ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠤᠯᠠᠭ᠋ᠠᠨᠮᠦ᠋ᠴᠢᠷ᠎ᠤᠨ ᠲᠤᠭᠤᠷᠢᠨ ᠲᠣᠭᠯᠠᠭᠰᠠᠨ 60 ᠵᠢᠯ᠎ᠤᠨ ᠤᠢ᠎ᠶᠢᠨ ᠲᠤᠬᠯᠠᠯᠳᠠ ᠶᠠᠪᠤᠭᠳᠠᠵᠠᠢ
ᠨᠡᠶ᠋ᠢᠲᠡᠯᠡᠭᠰᠡᠨ ᠴᠠᠭ᠄ 2025-11-12

11 ᠳ᠋ᠦ᠍ᠭᠡᠷ ᠰᠠᠷ᠎ᠠ᠎ᠶᠢᠨ 11 ᠎ᠤ ᠡᠳᠦᠷ᠎ᠤᠨ ᠤᠷᠤᠢ᠂ ᠥᠪᠥᠷ ᠮᠣᠩᠭᠤᠯ᠎ᠤᠨ ᠣᠯᠠᠨ ᠲᠦᠮᠡᠨ᠎ᠤ ᠤᠷᠠᠯᠢᠭ᠎ᠤᠨ ᠣᠷᠳᠣᠨ᠎ᠳᠤ ᠳ᠋ᠧᠩ᠎ᠤᠨ ᠭᠡᠷᠡᠯ ᠳᠤᠸᠠᠯᠠᠨ᠂ ᠳᠠᠭᠤᠤ ᠬᠥᠭᠵᠢᠮ ᠬᠠᠩᠭᠢᠨᠠᠵᠤ᠂ ᠪᠥᠬᠦ ᠣᠷᠣᠨ᠎ᠤ ᠤᠯᠠᠭ᠋ᠠᠨᠮᠥ᠋ᠴᠢᠷ᠎ᠤᠨ ᠲᠣᠭᠯᠠᠭᠴᠢᠳ ᠤᠯᠠᠮᠵᠢᠯᠠᠯᠲᠤ ᠬᠤᠪᠴᠠᠰᠤ ᠵᠠᠰᠠᠯ᠎ᠢᠶᠠᠷ᠎ᠢᠶᠠᠨ ᠭᠤᠶᠣᠯᠠᠵᠤ᠂ ᠴᠤᠭ ᠵᠢᠪᠬᠤᠭ᠎ᠠ ᠲᠠᠢ ᠬᠤᠷᠠᠨ ᠴᠤᠭᠯᠠᠷᠠᠵᠤ᠂ 60 ᠵᠢᠯ᠎ᠤᠨ ᠲᠤᠷᠰᠢᠬᠢ ᠨᠠᠨᠳᠢᠨ ᠳᠤᠷᠠᠰᠤᠮᠵᠢ᠎ᠶᠢ ᠡᠪᠦᠷᠯᠡᠨ᠂ ᠠᠷᠠᠳ ᠲᠦᠮᠡᠨ᠎ᠳᠤ 60 ᠵᠢᠯ᠎ᠤᠨ ᠲᠤᠷᠰᠢ ᠦᠢᠯᠡᠴᠢᠯᠡᠭᠰᠡᠨ ᠬᠠᠯᠠᠭᠤᠨ ᠰᠡᠳᠬᠢᠯᠭᠡ᠎ᠪᠡᠷ ᠤᠯᠠᠭ᠋ᠠᠨᠮᠥ᠋ᠴᠢᠷ᠎ᠤᠨ ᠲᠣᠭᠤᠷᠢᠨ ᠲᠣᠭᠯᠠᠭᠰᠠᠨ 60 ᠵᠢᠯ᠎ᠤᠨ ᠣᠢ᠎ᠶᠢ ᠬᠠᠮᠲᠤ᠎ᠪᠠᠷ ᠤᠭᠲᠤᠨ ᠠᠪᠴᠢᠷᠠᠯ᠎ᠠ᠃

