶᠠᠲᠤ ᠴᠢᠩᠭᠡᠯᠢᠭ ᠲᠡᠭᠡᠭᠡᠪᠦᠷᠢᠯᠡᠨ ᠬᠦᠷᠭᠡᠵᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 11.2%᠂ 14.4%᠂ 10.5% ᠪᠡᠷ ᠨᠡᠮᠡᠭᠳᠡᠵᠡᠢ᠃ ᠡᠭᠦᠨ᠎ᠳᠦ ᠪᠤᠴᠠᠵᠤ ᠠᠶᠠᠯᠠᠬᠤ ᠵᠢᠰᠢᠶᠠᠨ᠎ᠤ ᠭᠠᠯᠲᠤ ᠲᠡᠷᠭᠡ 50.6% ᠶ᠋ᠢ ᠡᠵᠡᠯᠡᠨ᠂ ᠠᠳᠠᠯᠢ ᠬᠤᠭᠤᠴᠠᠭᠠᠨ᠎ᠤ ᠬᠢ᠎ᠡᠴᠡ 22.6% ᠪᠡᠷ ᠨᠡᠮᠡᠭᠳᠡᠪᠡ᠃ 

 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