ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠲᠦᠷᠦᠭᠦᠦ ᠭᠤᠷᠪᠠᠨ ᠤᠯᠠᠷᠢᠯ᠎ᠳᠠᠬᠢ ᠪᠦᠬᠦ ᠣᠷᠣᠨ᠎ᠤ ᠡᠨᠧᠷᠭᠢ᠎ᠶᠢᠨ ᠠᠵᠤ ᠦᠢ᠍ᠯᠡᠳᠪᠦᠷᠢ᠎ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭ᠋ᠠᠨ᠎ᠤ ᠬᠢ᠎ᠠᠴᠠ 19.4% ᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-11-12

ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ᠂ ᠪᠥᠬᠦ ᠣᠷᠣᠨ᠎ᠤ ᠡᠨᠧᠷᠭᠢ᠎ᠶᠢᠨ ᠠᠵᠤ ᠦᠢ᠍ᠯᠡᠳᠪᠦᠷᠢ᠎ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ ᠬᠢ᠎ᠠᠴᠠ 19.4% ᠎ᠪᠠᠷ ᠨᠡᠮᠡᠭᠳᠡᠵᠦ᠂ ᠪᠥᠬᠦ ᠣᠷᠣᠨ᠎ᠤ ᠲᠣᠭᠲᠠᠮᠠᠯ ᠬᠥᠷᠥᠩᠭᠡ᠎ᠶᠢᠨ ᠪᠠᠯᠠ ᠣᠷᠣᠭᠤᠯᠤᠯᠲᠠ᠎ᠳᠠᠬᠢ ᠡᠵᠡᠯᠡᠬᠦ ᠬᠤᠪᠢ᠎ᠶᠢᠨ ᠵᠢᠩ 33.5% ᠎ᠳᠤ ᠬᠦᠷᠴᠦ᠂ ᠪᠠᠯᠠ ᠣᠷᠣᠭᠤᠯᠤᠯᠲᠠ᠎ᠶᠢᠨ ᠨᠡᠮᠡᠭᠳᠡᠯ᠎ᠢ ᠳᠠᠶ᠋ᠢᠴᠢᠯᠠᠬᠤ ᠴᠢᠬᠤᠯᠠ ᠬᠥᠳᠡᠯᠭᠡᠭᠦᠷ ᠪᠣᠯᠪᠠ᠃

