ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠡᠴᠡ ᠨᠠᠭᠠᠰᠢ᠂ ᠥᠪᠥᠷ ᠮᠣᠩᠭᠣᠯ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠤᠷᠢᠳ ᠬᠣᠵᠢᠳ ᠣᠯᠠᠨ ᠵᠦᠢᠯ᠎ᠦᠨ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠪᠢᠴᠢᠭ ᠮᠠᠲᠧᠷᠢᠶᠠᠯ᠎ᠢ ᠨᠡᠢᠲᠡᠯᠡᠨ᠂ ᠴᠥᠷᠬᠡᠯᠡᠨ ᠠᠵᠢᠯᠯᠠᠬᠤ᠎ᠶᠢ ᠠᠬᠢᠭᠤᠯᠬᠤ ᠲᠣᠭᠲᠠᠴᠠ᠎ᠶᠢ ᠪᠠᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠶᠡᠬᠡ ᠬᠠᠮᠠᠭᠠᠯᠠᠯᠲᠠ᠂ ᠶᠡᠬᠡ ᠬᠤᠪᠢᠷᠠᠭᠤᠯᠤᠯᠲᠠ᠂ ᠶᠡᠬᠡ ᠴᠡᠭᠴᠡᠯᠡᠨ ᠵᠠᠰᠠᠯᠲᠠ᠎ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠣᠭᠰᠠᠨ ᠪᠠᠢᠨ᠎ᠠ᠃
ᠠᠮᠢ ᠠᠬᠤᠢ᠎ᠶᠢᠨ ᠰᠢᠰᠲᠧᠮ᠎ᠦᠨ ᠬᠠᠮᠠᠭᠠᠯᠠᠯᠲᠠ ᠪᠠ ᠰᠡᠷᠭᠦᠭᠡᠯᠲᠡ᠎ᠶᠢ ᠴᠢᠩᠭᠠᠳᠬᠠᠵᠠᠢ᠃ ᠥᠪᠥᠷ ᠮᠣᠩᠭᠣᠯ ᠬᠠᠲᠤᠨ ᠭᠣᠣᠯ ᠳᠠᠭᠠᠤ ᠠᠢᠮᠠᠭ ᠬᠣᠲᠠ᠎ᠶᠢᠨ 45%᠎ᠶᠢᠨ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠳᠤ ᠣᠷᠣᠭᠤᠯᠵᠤ᠂ ᠭᠣᠣᠯ ᠬᠦᠴᠦᠨ᠎ᠦ ᠬᠣᠰᠢᠭᠤᠴᠢ᠎ᠶᠢᠨ ᠪᠠᠢᠳᠠᠯ ᠪᠠ ᠡᠷᠴᠢ ᠵᠣᠷᠢᠭ᠋᠎ᠢᠶᠠᠷ ᠬᠠᠲᠤᠨ ᠭᠣᠣᠯ᠎ᠤᠨ 《ᠶᠡᠬᠡ ᠲᠣᠬᠣᠢ》᠎ᠶᠢᠨ ᠪᠡᠷᠬᠡ ᠰᠡᠳᠦᠪ᠎ᠢ ᠰᠢᠢᠳᠪᠦᠷᠢᠯᠡᠬᠦ ᠳᠠᠢᠯᠠᠯᠳᠤᠭᠠᠨ ᠡᠬᠢᠯᠡᠭᠦᠯᠵᠦ᠂ ᠨᠡᠶ᠋ᠢᠲᠡ 2535 ᠲᠦᠮᠡᠨ ᠮᠦ᠍ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠭᠠᠳ᠂ ᠬᠠᠲᠤᠨ ᠭᠣᠣᠯ᠎ᠤᠨ ᠬᠣᠶᠠᠷ ᠡᠷᠭᠢ᠎ᠶᠢᠨ 620 ᠺᠢᠯᠣᠮᠧᠲᠷ᠎ᠦᠨ ᠣᠶ ᠰᠢᠭᠤᠢ ᠡᠪᠡᠰᠦ ᠪᠡᠯᠴᠢᠭᠡᠷ᠎ᠦᠨ ᠪᠦᠰᠡ᠎ᠶᠢ ᠪᠦᠭᠦ ᠱᠤᠭᠤᠮ᠎ᠢᠶᠠᠷ ᠨᠡᠪᠲᠡᠷᠡᠭᠦᠯᠬᠦ᠎ᠶᠢ ᠲᠦᠯᠬᠢᠨ ᠠᠬᠢᠭᠤᠯᠵᠤ᠂ ᠡᠯᠡᠰᠦ ᠮᠠᠩᠬᠠᠨ᠎ᠤ ᠥᠷᠭᠡᠵᠢᠬᠦ ᠦᠵᠡᠭᠳᠡᠯ᠎ᠢ ᠶᠡᠷᠦᠩᠬᠡᠢ᠎ᠳᠦ᠎ᠪᠡᠨ ᠬᠣᠷᠢᠭ᠍ᠯᠠᠭᠰᠠᠨ ᠪᠠᠢᠨ᠎ᠠ᠃
