ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠪᠥᠬᠥ ᠳᠡᠯᠡᠬᠡᠢ᠎ᠶᠢᠨ ᠬᠠᠮᠤᠭ᠎ᠤᠨ ᠲᠣᠮᠣ ᠨᠣᠭᠣᠭᠠᠨ ᠮᠧᠲ᠋ᠢᠯ ᠠᠯᠺᠣᠣᠯ᠎ᠤᠨ ᠲᠥᠷᠥᠯ ᠵᠦᠢᠯ᠎ᠦᠨ ᠬᠡᠢᠵᠢᠭᠦᠯᠬᠦ ᠵᠤᠤᠬ᠎ᠠ᠎ᠶ᠋ᠢᠨ ᠤᠷ᠎ᠠ ᠮᠡᠷᠭᠡᠵᠢᠯ ᠨᠢ ᠠᠮᠵᠢᠯᠲᠠ ᠲᠠᠢ᠎ᠪᠠᠷ ᠱᠢᠯᠭᠠᠨ ᠪᠠᠲᠤᠯᠠᠭ᠍ᠳᠠᠪᠠ
ᠨᠡᠶ᠋ᠢᠲᠡᠯᠡᠭᠰᠡᠨ ᠴᠠᠭ᠄ 2025-10-09

10 ᠳ᠋ᠤᠭᠠᠷ ᠰᠠᠷ᠎ᠠ᠎ᠶᠢᠨ 5 ᠎ᠤ ᠡᠳᠦᠷ᠂ ᠪᠥᠬᠥ ᠳᠡᠯᠡᠬᠡᠢ᠎ᠶᠢᠨ ᠬᠠᠮᠤᠭ᠎ᠤᠨ ᠲᠣᠮᠣ ᠨᠣᠭᠣᠭᠠᠨ ᠮᠧᠲ᠋ᠢᠯ ᠠᠯᠺᠣᠣᠯ᠎ᠤᠨ ᠦᠢᠯᠡᠳᠪᠦᠷᠢᠯᠡᠯ᠎ᠦᠨ ᠲᠥᠷᠥᠯ ᠵᠦᠢᠯ᠎ᠦᠨ ᠵᠢᠨ ᠹᠧᠩ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠢᠩᠭᠠᠨ ᠠᠢᠮᠠᠭ᠎ᠲᠠᠬᠢ ᠨᠣᠭᠣᠭᠠᠨ ᠤᠰᠤᠲᠥ᠋ᠷᠥᠭᠴᠢ᠎ᠪᠡᠷ ᠦᠢᠯᠡᠳᠬᠦ᠌ 50 ᠲᠦᠮᠡᠨ ᠲᠣᠨ᠎ᠤ ᠨᠣᠭᠣᠭᠠᠨ ᠮᠧᠲ᠋ᠢᠯ ᠠᠯᠺᠣᠣᠯ᠎ᠤᠨ ᠲᠥᠷᠥᠯ ᠵᠦᠢᠯ᠎ᠤᠨ ᠬᠡᠢᠵᠢᠭᠦᠯᠬᠦ ᠵᠤᠤᠬ᠎ᠠ᠎ᠶ᠋ᠢᠨ ᠤᠷ᠎ᠠ ᠮᠡᠷᠭᠡᠵᠢᠯ ᠨᠢ ᠤᠷᠤᠭᠰᠢᠲᠠᠢ᠎ᠪᠡᠷ ᠱᠢᠯᠭᠠᠨ ᠪᠠᠲᠤᠯᠠᠭ᠍ᠳᠠᠪᠠ᠃ ᠲᠤᠰ ᠲᠦᠷᠦᠯ ᠵᠦᠢᠯ ᠨᠢ 9 ᠳ᠋ᠦ᠍ᠭᠡᠷ ᠰᠠᠷ᠎ᠠ᠎ᠶᠢᠨ 30 ᠎ᠤ ᠡᠳᠦᠷ ᠠᠵᠢᠯ ᠲᠦᠷᠦᠯ᠎ᠦᠨ ᠲᠤᠰᠬᠠᠢ ᠮᠡᠷᠭᠡᠵᠢᠯᠲᠡᠨ᠎ᠦ ᠰᠢᠯᠭᠠᠨ ᠭᠡᠷᠡᠴᠢᠯᠡᠯᠲᠡ ᠳᠣᠣᠷ᠎ᠠ ᠠᠩᠬ᠎ᠠ ᠤᠳᠠᠭ᠎ᠠ ᠮᠠᠲᠧᠷᠢᠶᠠᠯ ᠣᠷᠣᠭᠤᠯᠬᠤ᠎ᠶᠢ ᠪᠡᠶᠡᠯᠡᠭᠦᠯᠵᠡᠢ᠂ ᠲᠡᠭᠦᠨ᠎ᠦ ᠮᠡᠷᠭᠡᠵᠢᠯ᠎ᠦᠨ ᠱᠤᠭᠤᠮ᠎ᠤᠨ ᠭᠣᠣᠯᠳᠠᠯᠭ᠎ᠠ ᠪᠣᠯᠬᠤ ᠪᠢᠣᠮᠠᠰ᠎ᠢ ᠬᠡᠢᠵᠢᠭᠦᠯᠬᠦ ᠮᠡᠷᠭᠡᠵᠢᠯ ᠨᠢ ᠤᠯᠠᠨ ᠵᠦᠢᠯ᠎ᠦᠨ ᠠᠵᠢᠯ᠎ᠤᠨ ᠪᠠᠢᠳᠠᠯ ᠳᠣᠣᠷᠠᠬᠢ ᠠᠵᠢᠯᠯᠠᠭᠠᠨ ᠨᠠᠢᠳᠠᠪᠤᠷᠢᠲᠠᠢ ᠪᠠᠢᠬᠤ᠎ᠪᠠᠷ ᠱᠢᠯᠭᠠᠨ ᠪᠠᠲᠤᠯᠠᠭ᠍ᠳᠠᠵᠤ᠂ ᠬᠠᠭᠤᠯᠪᠤᠷᠢᠯᠠᠬᠤᠢᠴᠠ ᠴᠢᠨᠠᠷ᠎ᠲᠠᠢ ᠪᠠᠢᠵᠤ᠂ ᠲᠦᠷᠦᠯ ᠵᠦᠢᠯ᠎ᠦᠨ ᠨᠢᠭᠡᠳᠦᠭᠡᠷ ᠬᠤᠭᠤᠴᠠᠭᠠᠨ᠎ᠤ ᠠᠰᠢᠭ᠍ᠯᠠᠯᠲᠠ᠎ᠳᠤ ᠣᠷᠣᠭᠤᠯᠬᠤ᠎ᠳᠤ ᠪᠠᠲᠤ ᠪᠡᠬᠢ ᠰᠠᠭᠤᠷᠢ᠎ᠶ᠋ᠢ ᠲᠠᠯᠪᠢᠵᠤ ᠥᠭᠭᠦᠭᠰᠡᠨ ᠪᠥᠭᠡᠳ ᠮᠦᠨ ᠴᠦ᠍ ᠨᠣᠭᠣᠭᠠᠨ ᠮᠧᠲ᠋ᠢᠯ ᠠᠯᠺᠣᠣᠯ᠎ᠤᠨ ᠦᠢᠯᠡᠳᠪᠦᠷᠢᠯᠡᠯ᠎ᠦᠨ ᠬᠦᠷᠢᠶᠡᠨ᠎ᠳᠦ ᠬᠢᠮᠢ᠎ᠶᠢᠨ ᠠᠵᠤ ᠦᠢᠯᠡᠳᠪᠦᠷᠢ᠎ᠶᠢᠨ ᠠᠵᠢᠯ ᠲᠦᠷᠦᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠤᠢ᠃ 

ᠲᠤᠰ ᠲᠦᠷᠦᠯ ᠵᠦᠢᠯ᠎ᠦᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠵᠢᠨ ᠹᠧᠩ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠪᠦᠷᠢᠨ ᠪᠡᠯᠡᠳᠦ ᠳᠠᠭᠠᠯᠲᠠ ᠺᠣᠮᠫᠠᠨᠢ ᠪᠣᠯᠬᠤ ᠵᠢᠨ ᠹᠧᠩ ᠨᠣᠭᠣᠭᠠᠨ ᠡᠨᠧᠷᠭᠢ᠎ᠶᠢᠨ ᠬᠢᠮᠢ᠎ᠶᠢᠨ ᠠᠵᠤ ᠦᠢᠯᠡᠳᠪᠦᠷᠢ (ᠬᠢᠩᠭᠠᠨ ᠠᠢᠮᠠᠭ)ᠵᠢᠨ ᠬᠢᠵᠠᠭᠠᠷᠲᠤ ᠺᠣᠮᠫᠠᠨᠢ᠎ᠠᠴᠠ ᠪᠡᠯᠡ ᠣᠷᠣᠭᠤᠯᠤᠨ ᠪᠦᠲᠦᠭᠡᠨ ᠪᠠᠢᠭᠤᠯᠵᠠᠢ᠂ ᠶᠡᠷᠦᠩᠬᠡᠢ ᠪᠡᠯᠡ ᠣᠷᠣᠭᠤᠯᠤᠯᠲᠠ ᠨᠢ 22.96 ᠳ᠋ᠦᠩᠰᠢᠭᠤᠷ ᠲᠥᠭᠥᠷᠢᠭ᠎ᠲᠦ ᠬᠦᠷᠴᠦ᠂ ᠪᠦᠲᠦᠭᠡᠨ ᠪᠠᠢᠭᠤᠯᠤᠯᠲᠠ᠎ᠶᠢᠨ ᠬᠡᠪᠴᠢᠶᠡᠵᠢᠯ ᠨᠢ ᠵᠢᠯ᠎ᠳᠦ 25 ᠲᠦᠮᠡᠨ ᠲᠣᠨ ᠨᠣᠭᠣᠭᠠᠨ ᠮᠧᠲ᠋ᠢᠯ ᠠᠯᠺᠣᠣᠯ ᠦᠢᠯᠡᠳᠪᠦᠷᠢᠯᠡᠨ᠎ᠡ᠂ ᠡᠨᠡ ᠨᠢ ᠪᠦᠬᠦ ᠪᠥᠮᠪᠥᠷᠴᠡᠭ᠎ᠦᠨ ᠤᠰᠤᠨ ᠵᠠᠮ᠎ᠤᠨ ᠲᠡᠭᠡᠭᠡᠪᠦᠷᠢ᠎ᠳᠦ ᠨᠢᠭᠡᠳᠦᠭᠡᠷ ᠪᠦᠯᠦᠭ᠎ᠦᠨ ᠬᠡᠪᠴᠢᠶᠡᠵᠢᠭᠦᠯᠦᠭᠰᠡᠨ ᠨᠣᠭᠣᠭᠠᠨ ᠮᠧᠲ᠋ᠢᠯ ᠠᠯᠺᠣᠣᠯ᠎ᠤᠨ ᠲᠦᠯᠡᠰᠢ ᠬᠠᠩᠭᠠᠵᠤ᠂ ᠳᠣᠣᠷᠠᠳᠤ ᠬᠡᠯᠬᠢᠶᠡᠨ᠎ᠦ ᠠᠵᠤ ᠦᠢᠯᠡᠰ᠎ᠲᠦ ᠨᠡᠩ ᠭᠦᠢᠴᠡᠳ ᠲᠦᠭᠦᠬᠡᠢ ᠮᠠᠲᠧᠷᠢᠶᠠᠯ᠎ᠤᠨ ᠳᠡᠮᠵᠢᠯᠭᠡ ᠬᠠᠩᠭᠠᠬᠤ ᠪᠣᠯᠣᠨ᠎ᠠ᠃ ᠲᠥᠷᠥᠯ ᠵᠦᠢᠯ ᠨᠢ ᠲᠡᠷᠢᠭᠦᠨ᠎ᠦ ᠣᠷᠴᠢᠨ ᠲᠣᠭᠣᠷᠢᠨ᠎ᠢ ᠬᠠᠮᠠᠭᠠᠯᠠᠬᠤ ᠪᠡᠯᠡᠳᠬᠡᠮᠵᠢ ᠪᠠ ᠤᠷ᠎ᠠ ᠮᠡᠷᠭᠡᠵᠢᠯ᠎ᠢ ᠬᠡᠷᠡᠭᠯᠡᠨ᠂ ᠦᠢᠯᠡᠳᠪᠦᠷᠢᠯᠡᠯ᠎ᠦᠨ ᠶᠠᠪᠤᠴᠠ᠎ᠳᠠᠬᠢ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ ᠨᠢ ᠪᠠᠷᠢᠮᠵᠢᠶ᠎ᠠ᠎ᠳᠦ ᠨᠡᠢᠴᠡᠬᠦ᠌᠎ᠶ᠋ᠢ ᠦᠨᠡᠨ ᠬᠦ᠌ ᠪᠠᠲᠤᠯᠠᠵᠤ᠂ ᠠᠵᠤ ᠠᠬᠤᠢ᠎ᠶᠢᠨ ᠦᠷ᠎ᠡ ᠠᠰᠢᠭ᠋ ᠬᠢᠭᠡᠳ ᠣᠷᠴᠢᠨ ᠲᠣᠭᠣᠷᠢᠨ᠎ᠤ ᠦᠷ᠎ᠡ ᠠᠰᠢᠭ᠋᠎ᠤᠨ ᠬᠣᠣᠰ ᠠᠮᠵᠢᠯᠲᠠ᠎ᠶᠢ ᠪᠡᠶᠡᠯᠡᠭᠦᠯᠬᠦ᠌ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