ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠮᠠᠨ᠎ᠤ ᠣᠷᠣᠨ᠎ᠳᠤ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠷᠠᠨ ᠳᠠᠷᠬᠠᠨ᠎ᠤ ᠳᠡᠭᠡᠳᠦ ᠰᠤᠷᠭᠠᠭᠤᠯᠢ ᠬᠣᠶᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-11-12

ᠣᠢᠷ᠎ᠠ᠎ᠶᠢᠨ ᠡᠳᠦᠷ ᠮᠠᠨ᠎ᠤ ᠣᠷᠣᠨ᠎ᠳᠦ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠷᠠᠨ ᠳᠠᠷᠬᠠᠨ᠎ᠤ ᠳᠡᠭᠡᠳᠦ ᠰᠤᠷᠭᠠᠭᠤᠯᠢ ᠬᠣᠶᠠᠷ ᠨᠡᠮᠡᠭᠳᠡᠪᠡ᠂ ᠡᠨᠡ ᠨᠢ ᠲᠤᠰ ᠲᠤᠰ ᠥᠪᠥᠷ ᠮᠣᠩᠭᠣᠯ᠎ᠤᠨ AI+ ᠣᠶᠤᠨᠴᠢ ᠦᠢᠯᠡᠳᠬᠡᠯ ᠣᠶᠤᠨᠴᠢ ᠬᠡᠷᠡᠭᠯᠡᠭᠡᠨ᠎ᠦ ᠤᠷᠠᠨ ᠳᠠᠷᠬᠠᠨ᠎ᠤ ᠳᠡᠭᠡᠳᠦ ᠰᠤᠷᠭᠠᠭᠤᠯᠢ᠂ ᠥᠪᠥᠷ ᠮᠣᠩᠭᠣᠯ᠎ᠤᠨ ᠴᠠᠬᠢᠯᠭᠠᠨ ᠵᠠᠳᠠᠯᠤᠯᠲᠤ ᠨᠣᠭᠣᠭᠠᠨ ᠬᠥᠩᠭᠡᠨᠴᠠᠭᠠᠨ᠎ᠤ ᠤᠷᠠᠨ ᠳᠠᠷᠬᠠᠨ᠎ᠤ ᠳᠡᠭᠡᠳᠦ ᠰᠤᠷᠭᠠᠭᠤᠯᠢ ᠪᠣᠯᠣᠨ᠎ᠠ᠂ ᠵᠣᠷᠢᠯᠭ᠎ᠠ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠪᠠᠴᠢᠮ ᠱᠠᠭᠠᠷᠳᠠᠭᠳᠠᠬᠤ ᠴᠢᠳᠠᠪᠤᠷᠢᠲᠠᠨ᠎ᠢ ᠬᠥᠮᠥᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ ᠶᠤᠮ᠃ 

ᠣᠢᠯᠠᠭᠠᠭᠰᠠᠨ᠎ᠢᠶᠠᠷ᠂ ᠡᠨᠡ ᠤᠳᠠᠭᠠᠨ᠎ᠤ ᠪᠦᠲᠦᠭᠡᠨ ᠪᠠᠢᠭᠤᠯᠤᠭᠰᠠᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠷᠠᠨ ᠳᠠᠷᠬᠠᠨ᠎ᠤ ᠬᠣᠶᠠᠷ ᠳᠡᠭᠡᠳᠦ ᠰᠤᠷᠭᠠᠭᠤᠯᠢ ᠪᠦᠷᠢ᠎ᠳᠦ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ 50 ᠲᠦᠮᠡᠨ ᠲᠥᠭᠥᠷᠢᠭ᠎ᠦᠨ ᠲᠤᠰᠬᠠᠢ ᠵᠦᠢᠯ᠎ᠦᠨ ᠨᠥᠬᠥᠪᠦᠷᠢ ᠮᠥᠩᠭᠥ ᠥᠭᠴᠦ ᠪᠦᠲᠦᠭᠡᠨ ᠪᠠᠢᠭᠤᠯᠤᠯᠲᠠ᠎ᠳᠤ ᠬᠡᠷᠡᠭᠯᠡᠭᠦᠯᠵᠡᠢ᠃ ᠥᠪᠥᠷ ᠮᠣᠩᠭᠣᠯ᠎ᠤᠨ AI+ ᠣᠶᠤᠨᠴᠢ ᠦᠢᠯᠡᠳᠬᠡᠯ ᠣᠶᠤᠨᠴᠢ ᠬᠡᠷᠡᠭᠯᠡᠭᠡᠨ᠎ᠦ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢ ᠪᠤᠭᠤᠲᠤ ᠬᠣᠲᠠ᠎ᠶᠢᠨ ᠠᠵᠢᠯᠴᠢᠨ᠎ᠤ ᠰᠣᠶᠣᠯ᠎ᠤᠨ ᠨᠢᠭᠡᠳᠦᠭᠡᠷ ᠣᠷᠳᠣᠨ᠎ᠳᠦ ᠪᠠᠢᠭᠤᠯᠵᠤ᠂ ᠪᠤᠭᠤᠲᠤ ᠬᠣᠲᠠ᠎ᠶᠢᠨ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠳᠤ ᠬᠥᠲᠥᠯᠥᠨ ᠳᠠᠭᠠᠭᠤᠯᠬᠤ ᠴᠢᠨᠠᠷᠲᠠᠢ ᠦᠢᠯᠡᠳᠦᠯ ᠪᠠᠳᠠᠷᠠᠭᠤᠯᠬᠤ᠎ᠪᠠᠷ ᠵᠣᠷᠢᠯᠭ᠎ᠠ᠎ᠪᠠᠨ ᠪᠣᠯᠭᠠᠵᠤ᠂ ᠳᠣᠣᠷ᠎ᠠ ᠠᠭᠠᠷ᠎ᠤᠨ ᠠᠵᠤ ᠠᠬᠤᠢ᠂ ᠵᠢᠯᠣᠭᠣᠴᠢ ᠦᠭᠡᠢ ᠨᠢᠰᠬᠡᠯ᠎ᠦᠨ ᠬᠡᠷᠡᠭᠯᠡᠯᠲᠡ᠂ AI ᠮᠡᠷᠭᠡᠵᠢᠯ᠂ ᠣᠶᠤᠨᠴᠢ ᠦᠢᠯᠡᠳᠬᠡᠯ ᠵᠡᠷᠭᠡ ᠭᠣᠣᠯᠯᠠᠬᠤ ᠬᠦᠷᠢᠶ᠎ᠡ ᠵᠢᠴᠢ ᠰᠢᠨ᠎ᠡ᠎ᠪᠡᠷ ᠮᠠᠨᠳᠤᠵᠤ ᠪᠠᠢᠭ᠎ᠠ ᠭᠡᠷ ᠠᠬᠤᠢ᠎ᠶᠢᠨ ᠦᠢᠯᠡᠴᠢᠯᠡᠭᠡᠨ᠎ᠦ ᠦᠢᠯᠡᠰ ᠵᠡᠷᠭᠡ ᠤᠷ᠎ᠠ ᠮᠡᠷᠭᠡᠰᠢᠯ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ᠂ 《ᠮᠡᠷᠭᠡᠵᠢᠯ᠎ᠦᠨ ᠲᠤᠰᠬᠠᠢ ᠮᠡᠷᠭᠡᠵᠢᠯᠲᠡᠨ + ᠠᠵᠤ ᠠᠬᠤᠢᠯᠠᠯ᠎ᠤᠨ ᠵᠢᠯᠣᠭᠣᠳᠤᠭ᠍ᠴᠢ ᠪᠠᠭ᠍ᠰᠢ + ᠶᠡᠬᠡ ᠳᠡᠭᠡᠳᠦ ᠰᠤᠷᠭᠠᠭᠤᠯᠢ᠎ᠶᠢᠨ ᠫᠷᠤᠹᠸᠰᠰᠤᠷ》 ᠵᠢᠴᠢ ᠬᠥᠳᠡᠯᠮᠦᠷᠢ᠎ᠶᠢᠨ ᠵᠢᠱ᠌ᠢᠶᠡᠴᠢ ᠤᠷᠠᠨ ᠳᠠᠷᠬᠠᠳ ᠵᠡᠷᠭᠡ ᠣᠯᠠᠨ ᠡᠰᠢᠴᠢᠯᠡᠭᠰᠡᠨ ᠪᠠᠭ᠍ᠰᠢ ᠨᠠᠷ᠎ᠢ ᠴᠤᠭᠯᠠᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠰᠢᠷᠢᠰ ᠪᠣᠯᠪᠠᠰᠤᠷᠠᠯ᠎ᠢ ᠭᠦᠨᠵᠡᠭᠡᠢ ᠥᠷᠨᠢᠭᠦᠯᠬᠦ ᠪᠣᠯᠣᠨ᠎ᠠ᠃ ᠥᠪᠥᠷ ᠮᠣᠩᠭᠣᠯ᠎ᠤᠨ ᠴᠠᠬᠢᠯᠭᠠᠨ ᠵᠠᠳᠠᠯᠤᠯᠲᠤ ᠨᠣᠭᠣᠭᠠᠨ ᠬᠥᠩᠭᠡᠨᠴᠠᠭᠠᠨ᠎ᠤ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶᠢ ᠬᠤᠤᠯᠢᠩᠭᠣᠣᠯ ᠬᠣᠲᠠ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠪᠠᠢᠭᠤᠯᠵᠤ᠂ ᠴᠠᠬᠢᠯᠭᠠᠨ ᠵᠠᠳᠠᠯᠤᠯᠲᠤ ᠨᠣᠭᠣᠭᠠᠨ ᠬᠥᠩᠭᠡᠨᠴᠠᠭᠠᠨ᠎ᠤ ᠠᠵᠤ ᠦᠢᠯᠡᠰ᠎ᠦᠨ ᠠᠵᠢᠯᠴᠢᠨ᠎ᠤ ᠤᠷ᠎ᠠ ᠮᠡᠷᠭᠡᠰᠢᠯ᠎ᠦᠨ ᠪᠣᠯᠪᠠᠰᠤᠷᠠᠯ᠂ ᠰᠤᠷᠤᠯᠭ᠎ᠠ᠎ᠶᠢᠨ ᠨᠠᠮᠲᠠᠷ᠎ᠤᠨ ᠳᠡᠭᠡᠭᠰᠢᠯᠡᠯᠲᠡ ᠵᠢᠴᠢ ᠮᠡᠷᠭᠡᠵᠢᠯ᠎ᠦᠨ ᠰᠢᠨ᠎ᠡ ᠡᠭᠦᠳᠦᠯᠲᠡ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠦ᠋ᠲ᠋ᠣᠴᠢᠯᠠᠭᠰᠠᠨ ᠦᠢᠯᠡᠳᠪᠦᠷᠢᠯᠡᠯ᠎ᠦᠨ ᠱᠤᠭᠤᠮ᠂ ᠬᠢᠮᠢ᠎ᠶᠢᠨ ᠠᠵᠤ ᠦᠢᠯᠡᠳᠪᠦᠷᠢ᠎ᠶᠢᠨ ᠳᠠᠲᠤᠯᠭ᠎ᠠ ᠪᠣᠯᠪᠠᠰᠤᠷᠠᠯ᠂ ᠺᠣᠮᠫᠢᠦ᠋ᠲᠧᠷ᠎ᠦᠨ ᠲᠣᠣᠷ ᠰᠦᠯᠵᠢᠶ᠎ᠡ  ᠵᠡᠷᠭᠡ ᠳᠠᠳᠤᠯᠭ᠎ᠠ ᠪᠣᠯᠪᠠᠰᠤᠷᠠᠯ᠎ᠤᠨ ᠲᠠᠰᠤᠭ᠎ᠢ ᠲᠥᠯᠥᠪᠵᠢᠭᠦᠯᠦᠨ ᠪᠠᠢᠭᠤᠯᠵᠤ᠂ ᠴᠡᠪᠡᠷ ᠡᠨᠧᠷᠭᠢ᠂ ᠬᠥᠩᠭᠡᠨᠴᠠᠭᠠᠨ᠎ᠤ ᠴᠠᠬᠢᠯᠭᠠᠨ ᠵᠠᠳᠠᠯᠤᠯᠲᠠ᠎ᠶᠢᠨ ᠮᠡᠷᠭᠡᠵᠢᠯ ᠵᠢᠴᠢ ᠬᠠᠮᠢᠶ᠎ᠠ ᠪᠦᠬᠦᠢ ᠤᠷᠠᠯᠠᠯ᠂ ᠬᠥᠩᠭᠡᠨᠴᠠᠭᠠᠨ᠎ᠤ ᠰᠡᠭᠦᠯᠴᠢ ᠡᠳ᠋ᠰᠢᠭᠦᠯᠦᠨ ᠪᠣᠯᠪᠠᠰᠤᠷᠠᠭᠤᠯᠬᠤ ᠮᠡᠷᠭᠡᠵᠢᠯ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠦᠨ ᠪᠣᠯᠪᠠᠰᠤᠷᠠᠯ᠎ᠢ ᠭᠣᠣᠯᠳᠠᠯᠭ᠎ᠠ᠎ᠲᠠᠢ ᠥᠷᠨᠢᠭᠦᠯᠵᠦ᠂ 《ᠰᠤᠷᠭᠠᠭᠤᠯᠢ᠎ᠶᠢᠨ ᠪᠠᠭ᠍ᠰᠢ + ᠬᠥᠳᠡᠯᠮᠦᠷᠢ᠎ᠶᠢᠨ ᠵᠢᠱ᠌ᠢᠶᠡᠴᠢ ᠳᠠᠷᠬᠠᠨ》 ᠬᠣᠣᠰ ᠬᠢᠷᠢ ᠭᠡᠮ ᠲᠡᠢ ᠪᠠᠭ᠍ᠰᠢ᠎ᠶᠢᠨ ᠬᠡᠯᠪᠡᠷᠢ ᠪᠦᠬᠦᠢ ᠪᠠᠭ᠍ᠰᠢ᠎ᠶᠢᠨ ᠡᠩᠨᠡᠭᠡ᠎ᠶᠢ ᠵᠣᠬᠢᠶᠠᠨ ᠪᠠᠢᠭᠤᠯᠵᠤ᠂ ᠦᠢᠯᠡᠳᠦᠯᠭᠡ᠎ᠶᠢᠨ ᠴᠢᠳᠠᠪᠤᠷᠢ ᠪᠠ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠲᠠᠢ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠮᠡᠷᠭᠡᠰᠢᠯ᠎ᠦᠨ ᠴᠢᠳᠠᠪᠤᠷᠢᠲᠠᠨ᠎ᠤ ᠡᠩᠨᠡᠭᠡ᠎ᠶᠢ ᠬᠥᠮᠥᠵᠢᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