ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠥᠪᠥᠷ ᠮᠣᠩᠭᠣᠯ᠎ᠤᠨ ᠮᠦᠽᠧᠢ᠎ᠪᠠᠷ 18.7 ᠲᠦᠮᠡᠨ ᠬᠥᠮᠥᠨ ᠤᠳᠠᠭ᠎ᠠ ᠠᠢᠯᠴᠢᠯᠠᠪᠠ
ᠨᠡᠶ᠋ᠢᠲᠡᠯᠡᠭᠰᠡᠨ ᠴᠠᠭ᠄ 2025-10-09

ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠮᠦᠽᠧᠢ᠎ᠶᠢᠨ ᠬᠢᠨ ᠤᠯᠠᠨ ᠶᠠᠩᠵᠤ ᠬᠡᠯᠪᠡᠷᠢ᠎ᠶᠢᠨ ᠳᠡᠯᠭᠡᠨ ᠦᠵᠡᠭᠦᠯᠭᠡ ᠪᠠ ᠰᠤᠷᠭᠠᠨ ᠬᠥᠮᠦᠵᠢᠯ᠎ᠦᠨ ᠠᠵᠢᠯᠯᠠᠭ᠎ᠠ᠎ᠨᠤᠭᠤᠳ᠎ᠢ ᠤᠬᠠᠭᠠᠯᠠᠨ ᠭᠠᠷᠭᠠᠵᠤ᠂ ᠨᠡᠢ᠍ᠢᠳᠡ 28 ᠵᠦᠢᠯ᠎ᠦᠨ ᠠᠵᠢᠯᠯᠠᠭ᠎ᠠ᠎ᠶᠢ 751 ᠲᠠᠯᠠᠪᠤᠷ ᠤᠳᠠᠭ᠎ᠠ ᠡᠷᠬᠢᠯᠡᠵᠦ᠂ 18.7 ᠲᠦᠮᠡᠨ ᠬᠥᠮᠥᠨ ᠤᠳᠠᠭ᠎ᠠ᠎ᠶ᠋ᠢᠨ ᠦᠵᠡᠭᠴᠢᠳ᠎ᠢ ᠬᠦᠯᠢᠶᠡᠨ ᠠᠪᠤᠪᠠ᠃ 

ᠠᠮᠠᠷᠠᠯᠲᠠ᠎ᠶᠢᠨ ᠬᠤᠭᠤᠴᠠᠭᠠᠨ᠎ᠠᠴᠠ ᠡᠮᠦᠨ᠎ᠡ᠂ ᠵᠢᠭᠤᠯᠴᠢᠯᠠᠭ᠍ᠴᠢᠳ᠎ᠤᠨ ᠣᠷᠭᠢᠯ ᠦᠶ᠎ᠡ᠎ᠶᠢ ᠠᠷᠭᠠᠴᠠᠬᠤ᠎ᠶᠢᠨ ᠲᠥᠯᠥᠭᠡ᠂ ᠥᠪᠥᠷ ᠮᠣᠩᠭᠣᠯ᠎ᠤᠨ ᠮᠦᠽᠧᠢ᠎ᠶᠢᠨ ᠬᠢᠨ ᠪᠣᠯᠵᠣᠬᠤ ᠳᠦᠷᠢᠮ᠂ ᠲᠣᠭᠣᠷᠢᠨ ᠦᠵᠡᠬᠦ ᠰᠠᠨᠠᠭᠤᠯᠤᠮᠵᠢ ᠵᠡᠷᠭᠡ᠎ᠶ᠋ᠢ ᠤᠷᠢᠳᠴᠢᠯᠠᠨ ᠨᠡᠢᠲᠡᠯᠡᠵᠦ᠂ ᠪᠣᠯᠵᠣᠬᠤ ᠠᠯᠬᠤᠮ ᠳᠠᠷᠠᠭ᠎ᠠ᠎ᠶᠢ ᠰᠢᠯᠢᠳᠡᠭᠵᠢᠭᠦᠯᠦᠨ᠂ ᠪᠣᠯᠵᠣᠬᠤ ᠠᠭᠤᠯᠭ᠎ᠠ᠎ᠶᠢ ᠴᠣᠮᠬᠠᠳᠬᠠᠵᠤ᠂ ᠪᠢᠯᠧᠲ᠎ᠦᠨ ᠬᠡᠮᠵᠢᠶ᠎ᠡ᠎ᠪᠠᠨ ᠴᠠᠭ᠎ᠲᠤ ᠨᠢ ᠲᠣᠬᠢᠷᠠᠭᠤᠯᠤᠨ ᠨᠡᠮᠡᠭᠳᠡᠭᠦᠯᠵᠦ᠂ ᠪᠣᠯᠵᠣᠵᠤ ᠲᠣᠭᠣᠷᠢᠨ ᠦᠵᠡᠬᠦ᠎ᠶᠢ ᠨᠠᠷᠢᠯᠢᠭ᠍ᠵᠢᠭᠤᠯᠬᠤ ᠬᠠᠮᠢᠶᠠᠷᠤᠯᠲᠠ᠎ᠶᠢᠨ ᠬᠢᠷᠢ ᠲᠦᠪᠰᠢᠨ᠎ᠢᠶᠠᠨ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠮᠦᠽᠧᠢ᠎ᠳᠤ 《ᠠᠵᠢᠯᠯᠠᠬᠤ ᠴᠠᠭ᠎ᠢᠶᠠᠨ ᠤᠷᠲᠤᠳᠭᠠᠬᠤ》 ᠦᠢᠯᠡᠴᠢᠯᠡᠭᠡᠨ᠎ᠦ ᠬᠡᠪ ᠵᠠᠭ᠍ᠪᠤᠷ᠎ᠢ ᠬᠡᠷᠡᠭᠵᠢᠭᠦᠯᠵᠦ᠂ ᠶᠡᠷᠦᠳᠡ᠎ᠶ᠋ᠢᠨ ᠨᠡᠭᠡᠭᠡᠬᠦ᠌ ᠴᠠᠭ᠎ᠢᠶᠠᠨ 18 ᠴᠠᠭ ᠪᠣᠯᠲᠠᠯ᠎ᠠ ᠤᠷᠲᠤᠳᠭᠠᠵᠠᠢ᠂ ᠨᠠᠢ᠍ᠮᠠᠨ ᠰᠠᠷ᠎ᠠ᠎ᠶ᠋ᠢᠨ ᠠᠷᠪᠠᠨ ᠲᠠᠪᠤᠨ᠎ᠤ ᠲᠡᠷᠭᠡᠯ ᠪᠠᠶᠠᠷ᠎ᠤᠨ ᠡᠮᠦᠨ᠎ᠡ ᠰᠥᠨᠢ 《ᠥᠪᠥᠷ ᠮᠣᠩᠭᠣᠯ᠎ᠤᠨ ᠮᠦᠽᠧᠢ᠎ᠶ᠋ᠢᠨ ᠰᠦᠨᠢ》᠎ᠶ᠋ᠢᠨ ᠠᠵᠢᠯᠯᠠᠭ᠎ᠠ ᠥᠷᠨᠢᠭᠦᠯᠵᠦ᠂ ᠨᠡᠭᠡᠭᠡᠬᠦ᠌ ᠴᠠᠭ᠎ᠢᠶᠠᠨ 22 ᠴᠠᠭ ᠪᠣᠯᠲᠠᠯ᠎ᠠ ᠤᠷᠲᠤᠳᠬᠠᠵᠤ᠂ ᠣᠯᠠᠨ ᠨᠡᠶ᠋ᠢᠲᠡ᠎ᠶ᠋ᠢᠨ ᠲᠣᠭᠣᠷᠢᠨ ᠦᠵᠡᠬᠦ ᠬᠡᠷᠡᠭᠴᠡᠭᠡ ᠱᠠᠭᠠᠷᠳᠠᠯᠭ᠎ᠠ᠎ᠶ᠋ᠢ ᠬᠠᠩᠭᠠᠭᠰᠠᠨ ᠪᠠᠢᠨ᠎ᠠ᠃ 

ᠠᠮᠠᠷᠠᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠮᠦᠽᠧᠢ ᠨᠢ ᠦᠵᠡᠰᠬᠦᠯᠡᠩ᠎ᠦᠨ ᠠᠭᠤᠯᠭ᠎ᠠ᠎ᠪᠡᠨ ᠪᠠᠶᠠᠯᠢᠭ᠍ᠵᠢᠭᠤᠯᠵᠤ᠂ ᠪᠠᠶᠠᠯᠢᠭ᠋ ᠰᠠᠢᠬᠠᠨ ᠨᠡᠢᠭᠡᠮ ᠬᠥᠮᠦᠵᠢᠯ᠎ᠦᠨ ᠠᠵᠢᠯᠯᠠᠭ᠎ᠠ ᠥᠷᠨᠢᠭᠦᠯᠵᠡᠢ᠃ ᠮᠦᠽᠧᠢ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠰᠢᠵᠢᠮ ᠪᠣᠯᠭᠠᠵᠤ᠂ 《ᠠᠭᠤᠰᠤᠯᠴᠠᠨ ᠪᠡᠬᠢᠵᠢᠭ᠌ᠰᠡᠨ ᠤᠮᠠᠷᠠᠲᠤ ᠬᠢᠯᠢ》 ᠵᠡᠷᠭᠡ ᠠᠷᠪᠠᠨ ᠶᠡᠬᠡ ᠦᠨᠳᠦᠰᠦᠨ ᠦᠵᠡᠭᠦᠯᠭᠡ᠎ᠶ᠋ᠢ ᠭᠠᠷᠭᠠᠵᠤ᠂ ᠥᠪᠥᠷ ᠮᠣᠩᠭᠣᠯ᠎ᠤᠨ ᠲᠡᠦᠬᠡ ᠰᠣᠶᠣᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠡᠭᠦᠨ᠎ᠦ ᠬᠠᠮᠲᠤ᠂ 《ᠡᠷᠲᠡᠨ᠎ᠦ ᠭᠷᠧᠭ᠎ᠦᠨ ᠭᠤᠸ᠎ᠠ ᠰᠠᠢᠬᠠᠨ — ᠨᠠᠫᠯᠸᠰ᠎ᠤᠨ ᠤᠯᠤᠰ᠎ᠤᠨ ᠬᠠᠭᠤᠴᠢ ᠰᠤᠳᠤᠯᠤᠯ᠎ᠤᠨ ᠮᠦᠽᠧᠢ᠎ᠳᠤ ᠬᠠᠳᠠᠭᠠᠯᠠᠭ᠍ᠳᠠᠵᠤ ᠪᠠᠢᠭ᠎ᠠ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠰᠣᠳᠣᠨ ᠪᠦᠲᠦᠭᠡᠯ᠎ᠦᠨ ᠦᠵᠡᠭᠦᠯᠭᠡ》 《ᠭᠠᠨᠰᠤ᠎ᠶᠢᠨ ᠥᠩᠭᠡᠲᠦ ᠸᠠᠭᠠᠷ᠎ᠤᠨ ᠰᠣᠶᠣᠯ᠎ᠤᠨ ᠦᠵᠡᠭᠦᠯᠭᠡ》 ᠪᠠ 《ᠥᠪᠥᠷ ᠮᠣᠩᠭᠣᠯ᠎ᠤᠨ ᠮᠦᠽᠧᠢ᠎ᠳᠦ ᠬᠠᠳᠠᠭᠠᠯᠠᠭ᠍ᠳᠠᠵᠤ ᠪᠠᠢᠭ᠎ᠠ ᠬᠤᠪᠢᠰᠭᠠᠯᠲᠤ ᠵᠣᠭᠣᠰᠤᠨ᠎ᠤ ᠦᠵᠡᠭᠦᠯᠭᠡ》 ᠵᠡᠷᠭᠡ 3 ᠥᠪᠡᠷᠮᠢᠴᠡ ᠣᠨᠴᠠᠯᠢᠭ᠋᠎ᠲᠠᠢ ᠲᠦᠷ ᠴᠠᠭ᠎ᠤᠨ ᠦᠵᠡᠭᠦᠯᠭᠡ ᠲᠣᠬᠢᠷᠠᠭᠤᠯᠵᠤ᠂ ᠦᠵᠡᠭᠦᠯᠭᠡ᠎ᠶ᠋ᠢᠨ ᠠᠭᠤᠯᠭ᠎ᠠ᠎ᠪᠠᠨ ᠪᠠᠶᠠᠯᠢᠭ᠍ᠵᠢᠭᠤᠯᠪᠠ᠃ ᠠᠮᠠᠷᠠᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠮᠦᠽᠧᠢ᠎ᠶᠢᠨ ᠬᠢᠨ ᠪᠠᠰᠠ ᠤᠯᠤᠰ᠎ᠤᠨ ᠪᠠᠶᠠᠷ᠎ᠤᠨ ᠨᠡᠢᠭᠡᠮ ᠬᠥᠮᠦᠵᠢᠯ᠎ᠦᠨ ᠰᠢᠷᠢᠰ ᠠᠵᠢᠯᠯᠠᠭ᠎ᠠ ᠥᠷᠨᠢᠭᠦᠯᠵᠦ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠪᠠ; ᠡᠷᠲᠡᠨ᠎ᠦ ᠭᠷᠧᠭ᠎ᠦᠨ ᠦᠵᠡᠭᠦᠯᠭᠡ ᠲᠠᠢ ᠤᠶᠠᠯᠳᠤᠭᠤᠯᠤᠨ᠂ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠲᠡᠷᠭᠡᠯ ᠪᠠᠶᠠᠷ᠎ᠦᠨ ᠡᠮᠦᠨ᠎ᠡ ᠰᠦᠨᠢ 《ᠥᠪᠥᠷ ᠮᠣᠩᠭᠣᠯ᠎ᠤᠨ ᠮᠦᠽᠧᠢ᠎ᠶ᠋ᠢᠨ ᠰᠦᠨᠢ》᠎ᠶ᠋ᠢᠨ ᠲᠡᠷᠭᠡᠯ ᠪᠠᠶᠠᠷ᠎ᠤᠨ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠵᠡᠭ᠌ᠴᠢᠳ᠎ᠦᠨ ᠰᠣᠶᠣᠯ᠎ᠤᠨ ᠬᠠᠷᠠᠭ᠎ᠠ᠎ᠶ᠋ᠢ ᠥᠷᠭᠡᠳᠬᠡᠪᠡ᠃ 

ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠮᠦᠽᠧᠢ᠎ᠶᠢᠨ ᠰᠢᠨ᠎ᠡ ᠣᠷᠳᠣᠨ ᠨᠢ ᠡᠨᠡ ᠵᠢᠯ᠎ᠦᠨ 6 ᠳ᠋ᠤᠭᠠᠷ ᠰᠠᠷ᠎ᠠ᠎ᠶᠢᠨ 20 ᠎ᠤ ᠡᠳᠦᠷ ᠨᠡᠭᠡᠭᠡᠭ᠌ᠰᠡᠨ᠎ᠡᠴᠡ ᠨᠠᠭᠠᠰᠢ᠂ ᠨᠢᠭᠡᠨᠲᠡ 2700 ᠰᠢᠨ᠎ᠡ ᠪᠦᠲᠦᠭᠡᠭ᠌ᠳᠡᠬᠦᠨ ᠭᠠᠷᠭᠠᠵᠤ᠂ ᠬᠤᠳᠠᠯᠳᠤᠵᠤ ᠪᠠᠢᠭ᠎ᠠ ᠪᠦᠲᠦᠭᠡᠭ᠌ᠳᠡᠬᠦᠨ ᠨᠢ 4700᠎ᠶ᠋ᠢ ᠳᠡᠪᠠᠪᠠ᠃ 10 ᠳ᠋ᠤᠭᠠᠷ ᠰᠠᠷ᠎ᠠ᠎ᠶᠢᠨ 8 ᠎ᠤ ᠡᠳᠦᠷ ᠪᠣᠯᠲᠠᠯ᠎ᠠ ᠨᠡᠶ᠋ᠢᠲᠡ 206 ᠲᠦᠮᠡᠨ ᠬᠥᠮᠥᠨ ᠤᠳᠠᠭ᠎ᠠ ᠦᠵᠡᠭᠴᠢᠳ᠎ᠢ ᠬᠦᠯᠢᠶᠡᠨ ᠠᠪᠴᠠᠢ᠃ ᠬᠣᠣᠰ ᠪᠠᠶᠠᠷ᠎ᠤᠨ ᠬᠤᠭᠤᠴᠠᠭᠠᠨ᠎ᠳᠤ ᠡᠯ᠎ᠡ ᠲᠥᠷᠥᠯ᠎ᠦᠨ ᠪᠦᠲᠦᠭᠡᠭ᠌ᠳᠡᠬᠦᠨ᠎ᠢ ᠨᠡᠶ᠋ᠢᠲᠡ 6.6 ᠲᠦᠮᠡᠨ ᠬᠤᠪᠢ ᠪᠣᠷᠣᠯᠠᠭᠤᠯᠵᠤ᠂ ᠰᠣᠶᠣᠯ᠎ᠤᠨ ᠪᠦᠲᠦᠭᠡᠯᠴᠢ ᠪᠦᠲᠦᠭᠡᠭ᠌ᠳᠡᠬᠦᠨ᠎ᠦ ᠳᠡᠯᠭᠡᠭᠦᠷ ᠨᠢ ᠲᠣᠭᠣᠷᠢᠨ ᠦᠵᠡᠭᠴᠢᠳ᠎ᠦᠨ 《ᠬᠠᠮᠤᠭ ᠡᠴᠦᠰ᠎ᠦᠨ ᠦᠵᠡᠭᠦᠯᠭᠡ᠎ᠶ᠋ᠢᠨ ᠲᠢᠩᠬᠢᠮ》 ᠪᠣᠯᠤᠭᠰᠠᠨ ᠪᠠᠢᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