ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠭᠣᠣᠯᠳᠠᠯᠭ᠎ᠠ ᠲᠠᠢ ᠬᠢᠨᠠᠨ ᠰᠢᠨᠵᠢᠭᠰᠡᠨ ᠠᠷᠠᠯᠵᠢᠶ᠎ᠠ ᠬᠤᠳᠠᠯᠳᠤᠭᠠᠨ᠎ᠤ 292 ᠠᠵᠤ ᠠᠬᠤᠢᠯᠠᠯ᠎ᠤᠨ ᠪᠣᠷᠣᠯᠠᠭᠤᠯᠭ᠎ᠠ᠎ᠶᠢᠨ ᠲᠣᠭ᠎ᠠ ᠠᠳᠠᠯᠢ ᠬᠤᠭᠤᠴᠠᠭᠠᠨ᠎ᠤ ᠬᠢ᠎ᠠᠴᠠ 3.5% ᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-10-09

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠤᠯᠤᠰ᠎ᠤᠨ ᠪᠠᠶᠠᠷ ᠪᠠ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠶᠢᠨ ᠬᠤᠭᠤᠴᠠᠭᠠᠨ᠎ᠳᠤ ᠥᠪᠥᠷ ᠮᠣᠩᠭᠣᠯ᠎ᠤᠨ ᠭᠣᠣᠯᠳᠠᠯᠭ᠎ᠠ ᠲᠠᠢ ᠬᠢᠨᠠᠨ ᠰᠢᠨᠵᠢᠭᠰᠡᠨ ᠠᠷᠠᠯᠵᠢᠶ᠎ᠠ ᠬᠤᠳᠠᠯᠳᠤᠭᠠᠨ᠎ᠤ 292 ᠠᠵᠤ ᠠᠬᠤᠢᠯᠠᠯ᠎ᠤᠨ ᠪᠣᠷᠣᠯᠠᠭᠤᠯᠭ᠎ᠠ᠎ᠶᠢᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 3.5% ᠪᠡᠷ ᠨᠡᠮᠡᠭᠳᠡᠵᠦ᠂ ᠲᠠᠸᠠᠷ᠎ᠤᠨ ᠬᠡᠷᠡᠭᠯᠡᠭᠡ᠂ ᠢᠳᠡᠭᠡᠨ ᠤᠮᠳᠠᠭᠠᠨ᠎ᠤ ᠬᠡᠷᠡᠭᠯᠡᠭᠡ᠂ ᠰᠣᠶᠣᠯ ᠵᠢᠭᠤᠯᠴᠢᠯᠠᠯ᠎ᠤᠨ ᠬᠡᠷᠡᠭᠯᠡᠭᠡ ᠣᠯᠠᠨ ᠭᠠᠵᠠᠷ᠎ᠲᠤ ᠥᠷᠨᠢᠵᠦ᠂ ᠵᠠᠬ᠎ᠠ ᠳᠡᠯᠭᠡᠭᠦᠷ᠎ᠦᠨ ᠠᠵᠢᠯᠯᠠᠭᠠᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠢᠪᠠ᠃

