ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ
ᠨᠡᠶ᠋ᠢᠲᠡᠯᠡᠭᠰᠡᠨ ᠴᠠᠭ᠄ 2025-11-14

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ 

ᠡᠨᠡ ᠤᠳᠠᠭᠠᠨ᠎ᠤ ᠨᠡᠢᠲᠡᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ ᠨᠢ ᠲᠣᠰ ᠲᠣᠰ᠄ ᠲᠦᠮᠡᠳ ᠵᠡᠭᠦᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠵᠣᠣ ᠤᠯᠤᠰ᠎ᠤᠨ ᠬᠣᠢᠲᠤ ᠤᠷᠲᠤ ᠴᠠᠭᠠᠨ ᠬᠡᠷᠡᠮ᠎ᠦᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠰᠢᠨ᠎ᠡ ᠬᠣᠲᠠ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠳᠠ ᠶᠣᠣ᠎ᠶᠢᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠰᠠᠢᠬᠠᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠴᠢᠶᠠᠨ ᠲᠦᠩ ᠴᠢᠦᠢ ᠰᠤᠪᠠᠭ᠂ ᠶᠦᠩ ᠹᠧᠩ ᠴᠢᠦᠢ ᠰᠤᠪᠠᠭ᠎ᠤᠨ ᠤᠰᠤᠨ ᠠᠰᠢᠭ᠍ᠯᠠᠯᠲᠠ᠎ᠶᠢᠨ ᠪᠡᠯᠡᠳᠬᠡᠮᠵᠢ᠎ᠶᠢᠨ ᠲᠡᠦᠬᠡ ᠰᠣᠶᠣᠯ᠎ᠤᠨ ᠳᠤᠷᠠᠰᠬᠠᠯᠲᠤ ᠵᠦᠢᠯᠡᠰ᠎ᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠮᠠᠨᠵᠤᠤᠷ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠠᠩᠰᠠ ᠡᠪᠬᠡᠮᠡᠯ᠎ᠢ ᠪᠦᠬᠦ ᠲᠠᠯ᠎ᠠ᠎ᠪᠠᠷ ᠢᠯᠡ ᠪᠣᠯᠭᠠᠬᠤ᠎ᠪᠠᠷ ᠰᠢᠮᠳᠠᠭᠤᠯᠤᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠠᠯᠲᠠᠨ ᠤᠯᠤᠰ᠎ᠤᠨ ᠰᠡᠷᠭᠡᠢᠯᠡᠯᠲᠡ᠎ᠶᠢᠨ ᠰᠤᠪᠠᠭ᠎ᠤᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠹᠸᠩᠵᠸᠨ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠮᠢᠩ ᠤᠯᠤᠰ᠎ᠤᠨ ᠤᠷᠲᠤ ᠴᠠᠭᠠᠨ ᠬᠡᠷᠡᠮ᠎ᠦᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠶᠤᠸᠠᠨ ᠤᠯᠤᠰ᠎ᠤᠨ ᠦᠶ᠎ᠡ᠎ᠶᠢᠨ ᠵᠢᠨᠢᠩ ᠵᠠᠮ᠎ᠤᠨ ᠡᠷᠲᠡᠨ᠎ᠦ ᠬᠣᠲᠠ᠎ᠶᠢᠨ ᠪᠠᠭᠤᠷᠢ᠂ ᠴᠠᠬᠠᠷ᠎ᠤᠨ ᠦᠨᠳᠦᠰᠦᠲᠡᠨ᠎ᠦ ᠰᠣᠶᠣᠯ᠎ᠤᠨ ᠠᠴᠢᠶᠠᠯᠠᠪᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠳᠥᠷᠪᠡᠳ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠹᠦ ᠮᠢᠩ ᠵᠧᠨ ᠪᠠᠯᠭᠠᠰᠤᠨ᠎ᠤ ᠬᠠᠭᠤᠴᠢᠨ ᠬᠣᠲᠠ᠎ᠶᠢᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠤ ᠬᠦᠷᠢᠶᠡᠯᠡᠩ᠎ᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ᠂ ᠵᠢᠨᠢᠩ᠎ᠦᠨ ᠲᠡᠮᠦᠷ ᠵᠠᠮ᠎ᠤᠨ ᠲᠡᠭᠡᠭᠡᠪᠦᠷᠢ᠎ᠶᠢᠨ ᠪᠠᠢᠴᠠᠭᠠᠬᠤ ᠬᠣᠷᠢᠶ᠎ᠠ᠎ᠠᠴᠠ ᠵᠦᠸᠧ ᠽᠢ ᠱᠠᠨ ᠪᠠᠯᠭᠠᠰᠤᠨ᠎ᠤ ᠲᠡᠷᠭᠡᠨ ᠥᠷᠲᠡᠭᠡᠨ᠎ᠦ ᠬᠠᠭᠤᠴᠢᠨ ᠪᠠᠭᠤᠷᠢ᠎ᠶᠢ ᠰᠢᠮᠳᠠᠭᠤᠯᠤᠨ ᠬᠠᠮᠠᠭᠠᠯᠠᠭᠰᠠᠨ ᠵᠠᠰᠠᠭ ᠵᠠᠬᠢᠷᠭᠠᠨ᠎ᠤ ᠨᠡᠢᠲᠡ᠎ᠶᠢᠨ ᠠᠰᠠᠷᠠᠮᠵᠢᠲᠤ ᠵᠠᠷᠭᠤ᠎ᠶᠢᠨ ᠬᠡᠷᠡᠭ ᠪᠣᠯᠣᠨ᠎ᠠ᠃ 

ᠣᠢᠯᠠᠭᠠᠭᠰᠠᠨ᠎ᠢᠶᠠᠷ᠂ ᠡᠨᠡ ᠬᠦ᠌ ᠪᠦᠯᠦᠭ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠪᠣᠯ ᠡᠯ᠎ᠡ ᠠᠢᠮᠠᠭ ᠬᠣᠲᠠ᠎ᠶᠢᠨ ᠪᠠᠢᠴᠠᠭᠠᠬᠤ ᠬᠣᠷᠢᠶ᠎ᠠ᠎ᠠᠴᠠ ᠲᠠᠨᠢᠯᠴᠠᠭᠤᠯᠤᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠠᠴᠠ ᠴᠢᠩᠭ᠎ᠠ ᠰᠢᠯᠢᠨ ᠰᠣᠩᠭᠣᠬᠤ᠎ᠪᠠᠷ ᠳᠠᠮᠵᠢᠭᠤᠯᠵᠤ ᠮᠡᠳᠡᠭᠦᠯᠦᠭᠰᠡᠨ 45 ᠬᠡᠷᠡᠭ᠎ᠦᠨ ᠵᠢᠱ᠌ᠢᠶ᠎ᠡ᠎ᠡᠴᠡ ᠰᠢᠯᠭᠠᠷᠠᠭᠤᠯᠤᠨ ᠭᠠᠷᠭᠠᠭᠰᠠᠨ ᠶᠤᠮ᠃ ᠬᠡᠷᠡᠭ᠎ᠦᠨ ᠵᠢᠱ᠌ᠢᠶ᠎ᠡ ᠨᠢ ᠲᠡᠦᠬᠡ᠎ᠶᠢᠨ ᠳᠤᠷᠠᠰᠬᠠᠯᠲᠤ ᠵᠦᠢᠯᠡᠰ ᠪᠠ ᠰᠣᠶᠣᠯ᠎ᠤᠨ ᠥᠪ᠎ᠦᠨ ᠬᠠᠮᠠᠭᠠᠯᠠᠯᠲᠠ᠂ ᠤᠷᠳᠤ ᠴᠠᠭᠠᠨ ᠬᠡᠷᠡᠮ᠎ᠦᠨ ᠬᠠᠮᠠᠭᠠᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠵᠡᠷᠭᠡ ᠰᠣᠶᠣᠯ᠎ᠤᠨ ᠢᠯᠡᠳᠬᠡᠮᠵᠢ ᠲᠡᠮᠳᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠣᠷᠣᠨ᠎ᠤ ᠪᠠᠢᠴᠠᠭᠠᠬᠤ ᠪᠠᠢᠭᠤᠯᠭ᠎ᠠ᠎ᠶᠢᠨ 《ᠴᠢᠨᠠᠷ ᠰᠠᠢᠲᠠᠢ ᠦᠷ᠎ᠡ ᠪᠦᠲᠦᠮᠵᠢᠲᠡᠢ᠎ᠪᠡᠷ ᠬᠡᠷᠡᠭ ᠨᠢᠭᠡ ᠪᠦᠷᠢ᠎ᠶᠢ ᠰᠠᠢᠲᠤᠷ ᠭᠦᠢᠴᠡᠳᠬᠡᠵᠦ》 ᠪᠠᠢᠭᠠᠳ ᠤᠮᠠᠷᠠᠲᠤ ᠬᠢᠵᠠᠭᠠᠷ᠎ᠤᠨ ᠰᠣᠶᠣᠯ᠎ᠢ ᠳᠡᠯᠭᠡᠷᠡᠭᠦᠯᠵᠦ ᠪᠠᠳᠠᠷᠠᠭᠤᠯᠵᠤ ᠪᠠᠢᠭ᠎ᠠ ᠪᠠᠢᠴᠠᠭᠠᠬᠤ ᠪᠠᠢᠭᠤᠯᠭ᠎ᠠ᠎ᠶᠢᠨ ᠬᠢᠨ᠎ᠦ ᠦᠢᠯᠡᠳᠦᠯᠭᠡ᠎ᠶᠢ ᠠᠮᠢᠳᠤᠯᠢᠭ᠋᠎ᠢᠶᠠᠷ ᠬᠠᠷᠠᠭᠤᠯᠵᠠᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