ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ᠎ᠦᠨ ᠳ᠋ᠠᠢᠲ᠋ᠠ᠎ᠶᠢ ᠦᠨᠳᠦᠰᠦᠯᠡᠪᠡᠯ᠂ 《 ᠬᠣᠣᠰ ᠪᠠᠶᠠᠷ 》᠎ᠤᠨ ᠠᠮᠠᠷᠠᠯᠲᠠ᠎ᠶᠢᠨ ᠳᠣᠯᠣᠳᠤᠭᠠᠷ ᠡᠳᠦᠷ᠎ᠲᠦ ᠪᠤᠴᠠᠬᠤ ᠠᠶᠠᠯᠠᠯ ᠣᠷᠭᠢᠯ᠎ᠳᠤ᠎ᠪᠠᠨ ᠬᠦᠷᠴᠦ᠂ ᠪᠥᠬᠥ ᠣᠷᠣᠨ᠎ᠤ ᠣᠷᠣᠨ ᠪᠦᠰᠡ ᠠᠯᠤᠰᠯᠠᠭᠰᠠᠨ ᠬᠥᠮᠥᠨ᠎ᠦ ᠲᠣᠭ᠎ᠠ 579.16 ᠲᠦᠮᠡᠨ ᠬᠥᠮᠥᠨ ᠤᠳᠠᠭ᠎ᠠ᠎ᠳᠤ ᠬᠦᠷᠴᠦ᠂ ᠲᠦᠷᠦᠭᠦᠸ᠋ ᠰᠠᠷ᠎ᠠ᠎ᠶᠢᠨ ᠬᠢ᠎ᠡᠴᠡ 15.26%᠎ᠪᠡᠷ ᠳᠡᠭᠡᠭᠰᠢᠯᠡᠵᠦ᠂ ᠠᠳᠠᠯᠢ ᠬᠤᠭᠤᠴᠠᠭᠠᠨ᠎ᠤ ᠬᠢ᠎ᠡᠴᠡ 19.71%᠎ᠪᠡᠷ ᠳᠡᠭᠡᠭᠰᠢᠯᠡᠪᠡ᠃
ᠲᠤᠬᠠᠢ᠎ᠶᠢᠨ ᠡᠳᠦᠷ ᠪᠥᠬᠥ ᠣᠷᠣᠨ ᠨᠡᠶ᠋ᠢᠲᠡ 49.04 ᠲᠦᠮᠡᠨ ᠬᠥᠮᠥᠨ ᠤᠳᠠᠭ᠎ᠠ᠎ᠶᠢᠨ ᠠᠶᠠᠨᠴᠢᠳ᠎ᠢ ᠦᠳᠡᠵᠡᠢ᠃ ᠲᠡᠭᠡᠭᠡᠪᠦᠷᠢ᠎ᠶᠢᠨ ᠬᠡᠯᠪᠡᠷᠢ᠎ᠡᠴᠡ ᠦᠵᠡᠪᠡᠯ᠂ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶᠢᠨ ᠬᠡᠮᠵᠢᠶ᠎ᠡ 34.39 ᠲᠦᠮᠡᠨ ᠬᠥᠮᠥᠨ ᠤᠳᠠᠭ᠎ᠠ᠎ᠳᠤ ᠬᠦᠷᠴᠦ᠂ ᠠᠶᠠᠨᠴᠢᠳ᠎ᠤᠨ ᠠᠶᠠᠯᠠᠯ᠎ᠤᠨ ᠭᠣᠣᠯ ᠬᠡᠯᠪᠡᠷᠢ ᠪᠣᠯᠣᠭᠰᠠᠨ ᠪᠠᠢᠨ᠎ᠠ; ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ᠎ᠶᠢᠨ ᠬᠡᠮᠵᠢᠶ᠎ᠡ 5.16 ᠲᠦᠮᠡᠨ ᠬᠥᠮᠥᠨ ᠤᠳᠠᠭ᠎ᠠ᠎ᠳᠤ ᠬᠦᠷᠴᠡᠢ; ᠠᠷᠠᠳ᠎ᠤᠨ ᠠᠭᠠᠷ ᠠᠶᠠᠯᠠᠯ᠎ᠤᠨ ᠠᠶᠠᠨᠴᠢᠳ᠎ᠤᠨ ᠲᠡᠭᠡᠭᠡᠪᠦᠷᠢ᠎ᠶᠢᠨ ᠬᠡᠮᠵᠢᠶ᠎ᠡ 9.49 ᠲᠦᠮᠡᠨ ᠬᠥᠮᠥᠨ ᠤᠳᠠᠭ᠎ᠠ᠎ᠳᠤ ᠬᠥᠷᠪᠡ᠃
