11 ᠳ᠋ᠦ᠍ᠭᠡᠷ ᠰᠠᠷ᠎ᠠ᠎ᠶᠢᠨ 11 ᠤ ᠡᠳᠦᠷ᠂ ᠪᠥᠬᠦ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠨᠠᠮᠤᠷ ᠡᠪᠦᠯ᠎ᠤᠨ ᠤᠯᠠᠷᠢᠯ᠎ᠤᠨ ᠶᠡᠭᠡ ᠳᠠᠢᠯᠠᠯᠳᠤᠭᠠᠨ ᠪᠠᠶᠠᠨᠨᠠᠭᠤᠷ ᠬᠤᠲᠠ᠎ᠶᠢᠨ ᠬᠠᠩᠭᠢᠨ ᠬᠤᠶ᠋ᠢᠲᠤ ᠬᠤᠰᠢᠭᠤᠨ᠎ᠳᠤ ᠡᠬᠢᠯᠡᠪᠡ᠃ ᠶᠡᠭᠡ ᠳᠠᠶ᠋ᠢᠯᠠᠯᠳᠤᠭ᠋ᠠᠨ᠎ᠨᠢ ᠲᠦᠷᠪᠡᠨ ᠶᠡᠭᠡ ᠭᠤᠣᠯ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠢᠨᠵᠧᠨᠧᠷᠢᠩ᠎ᠤᠨ ᠠᠬᠢᠴᠠ᠂ ᠪᠡᠯᠡ ᠮᠥᠩᠭᠦ ᠥᠭᠬᠦ᠂ ᠬᠥᠳᠡᠯᠮᠦᠷᠢᠯᠡᠬᠦ᠎ᠪᠡᠷ ᠲᠡᠳᠬᠦᠮᠵᠢ᠎ᠶᠢ ᠣᠷᠣᠯᠠᠭᠤᠯᠬᠤ ᠪᠠ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠬᠦᠴᠢᠷ ᠪᠣᠭᠤᠮᠲᠠ᠎ᠶᠢ ᠪᠦᠬᠦ ᠬᠦᠴᠦᠨ᠎ᠢᠶᠡᠷ ᠰᠢᠪᠲᠤᠯᠬᠤ ᠵᠡᠷᠭᠡ᠎ᠶᠢ ᠪᠠᠭᠲᠠᠭᠠᠭᠰᠠᠨ ᠮᠥᠷᠲᠡᠭᠡᠨ ᠲᠤᠰᠬᠠᠢ ᠴᠡᠭᠴᠡᠯᠡᠨ ᠵᠠᠰᠠᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠢᠷᠡᠬᠦ ᠵᠢᠯ᠎ᠤᠨ ᠲᠦᠷᠦᠯ ᠵᠦᠢ᠍ᠯ᠎ᠢ ᠲᠥᠯᠥᠪᠯᠡᠬᠦ ᠪᠠ ᠭᠤᠤ ᠰᠤᠪᠠᠭ᠎ᠢ ᠴᠡᠭᠴᠡᠯᠡᠨ ᠵᠠᠰᠠᠬᠤ᠎ᠪᠠᠨ ᠴᠢᠩᠭ᠋ᠠᠳᠬᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ᠎ᠶᠢ ᠪᠦᠬᠦ ᠲᠠᠯ᠎ᠠ᠎ᠪᠠᠷ ᠪᠡᠬᠢᠵᠢᠭᠦᠯᠵᠦ ᠪᠣᠢ᠃
ᠣᠶ᠋ᠢᠯᠠᠭ᠋ᠠᠭᠰᠠᠨ᠎ᠢᠶᠠᠷ᠂ ᠨᠢᠳᠤᠨᠤᠨ᠎ᠤ ᠵᠢᠯ᠎ᠤᠨ ᠡᠴᠦᠰ ᠪᠣᠯᠲᠠᠯ᠎ᠠ᠂ ᠪᠥᠬᠦ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 6000 ᠲᠦᠮᠡ ᠭᠠᠷᠤᠢ ᠮᠥ᠍ᠶᠢ ᠪᠠᠢᠭᠤᠯᠵᠤ᠂ ᠡᠨᠡ ᠵᠢᠯ 