ᠡᠨᠡ ᠵᠢᠯ᠎ᠠᠴᠠ ᠨᠠᠭ᠋ᠠᠰᠢ᠂ ᠪᠥᠬᠦ ᠣᠷᠣᠨ᠎ᠤ ᠤᠯᠠᠮᠵᠢᠯᠠᠯᠲᠤ ᠡᠨᠧᠷᠭᠢ᠎ᠶᠢᠨ ᠲᠤᠯᠭ᠋ᠠᠭᠤᠷᠢᠯᠠᠨ ᠪᠠᠲᠤᠯᠠᠬᠤ ᠦᠢ᠍ᠯᠡᠳᠦᠯ ᠦᠷᠭᠦᠯᠵᠢᠯᠡᠨ ᠴᠢᠩᠭ᠋ᠠᠷᠠᠵᠤ᠂ ᠡᠨᠧᠷᠭᠢ᠎ᠶᠢᠨ ᠠᠮᠤᠷ ᠲᠦᠪᠰᠢᠨ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃ 1–9 ᠳ᠋ᠦ᠍ᠭᠡᠷ ᠰᠠᠷ᠎ᠠ᠎ᠳᠤ᠂ ᠨᠡᠭᠦᠷᠡᠰᠦᠨ᠎ᠤ ᠦᠢ᠍ᠯᠡᠳᠪᠦᠷᠢᠯᠡᠯ ᠲᠣᠭᠲᠠᠭᠤᠨ᠎ᠢᠶᠠᠨ ᠪᠠᠲᠤᠯᠠᠵᠤ᠂ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠶᠢᠨ ᠠᠵᠤ ᠠᠬᠤᠶ᠋ᠢᠯᠠᠯ᠎ᠤᠨ ᠲᠦᠭᠦᠬᠡᠶ ᠨᠡᠭᠦᠷᠡᠰᠦᠨ᠎ᠤ ᠭᠠᠷᠤᠯᠲᠠ 9.4 ᠳ᠋ᠦᠩᠰᠢᠭᠤᠷ ᠲᠣᠨ᠎ᠳᠤ ᠬᠦᠷᠴᠡᠶ; ᠲᠣᠰᠣ ᠬᠡᠢ᠎ᠶᠢᠨ ᠨᠥᠭᠡᠴᠡ ᠭᠠᠷᠤᠯᠲᠠ ᠦᠷᠭᠦᠯᠵᠢᠯᠡᠨ ᠨᠡᠮᠡᠭᠳᠡᠵᠦ᠂ ᠪᠦᠬᠦ ᠣᠷᠣᠨ᠎ᠤ ᠲᠦᠭᠦᠬᠡᠶ ᠲᠣᠰᠣᠨ᠎ᠤ ᠭᠠᠷᠤᠯᠲᠠ 250 ᠲᠦᠮᠡᠨ ᠲᠣᠨ ᠪᠣᠯᠵᠤ᠂ ᠠᠳᠠᠯᠢ ᠬᠤᠭᠤᠴᠠᠭ᠋ᠠᠨ᠎ᠤ ᠬᠢ᠎ᠠᠴᠠ 4.2% ᠎ᠢᠶᠠᠷ ᠨᠡᠮᠡᠭᠳᠡᠵᠦ᠂ ᠪᠠᠶ᠋ᠢᠭ᠋ᠠᠯᠢ᠎ᠶᠢᠨ ᠰᠢᠲᠠᠮᠠᠬᠠᠶ ᠬᠡᠢ᠎ᠶᠢᠨ ᠭᠠᠷᠤᠯᠲᠠ 239.4 ᠳ᠋ᠦᠩᠰᠢᠭᠤᠷ ᠺᠦᠪ ᠮᠧᠲᠷ ᠪᠣᠯᠵᠤ᠂ ᠪᠦᠬᠦ ᠤᠯᠤᠰ᠎ᠤᠨ 12.3% ᠎ᠶᠢ ᠡᠵᠡᠯᠡᠵᠦ᠂ ᠨᠡᠭᠦᠷᠡᠰᠦ᠎ᠪᠠᠷ 34 ᠳ᠋ᠦᠩᠰᠢᠭᠤᠷ ᠺᠦᠪ ᠮᠧᠲ᠋ᠷ᠎ᠦᠨ ᠪᠠᠢᠭᠠᠯᠢ᠎ᠶᠢᠨ ᠰᠢᠲᠠᠮᠠᠬᠠᠢ ᠬᠡᠢ ᠦᠢᠯᠡᠳᠴᠦ᠂ ᠠᠳᠠᠯᠢ ᠬᠤᠭᠤᠴᠠᠭ᠋ᠠᠨ᠎ᠤ ᠬᠢ᠎ᠠᠴᠠ 26% ᠎ᠪᠠᠷ ᠨᠡᠮᠡᠭᠳᠡᠪᠡ᠃ ᠡᠭᠦᠨ᠎ᠤ ᠬᠠᠮᠲᠤ᠂ ᠮᠧᠩ ᠨᠧᠩ ᠵᠢᠨ ᠱᠠᠨ ᠭᠤᠷᠪᠠᠳᠤᠭ᠋ᠠᠷ ᠬᠤᠭᠤᠴᠠᠭ᠋ᠠᠨ᠎ᠤ 2×100 ᠲᠦᠮᠡᠨ ᠺᠢᠯᠣᠸᠠᠲ᠂ ᠬᠣᠢ ᠨᠧᠩ ᠴᠠᠩ ᠲᠠᠨ ᠬᠤᠶᠠᠳᠤᠭ᠋ᠠᠷ ᠬᠤᠭᠤᠴᠠᠭ᠋ᠠᠨ᠎ᠤ 2×66 ᠲᠦᠮᠡᠨ ᠺᠢᠯᠣᠸᠠᠲ ᠵᠡᠷᠭᠡ ᠨᠡᠭᠦᠷᠡᠰᠦᠨ ᠴᠠᠬᠢᠯᠭ᠋ᠠᠨ᠎ᠤ ᠲᠥᠷᠥᠯ ᠵᠦᠢ᠍ᠯ᠎ᠢ ᠲᠦᠷᠭᠡᠳᠬᠡᠨ ᠠᠬᠢᠭᠤᠯᠤᠭᠠᠳ᠂ 9 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠬᠤ᠎ᠳᠤ᠂ ᠪᠥᠬᠦ ᠣᠷᠣᠨ᠎ᠤ ᠴᠠᠬᠢᠯᠭ᠋ᠠᠨ ᠬᠦᠴᠦᠨ᠎ᠤ ᠶᠡᠷᠦᠩᠬᠡᠶ ᠮᠠᠰᠢᠨ ᠴᠣᠭᠴᠠᠯᠠᠪᠤᠷᠢ 28226 ᠲᠦᠮᠡᠨ ᠺᠢᠯᠣᠸᠠᠲ᠎ᠲᠤ ᠬᠥᠷᠪᠡ᠃

ᠢᠷᠡᠯᠲᠡ᠄    