300 ᠭᠠᠷᠤᠢ ᠲᠠᠯᠠᠪᠤᠷ ᠠᠵᠢᠯᠯᠠᠭ᠎ᠠ + 4000 ᠲᠦᠮᠡᠨ ᠬᠡᠷᠡᠭᠯᠡᠭᠡ᠎ᠶᠢᠨ ᠲᠡᠮᠳᠡᠭᠲᠦ᠂ ᠬᠤᠳᠠᠯᠳᠤᠭ᠎ᠠ ᠰᠣᠶᠣᠯ ᠵᠢᠭᠤᠯᠴᠢᠯᠠᠯ ᠲᠠᠮᠢᠷ᠎ᠤᠨ ᠤᠯᠠᠨ ᠡᠰᠢᠲᠦ ᠠᠭᠤᠰᠤᠯᠴᠠᠯ ᠨᠢ ᠵᠠᠬ᠎ᠠ ᠳᠡᠯᠭᠡᠭᠦᠷ᠎ᠢ ᠬᠥᠭᠵᠢᠭᠡᠪᠡ᠃ ᠬᠣᠣᠰ ᠪᠠᠶᠠᠷ᠎ᠤᠨ ᠬᠤᠭᠤᠴᠠᠭᠠᠨ᠎ᠳᠤ᠂ ᠪᠥᠬᠥ ᠣᠷᠣᠨ᠎ᠤ ᠡᠯ᠎ᠡ ᠭᠠᠵᠠᠷ᠎ᠤᠨ ᠬᠢᠨ ᠬᠡᠷᠡᠭᠯᠡᠭᠡ᠎ᠶᠢ ᠠᠬᠢᠭᠤᠯᠬᠤ ᠥᠪᠡᠷᠮᠢᠴᠡ ᠠᠵᠢᠯᠯᠠᠭ᠎ᠠ᠎ᠶᠢ 300 ᠭᠠᠷᠤᠢ ᠲᠠᠯᠠᠪᠤᠷ ᠭᠠᠷᠭᠠᠵᠤ᠂ 4000 ᠭᠠᠷᠤᠢ ᠲᠦᠮᠡᠨ ᠲᠥᠭᠥᠷᠢᠭ᠎ᠦᠨ ᠠᠷᠠᠳ᠎ᠲᠤ ᠠᠰᠢᠭ᠋ ᠬᠦᠷᠲᠡᠭᠡᠬᠦ ᠬᠡᠷᠡᠭᠯᠡᠭᠡ᠎ᠶᠢᠨ ᠲᠡᠮᠳᠡᠭᠲᠦ᠎ᠶᠢ ᠢᠵᠢ ᠪᠦᠷᠢᠳᠦᠭᠦᠯᠦᠨ ᠲᠠᠷᠬᠠᠭᠠᠵᠤ᠂ ᠳᠠᠢᠴᠢᠯᠠᠭᠰᠠᠨ ᠪᠣᠷᠤᠯᠠᠭᠤᠯᠭ᠎ᠠ᠎ᠶᠢᠨ ᠲᠣᠭ᠎ᠠ ᠨᠢ ᠨᠡᠶ᠋ᠢᠲᠡ 27 ᠳ᠋ᠦᠩᠰᠢᠭᠤᠷ ᠲᠥᠭᠥᠷᠢᠭ᠎ᠡᠴᠡ ᠳᠠᠪᠠᠪᠠ᠃ ᠬᠥᠬᠡᠬᠣᠲᠠ 《ᠴᠡᠯᠡᠭᠡᠷ ᠲᠠᠯ᠎ᠠ ᠰᠣᠶᠣᠯ ᠵᠢᠭᠤᠯᠴᠢᠯᠠᠯ᠎ᠤᠨ ᠪᠠᠶᠠᠷ》᠎ᠢᠶᠠᠷ ᠭᠣᠣᠯ ᠪᠣᠯᠭᠠᠵᠤ᠂ ᠵᠠᠭᠤᠨ ᠬᠤᠳᠠᠯᠳᠤᠭ᠎ᠠ ᠠᠷᠠᠯᠵᠢᠶᠠᠨ᠎ᠤ ᠠᠵᠤ ᠠᠬᠤᠢᠯᠠᠯ ᠲᠠᠢ ᠬᠣᠯᠪᠣᠭᠠᠯᠠᠭᠠᠳ 《ᠰᠣᠶᠣᠯ ᠵᠢᠭᠤᠯᠴᠢᠯᠠᠯ + ᠬᠡᠷᠡᠭᠯᠡᠭᠡ᠎ᠶᠢᠨ ᠲᠡᠮᠳᠡᠭᠲᠦ》᠎ᠶᠢᠨ ᠠᠵᠢᠯᠯᠠᠭ᠎ᠠ ᠥᠷᠨᠢᠭᠦᠯᠵᠦ᠂ ᠠᠷᠠᠳ᠎ᠲᠤ ᠠᠰᠢᠭ᠋ ᠬᠦᠷᠲᠡᠭᠡᠬᠦ ᠨᠡᠮᠡᠭᠦᠷᠢ᠎ᠶᠢ 2000 ᠭᠠᠷᠤᠢ ᠲᠦᠮᠡᠨ ᠲᠥᠭᠥᠷᠢᠭ ᠲᠠᠷᠬᠠᠭᠠᠵᠤ᠂ 5 ᠳ᠋ᠦᠩᠰᠢᠭᠤᠷ ᠲᠥᠭᠥᠷᠢᠭ᠎ᠦᠨ ᠬᠡᠷᠡᠭᠯᠡᠭᠡ᠎ᠶᠢ ᠳᠠᠢᠴᠢᠯᠠᠪᠠ᠃ ᠪᠤᠭᠤᠲᠤ ᠬᠣᠲᠠ 《ᠮᠧᠩ ᠴᠤᠤ》 ᠬᠣᠯᠪᠣᠭᠠᠲᠤ ᠤᠷᠤᠯᠳᠤᠭᠠᠨ᠎ᠤ ᠬᠠᠯᠠᠮᠰᠢᠯ᠎ᠢ ᠴᠢᠩᠭ᠎ᠠ ᠠᠳᠬᠤᠵᠤ᠂ ᠪᠤᠭᠤᠲᠤ᠎ᠶᠢᠨ ᠮᠠᠰᠢᠨ ᠲᠡᠷᠭᠡᠨ᠎ᠦ ᠦᠵᠡᠭᠦᠯᠭᠡ᠂ ᠳᠤᠮᠳᠠᠳᠤ ᠭᠠᠳᠠᠭᠠᠳᠤ᠎ᠶᠢᠨ ᠲᠠᠸᠠᠷ᠎ᠤᠨ ᠦᠵᠡᠰᠬᠦᠯᠡᠩ᠎ᠦᠨ ᠴᠤᠭᠯᠠᠭᠠᠨ ᠵᠡᠷᠭᠡ ᠠᠵᠢᠯᠯᠠᠭ᠎ᠠ᠎ᠶᠢ ᠬᠣᠯᠪᠤᠭᠠᠯᠠᠨ ᠡᠷᠭᠢᠯᠡᠵᠦ᠂ 62 ᠲᠦᠮᠡᠨ ᠵᠢᠭᠤᠯᠴᠢᠯᠠᠭᠴᠢᠳ᠎ᠢ ᠭᠥᠯᠢᠶᠡᠨ ᠠᠪᠴᠤ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠶᠢ ᠠᠳᠠᠯᠢ ᠬᠤᠭᠤᠴᠠᠭᠠᠨ᠎ᠤ ᠬᠢ᠎ᠡᠴᠡ 22% ᠵᠢᠡᠷ ᠨᠡᠮᠡᠭᠳᠡᠭᠦᠯᠪᠡ᠃ ᠣᠷᠳᠣᠰ ᠬᠣᠲᠠ 《ᠫᠤᠤᠵᠢᠩ᠎ᠤᠨ ᠦᠵᠡᠭᠦᠯᠭᠡ + ᠳᠠᠭᠤᠤ ᠬᠥᠭᠵᠢᠮᠲᠦ ᠪᠤᠯᠠᠭ》᠎ᠤᠨ ᠲᠣᠭᠯᠠᠯᠲᠠ ᠡᠷᠭᠢᠯᠡᠵᠦ᠂ 《ᠳᠤᠯᠠᠭᠠᠨ ᠬᠣᠲᠠ᠎ᠠᠴᠠ ᠪᠠᠷᠠᠭ᠎ᠠ ᠠᠪᠬᠤ》 ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ ᠲᠠᠢ ᠠᠭᠤᠰᠤᠯᠴᠠᠭᠤᠯᠤᠨ᠂ ᠳᠠᠢᠴᠢᠯᠠᠭᠰᠠᠨ ᠬᠡᠷᠡᠭᠯᠡᠭᠡ ᠨᠢ 2 ᠳ᠋ᠦᠩᠰᠢᠭᠤᠷ ᠲᠥᠭᠥᠷᠢᠭ᠎ᠢ ᠳᠠᠪᠠᠪᠠ᠃ ᠬᠥᠯᠥᠨ ᠪᠤᠢ᠍ᠢᠷ ᠬᠤᠳᠠ᠎ᠶᠢᠨ ᠬᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠤᠷᠠᠨ ᠰᠠᠢᠬᠠᠨ᠎ᠤ ᠲᠣᠭᠯᠠᠯᠲᠠ᠂ ᠪᠠᠶᠠᠷ ᠳᠤᠷᠠᠰᠬᠠᠯ᠎ᠤᠨ ᠠᠮᠲᠠᠲᠤ ᠢᠳᠡᠭᠡᠨ ᠵᠡᠷᠭᠡ ᠡᠯᠧᠮᠧᠨ᠋ᠲ ᠲᠠᠢ ᠤᠶᠠᠯᠳᠤᠭᠤᠯᠵᠤ᠂ ᠤᠯᠠᠨ ᠡᠰᠢᠲᠦ ᠣᠢᠯᠠᠭᠠᠯᠲᠠ᠎ᠶᠢ ᠡᠭᠦᠳᠴᠦ᠂ ᠬᠣᠶᠠᠷ ᠮᠤᠵᠢ ᠲᠦᠷᠪᠡᠨ ᠭᠠᠵᠠᠷ᠎ᠤᠨ ᠣᠨᠴᠠ ᠭᠠᠷᠤᠯᠲᠠ᠎ᠶᠢᠨ ᠪᠣᠷᠤᠯᠠᠭᠤᠯᠭ᠎ᠠ᠎ᠶᠢᠨ ᠴᠤᠭᠯᠠᠭᠠᠨ᠎ᠢ ᠡᠷᠬᠢᠯᠡᠵᠦ᠂ ᠵᠢᠭᠤᠯᠴᠢᠯᠠᠯ᠎ᠤᠨ ᠣᠷᠣᠯᠭ᠎ᠠ ᠪᠠ ᠣᠨᠴᠠᠯᠢᠭ᠍ᠲᠤ ᠮᠠᠯ ᠲᠠᠷᠢᠶᠠᠯᠠᠩ᠎ᠤᠨ ᠭᠠᠷᠤᠯᠲᠠ᠎ᠶᠢᠨ ᠪᠣᠷᠤᠯᠠᠭᠤᠯᠭ᠎ᠠ᠎ᠶᠢᠨ ᠬᠣᠣᠰ ᠨᠡᠮᠡᠭᠳᠡᠯ᠎ᠢ ᠪᠡᠶᠡᠯᠡᠭᠦᠯᠵᠡᠢ᠃

ᠢᠷᠡᠯᠲᠡ᠄    