818 ᠲᠦᠮᠡᠨ ᠮᠥ᠍ ᠪᠠᠢᠭᠤᠯᠬᠤ ᠭᠦᠢᠴᠡᠳᠬᠡᠯ ᠲᠤᠭ᠎ᠠ᠎ᠶᠢ ᠢᠳᠡᠪᠬᠢᠲᠡᠶ ᠲᠡᠮᠡᠴᠡᠨ ᠣᠯᠵᠤ᠂ ᠡᠭᠦᠷᠭᠡ᠎ᠶᠢᠨ ᠬᠡᠮᠵᠢᠶ᠎ᠡ ᠪᠥᠬᠦ ᠤᠯᠤᠰ᠎ᠤᠨ ᠲᠡᠷᠢᠭᠦᠨ᠎ᠳᠤ ᠣᠷᠣᠪᠠ᠃ ᠣᠳᠣᠬᠠᠨ᠎ᠳᠤ ᠶᠠᠭ ᠰᠠᠶ᠋ᠢᠬᠠᠨ ᠨᠠᠮᠤᠷ ᠡᠪᠦᠯ᠎ᠤᠨ ᠤᠯᠠᠷᠢᠯ᠎ᠤᠨ ᠪᠠᠷᠢᠯᠭ᠎ᠠ᠎ᠶᠢᠨ ᠬᠠᠮᠤᠭ᠎ᠤᠨ ᠰᠠᠢᠨ ᠴᠠᠭ ᠪᠠᠶ᠋ᠢᠵᠤ᠂ ᠡᠯ᠎ᠡ ᠭᠠᠵᠠᠷ᠎ᠤᠨ ᠬᠢᠨ ᠶᠠᠭ 《60 ᠡᠳᠦᠷ᠎ᠤᠨ ᠰᠢᠢ᠍ᠳᠪᠦᠷᠢᠲᠦ ᠳᠠᠶ᠋ᠢᠯᠠᠯᠳᠤᠭ᠋ᠠᠨ》᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠠᠵᠢᠯᠲᠠᠨ ᠪᠠ ᠲᠥᠬᠦᠭᠡᠷᠦᠮᠵᠢ᠎ᠶᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ᠎ᠶᠢ ᠲᠦᠷᠭᠡᠳᠬᠡᠨ ᠠᠬᠢᠭᠤᠯᠵᠤ᠂ ᠵᠢᠯ᠎ᠤᠨ ᠰᠡᠭᠦᠯᠴᠢ᠎ᠡᠴᠡ ᠡᠮᠦᠨ᠎ᠡ ᠳ᠋ᠦᠩᠨᠡᠨ ᠰᠢᠯᠵᠢᠭᠦᠯᠬᠦ ᠲᠥᠷᠥᠯ ᠵᠦᠢ᠍ᠯ᠎ᠢᠶᠡᠨ ᠪᠦᠬᠦᠨ᠎ᠢ ᠳᠠᠭᠤᠰᠬᠠᠬᠤ᠎ᠶᠢ ᠦᠨᠡᠨ ᠬᠦ᠌ ᠪᠠᠲᠤᠯᠠᠵᠤ᠂ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠬᠠᠭ᠋ᠠᠰ᠎ᠢ ᠭᠦᠢᠴᠡᠳᠬᠡᠪᠡ᠃ 《ᠵᠢᠱ᠌ᠢᠯᠲᠡ᠎ᠪᠠᠷ ᠡᠨᠡ ᠵᠢᠯ᠎ᠤᠨ ᠰᠡᠭᠦᠯᠴᠢ ᠪᠣᠯᠬᠤ᠎ᠳᠤ᠂ ᠪᠥᠬᠦ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠶ᠋ᠢᠲᠡ 6300 ᠲᠦᠮᠡ ᠢᠯᠡᠭᠦᠦ ᠮᠦ᠍ ᠪᠠᠶ᠋ᠢᠭᠤᠯᠵᠤ᠂ ᠢᠷᠡᠬᠦ ᠵᠢᠯ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠤᠨ ᠪᠠᠶ᠋ᠢᠭᠤᠯᠤᠯᠲᠠ᠎ᠶᠢᠨ ᠦᠢ᠍ᠯᠡᠴᠢᠯᠡᠭᠡᠨ᠎ᠤ ᠲᠥᠪ᠎ᠦᠨ ᠳᠡᠳ᠋ ᠡᠷᠬᠢᠯᠡᠭᠴᠢ ᠫᠠᠨ ᠯᠤᠩ ᠲᠠᠨᠢᠯᠴᠠᠭᠤᠯᠵᠠᠢ᠃