ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 2025 ᠣᠨ᠎ᠳᠤ ᠥᠪᠥᠷ ᠮᠣᠩᠭᠣᠯ ᠬᠠᠲᠤᠨ ᠭᠣᠣᠯ᠎ᠤᠨ ᠳ᠋ᠧᠩᠺᠧᠦ᠎ᠳᠡᠬᠢ ᠤᠰᠤ ᠲᠠᠲᠠᠨ ᠤᠰᠤᠯᠠᠬᠤ ᠤᠰᠤᠯᠠᠯᠲᠠ᠎ᠶᠢᠨ ᠣᠷᠣᠨ᠂ ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠰᠢᠷᠲᠠᠯᠠ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠭᠤᠷᠪᠠᠳᠤᠭᠠᠷ ᠪᠷᠢᠭᠠᠳᠠᠶᠢᠨ ᠡᠮᠦᠨ᠎ᠡ ᠳᠣᠬᠣᠢ᠎ᠶᠢᠨ ᠤᠰᠤᠯᠠᠯᠲᠠ᠎ᠶᠢᠨ ᠣᠷᠣᠨ ᠪᠠ ᠪᠤᠬ᠎ᠠ᠎ᠶᠢᠨ ᠵᠣᠶᠢᠨ ᠤᠰᠤᠯᠠᠯᠲᠠ᠎ᠶᠢᠨ ᠣᠷᠣᠨ᠎ᠳᠤ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠢ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢᠨ ᠲᠥᠷᠥᠯ ᠵᠦᠢᠯ᠎ᠢ ᠬᠡᠷᠡᠭᠵᠢᠭᠦᠯᠵᠦ᠂ ᠥᠭᠡᠷᠡᠴᠢᠯᠡᠯᠲᠡ᠎ᠶᠢᠨ ᠡᠭᠦᠷᠭᠡ᠎ᠶᠢᠨ ᠲᠥᠷᠥᠯ ᠵᠦᠢᠯ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ 90% ᠳᠤ ᠬᠥᠷᠪᠡ᠃ ᠣᠳᠣᠬᠠᠨ᠎ᠳᠤ᠂ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 8518.93 ᠲᠦᠮᠡᠨ ᠲᠥᠭᠥᠷᠢᠭ᠎ᠲᠦ ᠬᠦᠷᠴᠦ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ 97% ᠳᠦ ᠬᠦᠷᠴᠦ᠂ ᠳᠠᠩ ᠲᠥᠷᠥᠯ ᠵᠦᠢᠯ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ᠎ᠶᠢ ᠴᠥᠮ 90%᠎ᠡᠴᠡ ᠳᠠᠪᠠᠭᠤᠯᠬᠤ ᠣᠨ᠎ᠤ ᠬᠠᠷᠠᠯᠲᠠ᠎ᠶᠢ ᠤᠷᠢᠳᠴᠢᠯᠠᠨ ᠪᠡᠶᠡᠯᠡᠭᠦᠯᠪᠡ᠃
ᠣᠢᠯᠠᠭᠠᠭᠰᠠᠨ᠎ᠢᠶᠠᠷ᠂ 2025 ᠣᠨ᠎ᠳᠤ ᠲᠥᠪ᠎ᠡᠴᠡ 4800 ᠲᠦᠮᠡᠨ ᠲᠥᠭᠥᠷᠢᠭ᠎ᠦᠨ ᠤᠯᠤᠰ᠎ᠤᠨ ᠵᠢᠭᠡᠯᠡᠯᠭᠡ᠎ᠶᠢᠨ ᠪᠡᠯᠡ ᠮᠥᠩᠭᠥ ᠪᠠᠭᠤᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠬᠤᠭᠤᠴᠠᠭᠠᠨ᠎ᠳᠠᠬᠢ ᠬᠠᠲᠤᠨ ᠭᠣᠣᠯ᠎ᠤᠨ ᠥᠪᠥᠷ ᠮᠣᠩᠭᠣᠯ᠎ᠤᠨ ᠳ᠋ᠧᠩᠺᠧᠦ᠎ᠳᠡᠬᠢ ᠤᠰᠤ ᠲᠠᠲᠠᠨ ᠤᠰᠤᠯᠠᠬᠤ ᠤᠰᠤᠯᠠᠯᠲᠠ᠎ᠶᠢᠨ ᠣᠷᠣᠨ᠎ᠢ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠬᠤ ᠥᠭᠡᠷᠡᠴᠢᠯᠡᠯᠲᠡ᠎ᠶᠢ ᠳᠡᠮᠵᠢᠪᠡ; ᠲᠥᠪ᠎ᠡᠴᠡ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠪᠡᠯᠡ ᠮᠥᠩᠭᠥ 3089 ᠲᠦᠮᠡᠨ ᠲᠥᠭᠥᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ᠎ᠠᠴᠠ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠪᠡᠯᠡ ᠮᠥᠩᠭᠥ 546 ᠲᠦᠮᠡᠨ ᠲᠥᠭᠥᠷᠢᠭ ᠣᠷᠣᠭᠤᠯᠵᠤ᠂ ᠣᠷᠣᠨ ᠨᠤᠲᠤᠭ᠎ᠠᠴᠠ ᠢᠵᠢ ᠪᠦᠷᠢᠳᠦᠭᠦᠯᠬᠦ ᠪᠡᠯᠡ ᠮᠥᠩᠭᠥ 83.93 ᠲᠦᠮᠡᠨ ᠲᠥᠭᠥᠷᠢᠭ ᠭᠠᠷᠭᠠᠵᠤ᠂ ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠰᠢᠷᠲᠠᠯ᠎ᠠ᠎ᠶᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠭᠤᠷᠪᠠᠳᠤᠭᠠᠷ ᠪᠷᠢᠭᠠᠳᠠᠶᠢᠨ ᠡᠮᠦᠨ᠎ᠡ ᠳᠣᠬᠣᠢ᠎ᠶᠢᠨ ᠤᠰᠤᠯᠠᠯᠲᠠ᠎ᠶᠢᠨ ᠣᠷᠣᠨ ᠪᠠ ᠪᠤᠬ᠎ᠠ᠎ᠶᠢᠨ ᠵᠣᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ᠎ᠶᠢ ᠳᠡᠮᠵᠢᠪᠡ᠃ ᠣᠳᠣᠬᠠᠨ ᠪᠣᠯᠲᠠᠯ᠎ᠠ᠂ ᠬᠠᠲᠤᠨ ᠭᠣᠣᠯ᠎ᠤᠨ ᠥᠪᠥᠷ ᠮᠣᠩᠭᠣᠯ᠎ᠤᠨ ᠳ᠋ᠧᠩᠺᠧᠦ᠎ᠳᠡᠬᠢ ᠤᠰᠤ ᠲᠠᠲᠠᠨ ᠤᠰᠤᠯᠠᠬᠤ ᠤᠰᠤᠯᠠᠯᠲᠠ᠎ᠶᠢᠨ ᠣᠷᠣᠨ᠎ᠤ ᠲᠥᠷᠥᠯ ᠵᠦᠢᠯ᠎ᠢ ᠪᠦᠬᠦᠨ᠎ᠢ ᠪᠡᠶᠡᠯᠡᠭᠦᠯᠵᠦ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ 100% ᠳᠤ ᠬᠦᠷᠴᠡᠢ; ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠰᠢᠷᠲᠠᠯ᠎ᠠ᠎ᠶᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠭᠤᠷᠪᠠᠳᠤᠭᠠᠷ ᠪᠷᠢᠭᠠᠳᠠᠶᠢᠨ ᠡᠮᠦᠨ᠎ᠡ ᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠥᠷᠥᠯ ᠵᠦᠢᠯ᠎ᠳᠦ 1347 ᠲᠦᠮᠡᠨ ᠲᠥᠭᠥᠷᠢᠭ᠎ᠦᠨ ᠪᠡᠯᠡ ᠣᠷᠤᠭᠤᠯᠤᠯᠲᠠ᠎ᠶᠢ ᠪᠡᠶᠡᠯᠡᠭᠦᠯᠵᠦ᠂ ᠪᠡᠯᠡ ᠣᠷᠤᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ 98%᠎ᠳᠦ ᠬᠥᠷᠪᠡ; ᠪᠤᠬ᠎ᠠ᠎ᠶᠢᠨ ᠵᠣᠶᠢᠨ ᠤᠰᠤᠯᠠᠯᠲᠠ᠎ᠶᠢᠨ ᠣᠷᠣᠨ᠎ᠤ ᠲᠥᠷᠥᠯ ᠵᠦᠢᠯ᠎ᠳᠦ 2222 ᠲᠦᠮᠡᠨ ᠲᠥᠭᠥᠷᠢᠭ᠎ᠦᠨ ᠪᠡᠯᠡ ᠣᠷᠣᠭᠤᠯᠵᠤ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ 94.8% ᠳᠤ ᠬᠦᠷᠴᠡᠢ᠃