11 ᠳ᠋ᠦ᠍ᠭᠡᠷ ᠰᠠᠷ᠎ᠠ᠎ᠶᠢᠨ 10 ᠤ ᠡᠳᠦᠷ᠂ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠱᠠᠩᠬᠠᠢ᠎ᠳᠤ ᠥᠨᠳᠥᠷᠯᠡᠪᠡ᠃ ᠥᠪᠥᠷ ᠮᠣᠩᠭᠣᠯ᠎ᠤᠨ ᠠᠷᠠᠯᠵᠢᠶᠠᠨ᠎ᠤ ᠪᠦᠯᠬᠦᠮ᠎ᠦᠨ ᠬᠢᠨ ᠠᠬᠤᠢ ᠲᠠᠯᠠᠪᠠᠢ᠎ᠳᠤ ᠳᠡᠯᠭᠡᠨ ᠦᠵᠡᠭᠦᠯᠬᠦ᠂ ᠬᠠᠮᠲᠤᠷᠠᠯᠴᠠᠵᠤ ᠵᠥᠪᠳᠡᠯᠴᠡᠬᠦ᠂ ᠲᠥᠪᠯᠡᠷᠡᠭᠦᠯᠦᠨ ᠵᠦᠪᠯᠡᠯᠴᠡᠭᠡᠷ ᠲᠣᠭᠲᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠥᠨᠳᠥᠷ ᠪᠦᠲᠦᠮᠵᠢᠲᠡᠶ ᠪᠥᠭᠡᠳ ᠪᠣᠳᠠᠲᠠᠢ᠎ᠶᠢ ᠡᠷᠬᠢᠮᠯᠡᠭᠰᠡᠨ ᠰᠣᠯᠢᠯᠴᠠᠭ᠎ᠠ ᠵᠣᠯᠭᠠᠯᠴᠠᠭ᠎ᠠ᠎ᠶᠢ ᠪᠡᠶᠡᠯᠡᠭᠦᠯᠵᠦ᠂ 《 ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭ᠍ᠯᠠᠭᠠᠨ᠎ᠤ ᠴᠣᠩᠬᠣᠪᠴᠢ》᠎ᠪᠠᠷ 《ᠨᠠᠢᠵᠠ᠎ᠶᠢᠨ ᠲᠣᠭᠣᠷᠢᠭ᠋》᠎ᠢᠶᠠᠨ ᠦᠷᠭᠦᠯᠵᠢᠯᠡᠨ ᠥᠷᠭᠡᠳᠬᠡᠪᠡ᠃
ᠥᠪᠥᠷ ᠮᠣᠩᠭᠣᠯ᠎ᠤᠨ ᠦᠵᠡᠭᠦᠯᠭᠡ᠎ᠶ᠋ᠢᠨ ᠣᠷᠳᠣᠨ᠎ᠳᠤ᠂ ᠥᠪᠥᠷ ᠮᠣᠩᠭᠣᠯ᠎ᠤᠨ ᠠᠷᠪᠠᠨ ᠲᠣᠮᠣ᠌ ᠠᠵᠤ ᠦᠢᠯᠡᠰ᠎ᠦᠨ ᠪᠦᠯᠦᠭ᠌ᠵᠢᠯ᠎ᠦᠨ ᠦᠢᠯᠡᠳᠬᠦᠨ ᠪᠦᠲᠦᠭᠡᠭᠳᠡᠬᠦᠨ᠎ᠦ ᠵᠠᠭᠪᠤᠷ ᠬᠢᠭᠡᠳ ᠬᠡᠷᠡᠭ᠌ᠯᠡᠯᠲᠡ᠎ᠶ᠋ᠢᠨ ᠲᠠᠯᠠᠪᠤᠷ ᠪᠠᠢᠳᠠᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠲᠠᠷᠢᠶᠠᠯᠠᠩ ᠮᠠᠯ᠎ᠤᠨ ᠭᠠᠷᠤᠯᠲᠠ᠂ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨᠨᠦᠭᠦᠳ ᠨᠢ ᠬᠥᠮᠥᠰ᠎ᠲᠦ ᠲᠠᠭᠠᠱᠢᠶᠠᠭ᠍ᠳᠠᠵᠤ᠂ ᠥᠪᠥᠷ ᠮᠣᠩᠭᠣᠯ᠎ᠤᠨ ᠪᠣᠳᠠᠲᠤ ᠬᠦᠴᠦᠨ ᠪᠠ ᠷᠢᠳᠢ ᠰᠢᠳᠢ᠎ᠶᠢ ᠬᠠᠷᠠᠭᠤᠯᠬᠤ ᠴᠢᠬᠤᠯᠠ ᠴᠣᠩᠬᠣᠪᠴᠢ ᠪᠣᠯᠤᠭᠰᠠᠨ ᠪᠠᠢᠨ᠎ᠠ᠃ ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠦᠵᠡᠭᠦᠯᠭᠡ᠎ᠶ᠋ᠢᠨ ᠣᠷᠳᠣᠨ᠎ᠤ ᠠᠬᠤᠢ ᠲᠠᠯᠠᠪᠠᠶ᠎ᠳᠦ ᠪᠣᠷᠣᠯᠠᠭᠤᠯᠤᠭ᠍ᠰᠠᠨ ᠵᠣᠭᠣᠰᠣᠨ ᠲᠣᠭ᠎ᠠ 200 ᠲᠦᠮᠡᠨ ᠲᠥᠭᠥᠷᠢᠭ᠎ᠢ ᠳᠠᠪᠠᠵᠤ᠂ ᠰᠠᠨᠠᠮᠵᠢ᠎ᠲᠤ ᠵᠠᠬᠢᠶᠠᠯᠠᠭ᠎ᠠ᠎ᠶᠢᠨ ᠵᠣᠭᠣᠰᠣᠨ ᠲᠣᠭ᠎ᠠ 900 ᠭᠠᠷᠤᠢ ᠲᠦᠮᠡᠨ ᠲᠥᠭᠥᠷᠢᠭ᠎ᠲᠦ ᠬᠦᠷᠴᠦ᠂ 18 ᠲᠦᠮᠡᠨ ᠬᠥᠮᠥᠨ ᠤᠳᠠᠭ᠎ᠠ ᠥᠪᠥᠷ ᠮᠣᠩᠭᠣᠯ᠎ᠤᠨ ᠦᠵᠡᠭᠦᠯᠭᠡ᠎ᠶ᠋ᠢᠨ ᠣᠷᠳᠣᠨ᠎ᠳᠤ ᠣᠷᠣᠵᠤ᠂ ᠥᠪᠥᠷ ᠮᠣᠩᠭᠣᠯ᠎ᠤᠨ ᠣᠨᠴᠠᠯᠢᠭ᠍ᠲᠤ ᠠᠵᠤ ᠦᠢᠯᠡᠰ᠎ᠦᠨ ᠥᠷᠢᠰᠦᠯᠳᠦᠬᠦ ᠬᠦᠴᠦᠨ ᠪᠠ ᠨᠡᠭᠡᠭᠡᠯᠲᠡ ᠬᠢᠵᠦ ᠬᠠᠮᠲᠤᠷᠠᠯᠴᠠᠬᠤ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠦᠭᠰᠡᠨ ᠪᠠᠢᠨ᠎ᠠ᠃
ᠡᠨᠡ ᠬᠦ᠌ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭᠯᠠᠭᠠᠨ ᠳᠡᠭᠡᠷ᠎ᠡ᠂ ᠥᠪᠥᠷ ᠮᠣᠩᠭᠣᠯ᠎ᠤᠨ ᠦᠵᠡᠭᠦᠯᠭᠡ᠎ᠶ᠋ᠢᠨ ᠣᠷᠳᠣᠨ ᠭᠦᠨ ᠮᠡᠳᠡᠷᠡᠮᠵᠢ᠎ᠲᠦ ᠣᠢᠯᠠᠭᠠᠯᠲᠠ᠎ᠶ᠋ᠢᠨ ᠣᠷᠣᠨ ᠵᠠᠢ᠎ᠶᠢ ᠬᠦᠴᠦᠯᠡᠨ ᠪᠣᠶ ᠪᠣᠯᠭᠠᠵᠤ᠂ ᠪᠥᠬᠥ ᠣᠷᠣᠨ᠎ᠤ ᠡᠯ᠎ᠡ ᠭᠠᠵᠠᠷ᠎ᠤᠨ ᠴᠢᠨᠠᠷ ᠰᠠᠢᠲᠠᠢ ᠲᠠᠷᠢᠶᠠᠯᠠᠩ ᠮᠠᠯ᠎ᠤᠨ ᠭᠠᠷᠤᠯᠲᠠ᠎ᠶ᠋ᠢ ᠲᠥᠪᠯᠡᠷᠡᠭᠦᠯᠦᠨ ᠳᠡᠯᠭᠡᠨ ᠦᠵᠡᠭᠦᠯᠵᠡᠢ᠂ ᠡᠭᠦᠨ᠎ᠳᠦ ᠴᠠᠭᠠᠨ ᠢᠳᠡᠭᠡᠨ᠂ ᠤᠯᠠᠭᠠᠨ ᠢᠳᠡᠭᠡᠨ᠂ ᠵᠤᠭ᠎ᠠ ᠰᠡᠯᠡᠭᠦᠴᠡᠯ᠎ᠦᠨ ᠢᠳᠡᠭᠡᠨ᠂ ᠣᠨᠴᠠᠯᠢᠭ᠍ᠲᠤ ᠤᠮᠳᠠᠭᠠᠨ᠂ ᠢᠮᠠᠭᠠᠨ (ᠲᠡᠮᠡᠭᠡ) ᠨᠣᠣᠯᠣᠭᠤᠷ᠎ᠤᠨ ᠪᠦᠲᠦᠭᠡᠭᠳᠡᠬᠦᠨ ᠵᠡᠷᠭᠡ ᠪᠠᠭᠲᠠᠨ᠎ᠠ᠃ ᠪᠣᠳᠠᠲᠤ ᠶᠠᠭᠤᠮ᠎ᠠ᠎ᠶᠢ ᠳᠡᠯᠭᠡᠨ ᠦᠵᠡᠭᠦᠯᠬᠦ᠂ ᠦᠢᠯᠡᠳᠦᠯᠴᠡᠨ ᠣᠢᠯᠠᠭᠠᠬᠤ᠂ ᠠᠮᠲᠠᠷᠬᠠᠨ ᠰᠣᠯᠢᠯᠴᠠᠬᠤ ᠵᠡᠷᠭᠡ ᠣᠯᠠᠨ ᠵᠦᠢᠯ᠎ᠦᠨ ᠬᠡᠯᠪᠡᠷᠢ ᠮᠠᠶᠢᠭ᠋᠎ᠢᠶᠠᠷ ᠳᠠᠮᠵᠢᠭᠤᠯᠤᠨ᠂ 《ᠥᠪᠥᠷ ᠮᠣᠩᠭᠣᠯ》 ᠲᠡᠮᠳᠡᠭᠲᠦ ᠪᠦᠲᠦᠭᠡᠭ᠌ᠳᠡᠬᠦᠨ᠎ᠦ ᠠᠯᠳᠠᠷ ᠴᠣᠣ ᠪᠠ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠡᠢ᠃
ᠳᠤᠮᠳᠠᠳᠤ ᠤᠯᠤᠰ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠳᠡᠯᠭᠡᠨ ᠦᠵᠡᠭᠦᠯᠬᠦ ᠴᠣᠩᠬᠣᠪᠴᠢ ᠪᠣᠯᠤᠭᠰᠠᠨ᠎ᠤ ᠬᠤᠪᠢ᠎ᠳᠤ᠂ ᠭᠠᠳᠠᠭᠠᠳᠤ ᠣᠷᠣᠭᠤᠯᠤᠯᠲᠠ᠎ᠶᠢᠨ ᠦᠵᠡᠰᠬᠦᠯᠡᠩ᠎ᠦᠨ ᠴᠤᠭᠯᠠᠭᠠᠨ ᠨᠢ ᠤᠯᠠᠮ᠎ᠠᠴᠠ ᠤᠯᠠᠮ ᠣᠯᠠᠱᠢᠷᠠᠵᠤ ᠪᠠᠢᠭ᠎ᠠ ᠠᠳᠠᠯᠢ ᠪᠤᠰᠤ ᠭᠠᠵᠠᠷ ᠣᠷᠣᠨ᠎ᠠᠴᠠ ᠬᠦᠷᠦᠯᠴᠡᠨ ᠢᠷᠡᠭᠰᠡᠨ ᠦᠵᠡᠰᠬᠦᠯᠡᠩ᠎ᠦᠨ ᠬᠤᠳᠠᠯᠳᠤᠭᠠᠴᠢᠳ᠎ᠲᠤ ᠬᠥᠭᠵᠢᠯᠲᠡ᠎ᠶᠢᠨ ᠰᠢᠨ᠎ᠡ ᠠᠵᠠ ᠲᠣᠬᠢᠶᠠᠯ ᠬᠠᠩᠭᠠᠵᠠᠢ᠃ 《ᠪᠢᠳᠡᠨ᠎ᠦ ᠠᠪᠴᠢᠷᠠᠭᠰᠠᠨ 300 ᠭᠠᠷᠤᠢ ᠪᠦᠲᠦᠭᠡᠭᠳᠡᠬᠦᠨ ᠲᠦᠷᠦᠭᠦᠦ ᠡᠳᠦᠷ᠎ᠲᠦ᠎ᠪᠡᠨ ᠬᠤᠳᠠᠯᠳᠤᠭᠠᠳ ᠳᠠᠭᠤᠰᠴᠢᠬᠠᠪᠠ᠂ ᠡᠭᠦᠨ᠎ᠳᠦ ᠮᠣᠷᠢ᠂ ᠦᠬᠡᠷ᠂ ᠬᠣᠨᠢ ᠬᠡᠯᠪᠡᠷᠢ᠎ᠲᠠᠢ ᠰᠤᠢᠬᠠ ᠡᠪᠡᠰᠦᠨ᠎ᠦ ᠪᠦᠲᠦᠭᠡᠭᠳᠡᠬᠦᠨ ᠬᠠᠮᠤᠭ᠎ᠠᠴᠠ ᠬᠦᠷᠢᠶᠡᠯᠡᠯ᠎ᠲᠠᠢ ᠪᠠᠢᠨ᠎ᠠ᠃ ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠤᠨ ᠴᠤᠭ᠍ᠯᠠᠭᠠᠨ᠎ᠢᠶᠠᠷ ᠳᠠᠮᠵᠢᠭᠤᠯᠤᠨ᠂ ᠨᠡᠩ ᠤᠯᠠᠨ 〈ᠥᠪᠥᠷ ᠮᠣᠩᠭᠣᠯ᠎ᠤᠨ ᠣᠬᠢ ᠪᠦᠲᠦᠭᠡᠭ᠌ᠳᠡᠬᠦᠨ〉᠎ᠢ ᠪᠦᠬᠦ ᠳᠡᠯᠡᠬᠡᠢ᠎ᠳᠦ ᠳᠡᠯᠭᠡᠷᠡᠭᠦᠯᠵᠦ᠂ ᠥᠪᠥᠷ ᠮᠣᠩᠭᠣᠯ᠎ᠤᠨ ᠥᠪᠡᠷᠮᠢᠴᠡ ᠠᠮᠢ ᠠᠬᠤᠢ᠎ᠶᠢᠨ ᠷᠢᠳᠢ ᠰᠢᠳᠢ ᠪᠠ ᠤᠷᠠᠨ ᠲᠡᠭᠦᠯᠳᠡᠷ ᠤᠷ᠎ᠠ ᠮᠡᠷᠭᠡᠱᠢᠯ᠎ᠢᠶᠡᠨ ᠳᠡᠯᠡᠬᠡᠢ ᠳ᠋ᠠᠬᠢᠨ᠎ᠳᠤ ᠦᠵᠡᠭᠦᠯᠬᠦ᠎ᠶᠢ ᠬᠦᠰᠡᠵᠦ ᠪᠠᠢᠨ᠎ᠠ》 ᠭᠡᠵᠦ ᠥᠪᠥᠷ ᠮᠣᠩᠭᠣᠯ᠎ᠤᠨ ᠠᠢ ᠼᠤᠤ ᠶᠤᠸᠠᠨ ᠠᠮᠢ ᠠᠬᠤᠢ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠮᠡᠷᠭᠡᠵᠢᠯ᠎ᠦᠨ ᠡᠭᠦᠳᠦᠭᠴᠢ ᠴᠧᠨ ᠸᠧᠨ ᠺᠧ ᠬᠡᠯᠡᠪᠡ᠃
ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭ᠍ᠯᠠᠭᠠᠨ᠎ᠤ ᠬᠤᠭᠤᠴᠠᠭᠠᠨ᠎ᠳᠤ᠂ ᠪᠤᠭᠤᠲᠤ ᠬᠤᠳᠠ᠎ᠶᠢᠨ ᠬᠢᠨ ᠨᠡᠭᠡᠭᠡᠯᠲᠡ ᠬᠢᠬᠦ ᠠᠵᠠ ᠲᠣᠬᠢᠶᠠᠯ᠎ᠢ ᠢᠳᠡᠪᠬᠢᠲᠡᠢ ᠡᠵᠡᠮᠳᠡᠵᠦ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ᠎ᠤ ᠲᠦᠷᠦᠯ ᠵᠦᠢᠯ᠎ᠢ ᠵᠣᠯᠭᠠᠭᠤᠯᠬᠤ ᠬᠤᠷᠠᠯ᠎ᠢ ᠡᠷᠬᠢᠯᠡᠵᠡᠢ᠃ ᠪᠤᠭᠤᠲᠤ ᠬᠤᠳᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ 《ᠬᠤᠳᠠ᠎ᠶᠢᠨ ᠪᠠᠢᠳᠠᠯ᠂ ᠳᠠᠪᠠᠭᠤᠯᠢᠭ᠋᠂ ᠠᠵᠠ ᠲᠣᠬᠢᠶᠠᠯ᠂ ᠪᠠᠲᠤᠯᠠᠭ᠎ᠠ》᠎ᠪᠡᠷ ᠭᠣᠣᠯ ᠪᠣᠯᠭᠠᠵᠤ᠂ ᠨᠠᠷᠢᠨ ᠪᠣᠳᠠᠲᠠᠢ ᠳ᠋ᠠᠢᠲ᠋ᠠ᠎ᠪᠠᠷ ᠣᠷᠣᠨ ᠪᠠᠢᠷᠢ᠎ᠶᠢᠨ ᠵᠠᠮ ᠬᠠᠷᠢᠯᠴᠠᠭ᠎ᠠ᠂ ᠡᠬᠢ ᠪᠠᠶᠠᠯᠢᠭ᠋᠎ᠤᠨ ᠳᠠᠪᠠᠭᠤᠯᠢᠭ᠋᠂ ᠠᠵᠤ ᠦᠢᠯᠡᠰ᠎ᠦᠨ ᠰᠠᠭᠤᠷᠢ ᠵᠡᠷᠭᠡ 《ᠬᠠᠲᠠᠭᠤ ᠪᠣᠳᠠᠲᠤ ᠬᠦᠴᠦᠨ》᠎ᠢᠶᠠᠨ ᠳᠡᠯᠭᠡᠨ ᠦᠵᠡᠭᠦᠯᠵᠦ᠂ ᠲᠦᠷᠦ᠎ᠶᠢᠨ ᠪᠣᠳᠣᠯᠭ᠎ᠠ᠎ᠶᠢᠨ ᠲᠠᠯ᠎ᠠ᠎ᠪᠠᠷ ᠬᠢ ᠴᠡᠪᠡᠷ ᠠᠰᠢᠭ᠋ ᠯᠤᠭ᠎ᠠ ᠤᠶᠠᠯᠳᠤᠭᠤᠯᠤᠨ ᠪᠡᠯᠡ ᠣᠷᠣᠭᠤᠯᠤᠯᠲᠠ᠎ᠶᠢᠨ ᠠᠵᠠ ᠲᠣᠬᠢᠶᠠᠯ᠎ᠢ ᠰᠢᠰᠲᠧᠮ᠎ᠲᠠᠢ ᠲᠠᠢᠯᠪᠤᠷᠢᠯᠠᠵᠤ᠂ ᠪᠦᠬᠦ ᠳᠡᠯᠡᠬᠡᠢ᠎ᠶ᠋ᠢᠨ ᠠᠵᠤ ᠠᠬᠤᠢᠯᠠᠯ᠎ᠳᠤ 《ᠪᠤᠭᠤᠲᠤ᠎ᠳᠤ ᠪᠡᠯᠡ ᠣᠷᠣᠭᠤᠯᠵᠤ᠂ ᠠᠵᠠ ᠲᠣᠬᠢᠶᠠᠯ᠎ᠢ ᠬᠠᠮᠲᠤ᠎ᠪᠠᠷ ᠡᠳ᠋ᠯᠡᠨ᠂ ᠢᠷᠡᠭᠡᠳᠦᠢ᠎ᠳᠤ ᠬᠠᠮᠲᠤ᠎ᠪᠠᠷ ᠠᠱᠢᠭ ᠬᠥᠷᠳᠡᠬᠦ᠌》 ᠴᠢᠩ ᠰᠡᠳᠬᠢᠯ᠎ᠦᠨ ᠤᠷᠢᠯᠭ᠎ᠠ᠎ᠪᠡᠨ ᠳᠡᠪᠱᠢᠭᠦᠯᠵᠡᠢ᠃ ᠵᠣᠯᠭᠠᠭᠤᠯᠬᠤ ᠬᠤᠷᠠᠯ᠎ᠢᠶᠡᠷ᠂ ᠭᠣᠣᠯᠳᠠᠯᠭ᠎ᠠ ᠪᠣᠯᠬᠤ 8 ᠲᠦᠷᠦᠯ ᠵᠦᠢᠯ᠎ᠤᠨ ᠠᠬᠤᠢ ᠲᠠᠯᠠᠪᠠᠢ᠎ᠳᠤ ᠵᠥᠪᠯᠡᠯᠴᠡᠭᠡᠷ ᠲᠣᠬᠢᠷᠠᠯᠴᠠᠵᠤ᠂ ᠲᠦᠷᠦᠯ ᠵᠦᠢᠯ᠎ᠦᠨ ᠪᠡᠯᠡ ᠣᠷᠣᠭᠤᠯᠤᠯᠲᠠ᠎ᠶ᠋ᠢ 6.72 ᠳ᠋ᠦᠩᠰᠢᠭᠤᠷ ᠲᠥᠭᠥᠷᠢᠭ᠎ᠲᠦ ᠬᠦᠷᠭᠡᠬᠦ᠌᠎ᠪᠡᠷ ᠲᠥᠯᠥᠪᠯᠡᠵᠦ ᠪᠤᠢ᠃
《ᠪᠢᠳᠡ ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭ᠍ᠯᠠᠭᠠᠨ᠎ᠤ ᠡᠨᠡ ᠬᠦ᠌ ᠲᠠᠪᠴᠠᠩ᠎ᠢ ᠠᠰᠢᠭ᠍ᠯᠠᠵᠤ᠂ ᠥᠪᠥᠷ ᠮᠣᠩᠭᠣᠯ᠎ᠤᠨ ᠶᠡᠷᠦᠩᠬᠡᠢᠯᠡᠭᠰᠡᠨ ᠪᠣᠳᠠᠲᠤ ᠬᠦᠴᠦᠨ ᠪᠠ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠵᠦ᠂ ᠨᠡᠩ ᠤᠯᠠᠨ ᠪᠡᠯᠡ ᠣᠷᠣᠭᠤᠯᠤᠭ᠍ᠴᠢᠳᠢ ᠲᠠᠳᠠᠨ ᠥᠪᠥᠷ ᠮᠣᠩᠭᠣᠯ᠎ᠳᠤ ᠢᠷᠡᠭᠦᠯᠵᠦ᠍᠂ ᠥᠪᠥᠷ ᠮᠣᠩᠭᠣᠯ᠎ᠳᠤ ᠬᠠᠢᠷ᠎ᠠ ᠲᠠᠢ ᠪᠣᠯᠭᠠᠪᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠪᠡᠯᠡ ᠣᠷᠣᠭᠤᠯᠤᠯᠲᠠ ᠬᠠᠮᠲᠤᠷᠠᠯᠴᠠᠭ᠎ᠠ᠎ᠶᠢ ᠠᠬᠢᠭᠤᠯᠬᠤ ᠲᠥᠪ᠎ᠦᠨ ᠳᠡᠳ᠋ ᠡᠷᠬᠢᠯᠡᠭ᠌ᠴᠢ ᠯᠢᠦ ᠴᠦᠨ ᠬᠤᠢ ᠬᠡᠯᠡᠪᠡ᠃
6 ᠡᠳᠦᠷ᠎ᠦᠨ ᠬᠤᠭᠤᠴᠠᠭ᠎ᠠ᠎ᠲᠠᠢ ᠶᠠᠪᠤᠭ᠍ᠳᠠᠭ᠍ᠰᠠᠨ ᠨᠠᠢ᠍ᠮᠠᠳᠤᠭᠠᠷ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭᠯᠠᠭᠠᠨ ᠨᠢ ᠦᠷ᠎ᠡ ᠪᠦᠲᠦᠭᠡᠯ ᠦᠯᠡᠮᠵᠢ ᠪᠠᠢᠵᠤ᠂ ᠤᠯᠤᠰ᠎ᠤᠨ ᠦᠵᠡᠰᠬᠦᠯᠡᠩᠳᠦ 