ᠵᠠᠮ ᠨᠡᠪᠲᠡᠷᠡᠯᠭᠡ᠎ᠶᠢᠨ ᠲᠠᠯ᠎ᠠ᠎ᠪᠠᠷ᠂ ᠪᠥᠬᠥ ᠣᠷᠣᠨ᠎ᠤ ᠲᠦᠷᠭᠡᠨ᠎ᠦ ᠵᠠᠰᠠᠮᠠᠯ ᠵᠠᠮ᠎ᠤᠨ ᠲᠡᠷᠭᠡᠨ᠎ᠦ ᠤᠷᠤᠰᠬᠠᠯ᠎ᠤᠨ ᠶᠡᠷᠦᠩᠬᠡᠢ ᠬᠡᠮᠵᠢᠶ᠎ᠡ 88.76 ᠲᠦᠮᠡ᠎ᠳᠦ ᠬᠦᠷᠴᠦ᠂ ᠲᠦᠷᠦᠭᠦᠸ᠋ ᠰᠠᠷ᠎ᠠ᠎ᠶᠢᠨ ᠬᠢ᠎ᠡᠴᠡ 30.90%᠎ᠢᠶᠡᠷ ᠳᠡᠭᠡᠭᠰᠢᠯᠡᠵᠡᠢ᠃ ᠡᠭᠦᠨ᠎ᠳᠦ ᠠᠶᠠᠨᠴᠢᠳ᠎ᠤᠨ ᠮᠠᠰᠢᠨ ᠲᠡᠷᠭᠡᠨ᠎ᠦ ᠤᠷᠤᠰᠬᠠᠯ᠎ᠤᠨ ᠬᠡᠮᠵᠢᠶ᠎ᠡ 77.37 ᠲᠦᠮᠡ ᠪᠠᠢᠵᠤ᠂ ᠪᠥᠬᠥ ᠲᠡᠷᠭᠡᠨ᠎ᠦ ᠤᠷᠤᠰᠬᠠᠯ᠎ᠤᠨ 87.17%᠎ᠶᠢ ᠡᠵᠡᠯᠡᠵᠦ᠂ 7 ᠰᠠᠭᠤᠳᠠᠯ ᠵᠢᠴᠢ ᠲᠡᠭᠦᠨ᠎ᠡᠴᠡ ᠳᠣᠷᠣᠭ᠍ᠰᠢᠬᠢ ᠵᠢᠵᠢᠭ ᠮᠠᠰᠢᠨ ᠲᠡᠷᠭᠡ 76.88 ᠲᠦᠮᠡ᠎ᠳᠦ ᠬᠦᠷᠴᠦ᠂ ᠠᠶᠠᠨᠴᠢᠳ᠎ᠤᠨ ᠮᠠᠰᠢᠨ ᠲᠡᠷᠭᠡᠨ᠎ᠦ ᠤᠷᠤᠰᠬᠠᠯ᠎ᠤᠨ 99.37%᠎ᠶᠢ ᠡᠵᠡᠯᠡᠵᠦ᠂ ᠬᠤᠪᠢ᠎ᠪᠠᠷ᠎ᠢᠶᠠᠨ ᠮᠠᠰᠢᠨ ᠵᠢᠯᠤᠭᠣᠳᠴᠤ ᠭᠠᠳᠠᠭ᠍ᠰᠢ ᠭᠠᠷᠬᠤ ᠨᠢ ᠮᠥᠨ ᠯᠠ ᠭᠣᠣᠯ ᠰᠣᠩᠭᠣᠯᠲᠠ ᠪᠣᠯᠵᠤ ᠪᠠᠢᠨ᠎ᠠ ; ᠠᠴᠢᠶᠠᠨ᠎ᠤ ᠮᠠᠰᠢᠨ ᠲᠡᠷᠭᠡᠨ᠎ᠦ ᠤᠷᠤᠰᠬᠠᠯ᠎ᠤᠨ ᠬᠡᠮᠵᠢᠶ᠎ᠡ 11.39 ᠲᠦᠮᠡ᠎ᠳᠦ ᠬᠦᠷᠴᠦ᠂ ᠪᠠᠷᠠᠭᠠᠨ᠎ᠤ ᠵᠥᠭᠡᠭᠡᠪᠦᠷᠢ ᠲᠣᠭᠲᠠᠭᠤᠨ ᠪᠠᠢᠳᠠᠯ᠎ᠢᠶᠠᠨ ᠪᠠᠲᠤᠯᠠᠪᠠ᠃