ᠬᠠᠲᠤᠨ ᠭᠣᠣᠯ᠎ᠤᠨ ᠰᠠᠪᠠ ᠭᠠᠵᠠᠷ᠎ᠤᠨ ᠣᠷᠴᠢᠨ ᠲᠣᠭᠣᠷᠢᠨᠦ ᠰᠢᠰᠲᠧᠮ᠎ᠲᠠᠢ ᠵᠠᠰᠠᠯᠲᠠ᠎ᠶᠢ ᠴᠢᠩᠭᠠᠳᠬᠠᠪᠠ᠃ ᠥᠪᠥᠷ ᠮᠣᠩᠭᠣᠯ ᠲᠠᠷᠢᠶᠠᠯᠠᠩ᠎ᠤᠨ ᠪᠣᠬᠢᠷᠳᠤᠯ᠂ ᠠᠵᠤ ᠦᠢᠯᠡᠳᠪᠦᠷᠢ᠎ᠶᠢᠨ ᠪᠣᠬᠢᠷᠳᠤᠯ᠂ ᠬᠣᠲᠠ ᠬᠥᠳᠡᠭᠡ᠎ᠶᠢᠨ ᠪᠣᠬᠢᠷᠳᠤᠯ᠎ᠢ ᠰᠡᠷᠭᠡᠢᠯᠡᠨ ᠵᠠᠰᠠᠬᠤ ᠪᠠ ᠠᠭᠤᠷᠬᠠᠢ᠎ᠶᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠴᠡᠭᠴᠡᠯᠡᠨ ᠵᠠᠰᠠᠬᠤ᠎ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ᠎ᠳᠦ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠪᠡ᠃ ᠬᠠᠲᠤᠨ ᠭᠣᠣᠯ᠎ᠤᠨ ᠭᠣᠣᠯ ᠪᠣᠯᠬᠤ ᠤᠷᠤᠰᠬᠠᠯ᠎ᠤᠨ ᠤᠰᠤᠨ᠎ᠤ ᠴᠢᠨᠠᠷ 5 ᠵᠢᠯ ᠳᠠᠷᠠᠭᠠᠯᠠᠨⅡᠲᠥᠷᠥᠯ᠎ᠦᠨ ᠰᠢᠯᠢᠳᠡᠭ ᠬᠢᠷᠢ ᠲᠦᠪᠰᠢᠨ᠎ᠳᠦ ᠲᠣᠭᠲᠠᠪᠤᠷᠢᠵᠢᠵᠤ᠂ 2024 ᠣᠨ᠎ᠤ ᠤᠯᠤᠰ᠎ᠤᠨ ᠭᠠᠵᠠᠷ ᠳᠡᠭᠡᠷᠡᠬᠢ ᠤᠰᠤ᠎ᠶᠢ ᠰᠢᠯᠭᠠᠨ ᠬᠢᠨᠠᠬᠤ ᠣᠭᠲᠣᠯᠣᠭᠠᠰᠤ᠎ᠶᠢᠨⅠ-Ⅲᠲᠥᠷᠥᠯ᠎ᠦᠨ ᠤᠰᠤᠨ᠎ᠤ ᠴᠢᠨᠠᠷ᠎ᠤᠨ ᠣᠭᠲᠣᠯᠣᠭᠠᠰᠤ 77.1%᠎ᠶᠢ ᠡᠵᠡᠯᠡᠵᠦ᠂ 2020 ᠣᠨ᠎ᠤ ᠭᠢ᠎ᠡᠴᠡ 2.1 ᠵᠠᠭᠤᠨ᠎ᠤ ᠴᠡᠭ ᠳᠡᠭᠡᠭᠰᠢᠯᠡᠵᠦ᠂ ᠤᠯᠤᠰ᠎ᠤᠨ ᠭᠠᠵᠠᠷ ᠳᠡᠭᠡᠷᠡᠬᠢ ᠤᠰᠤ᠎ᠶᠢ ᠰᠢᠯᠭᠠᠨ ᠬᠢᠨᠠᠬᠤ ᠣᠭᠲᠣᠯᠣᠭᠠᠰᠤ᠎ᠶᠢᠨ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠭᠦᠷᠦᠭᠰᠡᠨ ᠨᠣᠷᠮ᠎ᠠ 100% ᠪᠣᠯᠪᠠ᠃
ᠪᠣᠬᠢᠷᠳᠤᠯ ᠦᠭᠡᠢ᠎ᠪᠡᠷ ᠭᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠶᠢ ᠠᠬᠢᠭᠤᠯᠪᠠ᠃ ᠥᠪᠥᠷ ᠮᠣᠩᠭᠣᠯ ᠤᠯᠤᠰ᠎ᠤᠨ ᠴᠢᠬᠤᠯᠠ ᠡᠨ᠋ᠸᠷᠬᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ᠂ ᠬᠥᠪᠴᠢ᠎ᠶᠢᠨ ᠳᠤᠮᠳᠠ ᠬᠣᠢᠲᠤ ᠬᠡᠰᠡᠭ ᠵᠡᠷᠭᠡ ᠡᠯᠡᠰᠦᠨ ᠴᠥᠯ ᠭᠣᠪᠢ ᠴᠥᠯᠡᠷᠬᠡᠭ ᠣᠷᠣᠨ᠎ᠤ 6 ᠲᠣᠮᠣ᠌ ᠰᠠᠭᠤᠷᠢᠨ ᠭᠠᠵᠠᠷ᠎ᠲᠤ ᠰᠢᠨ᠎ᠡ ᠡᠨ᠋ᠸᠷᠬᠢ᠎ᠶᠢ ᠲᠥᠪᠯᠡᠷᠡᠭᠦᠯᠦᠨ ᠨᠡᠬᠡᠬᠡᠨ ᠬᠥᠭᠵᠢᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠲᠠᠬᠢ ᠰᠢᠨ᠎ᠡ ᠡᠨ᠋ᠸᠷᠬᠢ᠎ᠶᠢᠨ ᠮᠠᠰᠢᠨ ᠴᠣᠭᠴᠠᠯᠠᠪᠤᠷᠢ ᠨᠡᠢ᠍ᠢᠳᠡ 8730 ᠲᠦᠮᠡᠨ ᠺᠢᠯᠣᠸᠠᠲ᠎ᠲᠤ ᠬᠦᠷᠴᠦ᠂ ᠰᠠᠯᠬᠢ ᠭᠡᠷᠡᠯ ᠤᠰᠤᠳᠦ᠋ᠷᠦᠭᠴᠢ ᠨᠦᠬᠡᠴᠡ᠎ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ᠎ᠤᠨ ᠬᠡᠯᠬᠢᠶ᠎ᠡ᠎ᠶᠢ ᠦᠨᠳᠦᠰᠦᠨ ᠳ᠋ᠤ ᠪᠠᠨ ᠪᠦᠷᠢᠯᠳᠦᠭᠦᠯᠪᠡ᠃ ᠪᠠᠶᠠᠨᠨᠠᠭᠤᠷ ᠬᠣᠲᠠ ᠤᠯᠤᠰ᠎ᠤᠨ ᠪᠦᠬᠦᠯᠢ ᠤᠰᠤᠯᠠᠯᠲᠠ᠎ᠶᠢᠨ ᠣᠷᠣᠨ᠎ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠲᠤᠷᠰᠢᠯᠲᠠ᠎ᠶᠢᠨ ᠴᠡᠭ᠎ᠢᠶᠡᠷ ᠰᠣᠩᠭᠣᠭᠳᠠᠪᠠ᠃ ᠣᠷᠳᠣᠰ ᠬᠣᠲᠠ᠎ᠶᠢᠨ ᠣᠲᠣ᠌ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠪᠤᠭᠤᠲᠤ ᠬᠣᠲᠠ᠎ᠶᠢᠨ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ ᠨᠢ ᠤᠯᠤᠰ᠎ᠤᠨ ᠲᠠᠰ᠎ᠤᠨ ᠲᠡᠷᠢᠭᠦᠨ᠎ᠦ ᠦᠢᠯᠡᠳᠬᠦ ᠦᠢᠯᠡᠰ᠎ᠦᠨ ᠪᠦᠯᠦᠭᠵᠢᠯ᠎ᠳᠦ ᠰᠣᠩᠭᠣᠭᠳᠠᠨ ᠣᠷᠣᠵᠤ᠂ ᠭᠦᠭᠡᠬᠣᠲᠠ᠂ ᠤᠯᠠᠭᠠᠨᠴᠠᠪ ᠬᠣᠲᠠ᠎ᠶᠢᠨ ᠪᠤᠳᠤᠬᠤ ᠴᠢᠳᠠᠪᠤᠷᠢ᠎ᠶᠢᠨ ᠬᠡᠪᠴᠢᠶ᠎ᠡ ᠨᠢ ᠪᠠᠷᠤᠭ 21 ᠲᠦᠮᠡᠨ P᠎ᠳᠤ ᠭᠦᠷᠪᠡ᠃ ᠬᠠᠲᠤᠨ ᠭᠣᠣᠯ᠎ᠤᠨ ᠰᠣᠶᠣᠯ᠎ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠵᠤ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠲᠦᠭᠡᠨ ᠪᠠᠢᠭᠤᠯᠵᠤ᠂ ᠯᠣᠣ ᠨᠢᠦ ᠸᠠᠨ᠎ᠤ ᠬᠠᠲᠤᠨ ᠭᠣᠣᠯ᠎ᠤᠨ ᠶᠡᠬᠡ ᠬᠠᠪᠴᠢᠯ᠎ᠤᠨ 5A ᠳᠡᠰ᠎ᠤᠨ ᠦᠵᠡᠮᠵᠢ᠎ᠶᠢᠨ ᠣᠷᠣᠨ᠎ᠢ ᠠᠮᠵᠢᠯᠲᠠ᠎ᠲᠠᠢ ᠡᠭᠦᠳᠦᠨ ᠪᠠᠶ᠋ᠢᠭᠤᠯᠬᠤ᠎ᠶᠢ ᠠᠬᠢᠭᠤᠯᠪᠠ᠃