67 ᠤᠯᠤᠰ᠂ ᠭᠠᠵᠠᠷ ᠣᠷᠣᠨ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢ ᠲᠠᠲᠠᠨ ᠣᠷᠣᠯᠴᠠᠭᠤᠯᠵᠤ᠂ ᠦᠵᠡᠰᠭᠦᠯᠡᠩ᠎ᠦᠨ ᠬᠤᠭᠤᠴᠠᠭᠠᠨ᠎ᠳᠤ ᠵᠠᠭᠤ ᠭᠠᠷᠤᠢ ᠲᠠᠯᠠᠪᠠᠢ ᠠᠵᠢᠯᠯᠠᠭ᠎ᠠ ᠥᠷᠨᠢᠭᠦᠯᠵᠡᠢ᠃ ᠠᠵᠤ ᠠᠬᠤᠢᠯᠠᠯ᠎ᠤᠨ ᠦᠵᠡᠰᠭᠦᠯᠡᠩ᠎ᠦᠨ ᠲᠠᠯ᠎ᠠ᠎ᠪᠠᠷ ᠰᠢᠨ᠎ᠡ᠎ᠶᠢ ᠡᠭᠦᠳᠬᠦ ᠠᠭᠤᠷ ᠠᠮᠢᠰᠬᠤᠯ ᠭᠦᠨ ᠵᠤᠵᠠᠭᠠᠨ ᠪᠠᠢᠵᠤ᠂ ᠬᠡᠪᠴᠢᠶᠡᠵᠢᠯ ᠪᠠ ᠶᠠᠰᠤ ᠴᠢᠨᠠᠷ᠎ᠤᠨ ᠬᠣᠣᠰ ᠳᠡᠭᠡᠭᠰᠢᠯᠡᠯᠲᠡ᠎ᠶᠢ ᠪᠡᠶᠡᠯᠡᠭᠦᠯᠦᠨ᠂ ᠨᠡᠶ᠋ᠢᠲᠡ 461 ᠵᠦᠢᠯ᠎ᠦᠨ ᠲᠥᠯᠥᠭᠡᠯᠡᠬᠦ ᠴᠢᠨᠠᠷᠲᠠᠢ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠦᠢᠯᠡᠴᠢᠯᠡᠭᠡ᠎ᠶᠢ ᠨᠡᠢᠲᠡᠯᠡᠪᠡ᠃ ᠡᠭᠦᠨ᠎ᠡᠴᠡ ᠭᠠᠳᠠᠨ᠎ᠠ᠂ ᠶᠢᠰᠦᠳᠦᠭᠡᠷ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭᠯᠠᠭᠠᠨ᠎ᠤ ᠪᠡᠯᠡᠳᠬᠡᠯ ᠠᠵᠢᠯ ᠴᠤ᠌ ᠨᠢᠭᠡᠨᠲᠡ ᠪᠦᠬᠦ ᠲᠠᠯ᠎ᠠ᠎ᠪᠠᠷ ᠡᠬᠢᠯᠡᠵᠦ᠂ ᠵᠠᠭᠤ ᠰᠢᠬᠠᠮ ᠭᠠᠳᠠᠭᠠᠳᠤ ᠪᠡᠯᠡ᠎ᠶ᠋ᠢᠨ ᠠᠵᠤ ᠠᠬᠤᠢᠯᠠᠯ ᠶᠢᠰᠦᠳᠦᠭᠡᠷ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ᠎ᠶ᠋ᠢᠨ ᠦᠵᠡᠰᠬᠦᠯᠡᠩ᠎ᠦᠨ ᠴᠤᠭᠯᠠᠭᠠᠨ᠎ᠤ ᠦᠵᠡᠭᠦᠯᠭᠡ᠎ᠶ᠋ᠢᠨ ᠪᠠᠢᠷᠢ᠎ᠪᠠᠨ ᠤᠷᠢᠳᠴᠢᠯᠠᠨ ᠲᠣᠭᠲᠠᠭᠠᠭᠰᠠᠨ ᠪᠠᠢᠨ᠎ᠠ᠃