ᠲᠣᠭᠯᠠᠯᠲᠠ᠎ᠶᠢᠨ ᠠᠬᠤᠢ ᠲᠠᠯᠠᠪᠠᠢ᠎ᠳᠤ ᠬᠤᠭᠤᠰᠤᠨ ᠰᠠᠭᠤᠳᠠᠯ ᠦᠯᠡᠳᠡᠭᠡᠯ ᠦᠭᠡᠢ ᠳᠦᠭᠦᠷᠲᠡᠯ᠎ᠡ ᠰᠠᠭᠤᠭᠰᠠᠨ᠂ ᠦᠵᠡᠭᠴᠢᠳ ᠰᠡᠳᠬᠢᠯ ᠳᠣᠭᠳᠣᠯᠤᠩᠭᠤᠢ᠎ᠪᠠᠷ ᠲᠣᠭᠯᠠᠯᠲᠠ᠎ᠶᠢᠨ ᠲᠠᠢᠰᠠᠨ᠎ᠠ ᠠᠩᠬᠠᠷᠤᠯ᠎ᠢᠶᠠᠨ ᠲᠥᠪᠯᠡᠷᠡᠭᠦᠯᠬᠦ᠎ᠳᠦ᠂ ᠭᠤᠴᠣ ᠰᠠᠶ᠋ᠢᠬᠠᠨ ᠬᠠᠷᠠᠭ᠎ᠠ ᠰᠣᠨᠣᠷ᠎ᠤᠨ ᠦᠪᠡᠳᠡᠭᠰᠢ ᠳᠠᠶ᠋ᠢᠯᠠᠯᠭ᠎ᠠ᠎ᠶᠢᠨ ᠬᠥᠰᠢᠭᠡ ᠰᠡᠬᠦᠭᠳᠡᠪᠡ᠃ ᠳᠠᠭᠤᠤ 《ᠢᠲᠡᠭᠡᠯ ᠪᠢᠰᠢᠷᠡᠯ》᠂ 《ᠠᠯᠳᠠᠨ ᠥᠯᠥᠭᠡᠢ》᠂ ᠪᠥᠵᠢᠭ 《ᠰᠡᠷᠢᠬᠦᠢ》᠂ 《ᠤᠳᠠᠨ᠎ᠤ ᠰᠡᠭᠦᠳᠡᠷ᠎ᠤᠳ》 ᠁ ᠵᠡᠷᠭᠡ ᠲᠣᠭᠯᠠᠯᠲᠠ᠎ᠨᠢ ᠪᠦᠬᠦ ᠣᠷᠣᠨ᠎ᠤ ᠤᠯᠠᠭ᠋ᠠᠨᠮᠥ᠋ᠴᠢᠷ᠎ᠤᠨ ᠣᠶ᠋ᠢᠷ᠎ᠠ᠎ᠶᠢᠨ ᠵᠢᠯ᠎ᠳᠦ ᠵᠣᠬᠢᠶᠠᠨ ᠪᠦᠲᠦᠭᠡᠭᠰᠡᠨ ᠰᠣᠳᠣᠨ ᠪᠦᠲᠦᠭᠡᠯ᠎ᠦᠳ᠎ᠲᠦ — ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠢᠷᠠᠭᠤ ᠠᠯᠳᠠᠷ᠎ᠤᠨ ᠤᠯᠠᠮᠵᠢᠯᠠᠯᠲᠤ ᠳᠠᠭᠤᠤ ᠪᠥᠵᠢᠭ ᠪᠠᠢᠬᠤ ᠮᠥᠷᠲᠡᠭᠡᠨ ᠣᠲᠣ ᠦᠶ᠎ᠡ᠎ᠶᠢᠨ ᠭᠤᠸ᠎ᠠ ᠵᠦᠢ᠎ᠳᠦ ᠠᠭᠤᠰᠤᠯᠴᠠᠭᠰᠠᠨ᠂ ᠰᠢᠨ᠎ᠡ ᠴᠠᠭ᠎ᠤᠨ ᠳᠦᠷᠰᠦ ᠪᠠᠶ᠋ᠢᠳᠠᠯ᠎ᠢ ᠲᠤᠰᠬᠠᠭᠰᠠᠨ ᠰᠢᠨ᠎ᠡ ᠡᠭᠦᠳᠦᠯᠲᠡ ᠲᠡᠢ ᠫᠷᠤᠭ᠌ᠷᠠᠮ ᠴᠤ᠌ ᠪᠠᠰᠠ ᠪᠣᠶ; ᠤᠯᠠᠭ᠋ᠠᠨᠮᠥ᠋ᠴᠢᠷ᠎ᠤᠨ 《ᠠᠪᠰᠠᠷᠬᠠᠨ ᠪᠥᠭᠡᠳ ᠨᠠᠷᠢᠯᠢᠭ᠂ ᠣᠬᠣᠷᠬᠠᠨ ᠪᠥᠭᠡᠳ ᠣᠯᠠᠨ ᠶᠠᠩᠵᠤ᠎ᠶᠢᠨ᠂ ᠨᠢᠭᠡ᠎ᠳᠤ ᠮᠡᠷᠭᠡᠰᠢᠵᠦ ᠣᠯᠠᠨ᠎ᠳᠤ ᠴᠠᠭᠠᠷᠠᠭᠰᠠᠨ᠂ ᠬᠥᠩᠭᠡᠨ ᠪᠥᠭᠡᠳ ᠠᠮᠢᠳᠤᠯᠢᠭ》 ᠤᠯᠠᠮᠵᠢᠯᠠᠯᠲᠤ ᠣᠨᠴᠠ ᠴᠢᠨᠠᠷ᠎ᠢ ᠪᠠᠭᠲᠠᠭᠠᠭᠰᠠᠨ ᠮᠥᠷᠲᠡᠭᠡᠨ ᠪᠠᠰᠠ ᠳᠠᠭᠤ ᠬᠡᠷᠡᠯ ᠴᠠᠬᠢᠯᠭ᠋ᠠᠨ ᠵᠡᠷᠭᠡ ᠣᠲᠣ ᠦᠶ᠎ᠡ᠎ᠶᠢᠨ ᠲᠠᠢᠰᠠᠨ᠎ᠤ ᠮᠡᠷᠭᠡᠵᠢᠯ᠎ᠢᠶᠡᠷ ᠥᠪᠥᠷ ᠮᠣᠩᠭᠤᠯ᠎ᠤᠨ ᠰᠣᠶᠣᠯ᠎ᠤᠨ ᠷᠢᠳᠢ ᠰᠢᠳᠢ᠎ᠶᠢ ᠠᠮᠢᠳᠤᠯᠢᠭ᠎ᠢᠶᠠᠷ ᠢᠯᠡᠷᠡᠭᠦᠯᠵᠡᠶ᠃

ᠡᠨᠡ ᠵᠢᠯ ᠪᠣᠯ ᠤᠯᠠᠭ᠋ᠠᠨᠮᠦ᠋ᠴᠢᠷ᠎ᠤᠨ ᠠᠩᠬᠠᠳᠠᠭᠴᠢ ᠲᠤᠭᠤᠷᠢᠨ ᠲᠣᠭᠯᠠᠭᠰᠠᠨ 60 ᠵᠢᠯ᠎ᠤᠨ ᠤᠢ ᠪᠣᠯᠣᠨ᠎ᠠ᠂ ᠤᠯᠠᠭ᠋ᠠᠨᠮᠦ᠋ᠴᠢᠷ᠎ᠤᠨ ᠰᠢᠯᠢᠳᠡᠭ ᠤᠯᠠᠮᠵᠢᠯᠠᠯ᠎ᠢ ᠤᠯᠠᠮᠵᠢᠯᠠᠨ ᠪᠠᠳᠠᠷᠠᠭᠤᠯᠵᠤ᠂ ᠤᠯᠠᠨ ᠲᠦᠮᠡᠨ᠎ᠳᠦ ᠨᠢᠭᠤᠷᠳᠠᠨ ᠦᠢᠯᠡᠴᠢᠯᠡᠬᠦ ᠠᠷᠭ᠎ᠠ ᠬᠡᠯᠪᠡᠷᠢ᠎ᠶᠢ ᠢᠯᠡᠷᠡᠬᠦᠯᠬᠦ᠎ᠶᠢᠨ ᠲᠦᠯᠦᠭᠡ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ ᠪᠦᠬᠦ ᠤᠷᠤᠨ᠎ᠤ ᠤᠯᠠᠭ᠋ᠠᠨᠮᠦ᠋ᠴᠢᠷ᠎ᠤᠨ ᠰᠢᠯᠢᠳᠡᠭ ᠡᠬᠢ ᠪᠠᠶᠠᠯᠢᠭ᠎ᠢ ᠨᠡᠶ᠋ᠢᠳᠭᠡᠵᠤ᠂ ᠤᠯᠠᠭ᠋ᠠᠨᠮᠦ᠋ᠴᠢᠷ᠎ᠤᠨ ᠲᠤᠭᠤᠷᠢᠨ ᠲᠣᠭᠯᠠᠭᠰᠠᠨ 60 ᠵᠢᠯ᠎ᠤᠨ ᠤᠢ᠎ᠶᠢ ᠲᠤᠷᠠᠰᠬᠠᠬᠤ ᠲᠤᠬᠯᠠᠯᠳᠠ᠎ᠶᠢ ᠦᠷᠨᠢᠭᠦᠯᠪᠡ᠃ ᠪᠦᠬᠦ ᠣᠷᠣᠨ᠎ᠤ ᠲᠣᠭᠤᠷᠢᠨ ᠲᠣᠭᠯᠠᠭᠰᠠᠨ 12 ᠤᠯᠠᠭ᠋ᠠᠨᠮᠥ᠋ᠴᠢᠷ᠎ᠤᠨ᠎ᠬᠢᠨ 26 ᠮᠤᠵᠢ ᠣᠷᠣᠨ ᠬᠤᠳᠠ᠎ᠳᠤ 150 ᠭᠠᠷᠤᠢ ᠲᠣᠭᠯᠠᠯᠲᠠ ᠭᠠᠷᠭ᠋ᠠᠵᠤ᠂ ᠬᠦᠷᠦᠭᠰᠡᠨ ᠭᠠᠵᠠᠷ ᠪᠣᠯᠭ᠋ᠠᠨ᠎ᠳᠤ ᠮᠠᠭᠲᠠᠭᠳᠠᠨ ᠰᠠᠢᠰᠢᠶᠠᠭᠳᠠᠭᠰᠠᠨ ᠪᠠᠶ᠋ᠢᠯ᠎ᠠ᠃ ᠡᠨᠡ ᠬᠦ᠌ ᠦᠵᠡᠭᠦᠯᠭᠡ᠎ᠶᠢᠨ ᠲᠣᠭᠯᠠᠯᠲᠠ ᠪᠣᠯ ᠲᠣᠭᠤᠷᠢᠨ ᠲᠣᠭᠯᠠᠭᠰᠠᠨ ᠠᠵᠢᠯᠯᠠᠭ᠎ᠠ᠎ᠶᠢᠨ ᠪᠥᠬᠦ ᠠᠬᠤᠢ᠎ᠶᠢᠨ ᠬᠡᠯᠪᠡᠷᠢ ᠪᠦᠬᠦᠢ ᠦᠵᠡᠭᠦᠯᠭᠡ ᠪᠠ ᠬᠠᠷᠢᠭᠤ ᠮᠡᠳᠡᠭᠦᠯᠦᠯᠲᠡ ᠪᠠᠢᠵᠤ᠂ 2025 ᠣᠨ᠎ᠤ ᠤᠯᠠᠭ᠋ᠠᠨᠮᠥ᠋ᠴᠢᠷ᠎ᠤᠨ ᠪᠥᠬᠦ ᠤᠯᠤᠰ᠎ᠤᠨ ᠲᠣᠭᠤᠷᠢᠨ ᠲᠣᠭᠯᠠᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠪᠡ᠃

ᠢᠷᠡᠯᠲᠡ᠄    