ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 1.5 ᠳ᠋ᠦᠩᠰᠢᠭᠤᠷ ᠺᠢᠯᠣᠸᠠᠲ᠎ᠢ ᠳᠠᠪᠠᠪᠠ
ᠨᠡᠶ᠋ᠢᠲᠡᠯᠡᠭᠰᠡᠨ ᠴᠠᠭ᠄ 2025-11-13

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠡᠨᠡ ᠵᠢᠯ᠎ᠦᠨ 10 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 1.5 ᠳ᠋ᠦᠩᠰᠢᠭᠤᠷ ᠺᠢᠯᠣᠸᠠᠲ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 35%᠎ᠪᠠᠷ ᠨᠡᠮᠡᠭᠳᠡᠨ᠂ ᠪᠥᠬᠥ ᠤᠯᠤᠰ᠎ᠲᠤ ᠲᠡᠷᠢᠭᠦᠯᠡᠪᠡ᠃ ᠡᠭᠦᠨ᠎ᠳᠦ᠂ ᠰᠠᠯᠬᠢᠨ ᠬᠦᠴᠦᠨ᠎ᠦ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 9741 ᠲᠦᠮᠡᠨ ᠺᠢᠯᠣᠸᠠᠲ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 23%᠎ᠪᠠᠷ ᠨᠡᠮᠡᠭᠳᠡᠪᠡ; ᠭᠡᠷᠡᠯᠴᠢ ᠴᠡᠨᠡᠭ᠎ᠦᠨ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 5212 ᠲᠦᠮᠡᠨ ᠺᠢᠯᠣᠸᠠᠲ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 66%᠎ᠪᠡᠷ ᠨᠡᠮᠡᠭᠳᠡᠪᠡ; ᠠᠮᠢᠳᠤ ᠪᠣᠳᠠᠰ᠎ᠤᠨ ᠮᠠᠰ ᠵᠢᠴᠢ ᠰᠢᠲᠠᠭᠠᠯᠭ᠎ᠠ᠎ᠶᠢᠨ ᠴᠠᠬᠢᠯᠭᠠᠨ ᠥᠷᠲᠡᠭᠡᠨ᠎ᠦ ᠮᠠᠰᠢᠨ ᠴᠣᠭᠴᠠᠯᠠᠪᠤᠷᠢ᠎ᠶᠢᠨ ᠬᠡᠪᠴᠢᠶᠡᠵᠢᠯ 57 ᠲᠦᠮᠡᠨ ᠺᠢᠯᠣᠸᠠᠲ᠎ᠲᠤ ᠬᠦᠷᠴᠡᠢ᠃ 

ᠣᠢᠷ᠎ᠠ᠎ᠶᠢᠨ ᠵᠢᠯ᠎ᠦᠳ᠎ᠲᠦ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ᠎ᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠯᠤᠭ᠎ᠠ ᠨᠢᠭ᠍ᠲᠠ ᠤᠶᠠᠯᠳᠤᠭᠤᠯᠤᠨ᠂ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ ᠪᠦᠲᠦᠭᠡᠨ ᠪᠠᠢᠭᠤᠯᠤᠯᠲᠠ᠎ᠳᠦ ᠴᠢᠩᠭ᠎ᠠ ᠠᠳᠬᠤᠨ ᠲᠦᠷᠭᠡᠨ ᠠᠵᠢᠯᠯᠠᠬᠤ᠎ᠶᠢ ᠪᠠᠷᠢᠮᠲᠠᠯᠠᠵᠤ᠂ ᠴᠠᠬᠢᠯᠭᠠᠨ ᠬᠦᠴᠦᠨ᠎ᠦ ᠲᠣᠣᠷ᠎ᠤᠨ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢ ᠬᠦᠴᠦᠯᠡᠨ ᠴᠢᠩᠭᠠᠳᠬᠠᠵᠤ᠂ ᠬᠢᠨᠠᠨ ᠵᠥᠪᠰᠢᠶᠡᠷᠡᠬᠦ ᠭᠠᠷᠳᠠᠮ᠎ᠢ ᠳᠥᠭᠥᠮᠴᠢᠯᠡᠨ᠂ ᠴᠠᠬᠢᠯᠭᠠᠨ ᠬᠦᠴᠦᠨ᠎ᠦ ᠲᠣᠣᠷ ᠪᠠ ᠴᠠᠬᠢᠯᠭᠠᠨ ᠡᠭᠦᠰᠬᠡᠭᠴᠢ᠎ᠶᠢᠨ ᠳᠦᠷᠦᠯ ᠵᠦᠢᠯ᠎ᠢ ᠵᠡᠷᠭᠡ᠎ᠪᠡᠷ ᠲᠥᠯᠥᠪᠵᠢᠭᠦᠯᠬᠦ᠂ ᠵᠡᠷᠭᠡ᠎ᠪᠡᠷ ᠪᠦᠲᠦᠭᠡᠨ ᠪᠠᠶ᠋ᠢᠭᠤᠯᠬᠤ᠂ ᠵᠡᠷᠭᠡ᠎ᠪᠡᠷ ᠠᠰᠢᠭ᠍ᠯᠠᠯᠲᠠ᠎ᠳᠤ ᠣᠷᠣᠭᠤᠯᠬᠤ᠎ᠶᠢ ᠠᠬᠢᠭᠤᠯᠵᠤ᠂ ᠰᠢᠨ᠎ᠡ ᠡᠨᠧᠷᠭᠢ᠎ᠶᠢᠨ ᠬᠥᠭᠵᠢᠯᠲᠡ᠎ᠶᠢ ᠪᠦᠬᠦ ᠤᠯᠤᠰ᠎ᠲᠤ ᠲᠦᠷᠦᠭᠦᠯᠡᠬᠦ᠎ᠶᠢ ᠪᠡᠶᠡᠯᠡᠭᠦᠯᠪᠡ᠃ ᠥᠪᠥᠷ ᠮᠣᠩᠭᠣᠯ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠤ᠂ 《ᠡᠯᠡᠰᠦ ᠭᠣᠪᠢ ᠴᠥᠯ》᠎ᠤᠨ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠦᠨ ᠰᠠᠭᠤᠷᠢᠨ ᠭᠠᠵᠠᠷ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ᠂ ᠭᠡᠷᠡᠯᠴᠢ ᠴᠡᠨᠡᠭ᠎ᠢᠶᠡᠷ ᠬᠠᠪᠰᠤᠷᠤᠨ ᠲᠡᠳᠬᠦᠬᠦ ᠵᠡᠷᠭᠡ ᠭᠣᠣᠯᠳᠠᠯᠭ᠎ᠠ ᠪᠣᠯᠬᠤ ᠢᠨᠵᠧᠨᠧᠷᠢᠩ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠡᠨᠡ ᠵᠢᠯ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢ 4000 ᠲᠦᠮᠡᠨ ᠺᠢᠯᠣᠸᠠᠲ ᠰᠢᠨ᠎ᠡ᠎ᠪᠡᠷ ᠨᠡᠮᠡᠭᠳᠡᠭᠦᠯᠦᠨ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠶᠡᠷᠦᠩᠬᠡᠢ ᠬᠡᠪᠴᠢᠶᠡᠵᠢᠯ 1.7 ᠳ᠋ᠦᠩᠰᠢᠭᠤᠷ ᠺᠢᠯᠣᠮᠧᠲᠷ᠎ᠢ ᠳᠠᠪᠠᠭᠤᠯᠬᠤ᠎ᠪᠠᠨ ᠦᠨᠡᠨ ᠬᠦ᠌ ᠪᠠᠲᠤᠯᠠᠵᠤ᠂ ᠤᠯᠤᠰ᠎ᠤᠨ 《ᠬᠣᠣᠰ ᠨᠡᠭᠦᠷᠡᠰᠦᠲᠥ᠋ᠷᠥᠭᠴᠢ》᠎ᠶᠢᠨ ᠬᠠᠷᠠᠯᠲᠠ᠎ᠶᠢ ᠪᠡᠶᠡᠯᠡᠭᠦᠯᠬᠦ᠎ᠳᠦ ᠨᠠᠩ ᠶᠡᠬᠡ ᠬᠦᠴᠦᠨ ᠴᠢᠳᠠᠯ ᠨᠡᠮᠡᠷᠢᠯᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